︽ᠬᠢᠵᠢᠭ︾ ᠤᠨ ᠳᠠᠶᠢᠯᠠᠯᠳᠤᠭᠠᠨ ᠳᠤ ᠭᠠᠷᠮᠠᠭᠠᠶᠢᠯᠠᠨ ᠣᠷᠣᠯᠴᠠᠵᠤ᠂ ᠰᠠᠶᠢᠨ ᠳᠤᠷ᠎ᠠ ᠠᠴᠠ ᠪᠠᠨ ᠤᠷᠢᠲᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ ᠳᠤᠷ᠎ᠠ ᠶᠢᠨ ᠤᠶᠢᠯᠡᠴᠢᠯᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/11/2
  ᠤᠯᠠᠨ ᠲᠦᠮᠡᠨ ᠬᠠᠮᠢᠭ᠎ᠠ ᠪᠠᠶᠢᠪᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠲᠡᠨᠳᠡ ᠬᠦᠷᠲᠡᠯ᠎ᠡ ᠦᠷᠭᠦᠯᠵᠢᠯᠡᠬᠦ ᠪᠣᠯᠤᠨ᠎ᠠ︔ ᠪᠣᠯᠪᠠᠰᠤᠨ ᠦᠢᠯᠡᠳᠦᠯᠭᠡ ᠶᠢᠨ ᠦᠷᠳᠡᠭᠡ ᠬᠠᠮᠢᠭ᠎ᠠ ᠪᠠᠶᠢᠪᠠᠯ ᠰᠠᠶᠢᠨ ᠳᠤᠷ᠎ᠠ ᠶᠢᠨ ᠦᠢᠯᠡᠴᠢᠯᠡᠭᠡ ᠶᠢ ᠲᠡᠨᠳᠡ ᠥᠷᠨᠢᠭᠦᠯᠦᠨ᠎ᠡ᠃ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠵᠦᠸᠧᠽᠢ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠥᠪ ᠪᠣᠯᠤᠨ ᠡᠪᠯᠡᠯ ᠤᠨ ᠰᠢᠶᠠᠨ ᠤ ᠬᠤᠷᠢᠶ᠎ᠠ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ︽ᠵᠦᠸᠧᠽᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠦᠶ᠋ᠯᠡᠴᠢᠯᠡᠭᠡᠨ ᠤ ᠰᠠᠶᠢᠨ ᠲᠤᠷᠠᠴᠤᠳ ᠤᠨ ᠡᠯᠰᠡᠯᠲᠡ︾ ᠶᠢᠨ ᠰᠠᠨᠠᠭᠠᠴᠢᠯᠠᠭ᠎ᠠ ᠶᠢᠨ ᠪᠢᠴᠢᠭ ᠢ ᠬᠠᠮᠲᠤᠷᠠᠨ ᠨᠡᠶᠢᠲᠡᠯᠡᠵᠦ᠂ ᠠᠷᠠᠳ ᠣᠯᠠᠨ᠂ ᠨᠡᠶᠢᠭᠡᠮ ᠤᠨ ᠬᠦᠴᠦᠨ ᠢ ᠢᠳᠡᠪᠬᠢᠲᠡᠶ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠪᠠᠷ ᠬᠢᠵᠢᠭ ᠲᠠᠢ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ᠃    ᠣᠶᠢᠷ᠎ᠠ ᠶᠢᠨ ᠡᠳᠦᠷ ᠤᠳ ᠲᠤ᠂ ᠪᠥᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠭᠠᠵᠠᠷ ︵ᠥᠷᠲᠡᠭᠡ︶᠂ ᠡᠯ᠎ᠡ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶ᠋ᠯᠡᠳᠦᠯ᠂ ᠠᠵᠢᠯᠯᠠᠭᠠᠨ ᠤ ᠬᠤᠷᠳᠤᠴᠠ ᠶᠢ ᠭᠦᠶ᠋ᠴᠡᠳ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠪᠠ᠃ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠳᠤ᠂ ᠰᠠᠶᠢᠨ ᠳᠤᠷᠠᠴᠤᠳ ᠡᠯ᠎ᠡ ᠥᠯᠢᠭᠡᠷ ᠠᠪᠬᠤ ᠴᠡᠭ ᠲᠤ ᠬᠦᠷᠴᠦ ᠲᠤᠬᠠᠶ ᠶᠢᠨ ᠲᠠᠯᠠᠪᠠᠶ ᠶᠢᠨ ᠬᠥᠮᠦᠰ ᠢ ᠳᠡᠩᠰᠡᠯᠡᠨ ᠲᠡᠮᠳᠡᠭᠯᠡᠬᠦ᠂ ᠰᠢᠯᠭᠠᠨ ᠪᠠᠶᠢᠴᠠᠭᠠᠬᠤ ᠡᠮᠬᠢ ᠵᠢᠷᠤᠮ ᠢ ᠬᠠᠮᠠᠭᠠᠯᠠᠬᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ ᠬᠥᠮᠦᠰ ᠢ ᠬᠠᠪᠰᠤᠷᠤᠨ ᠥᠯᠢᠭᠡᠷ ᠠᠪᠴᠤ ᠰᠢᠯᠭᠠᠨ ᠪᠠᠶᠢᠴᠠᠭᠠᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ ᠲᠠᠳᠠ ᠬᠤᠲᠠ ᠪᠠᠯᠭᠠᠰᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠵᠠᠮ ᠤᠨ ᠠᠭᠤᠯᠵᠠᠷ ᠵᠡᠷᠭᠡ ᠡᠯ᠎ᠡ ᠭᠠᠵᠠᠷ ᠢᠶᠠᠷ ᠶᠠᠪᠤᠵᠤ᠂ ᠬᠠᠮᠤᠭ ᠤᠨ ᠭᠤᠶᠣ ︽ᠰᠠᠶᠢᠨ ᠳᠤᠷ᠎ᠠ ᠶᠢᠨ ᠤᠯᠠᠭᠠᠨ︾ ᠨᠢ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠪᠥᠭᠡᠳ ᠬᠥᠮᠦᠨ ᠪᠦᠬᠦᠨ ᠤ ᠰᠡᠳᠬᠢᠯ ᠢ ᠳᠤᠯᠠᠭᠠᠴᠠᠭᠤᠯᠵᠤ ᠪᠠᠶᠢᠨ᠎ᠠ᠃    ᠰᠠᠶᠢᠨ ᠳᠤᠷ᠎ᠠ ᠶᠢᠨ ᠠᠵᠢᠯᠯᠠᠭᠴᠢ ᠸᠠᠩ ᠶᠠᠨ ᠬᠡᠯᠡᠬᠦ ᠳᠡᠭᠡᠨ᠂ ᠣᠲᠣ ᠪᠣᠯ ᠬᠢᠵᠢᠭ ᠤᠨ ᠪᠠᠶᠢᠳᠠᠯ ᠣᠨᠴᠠᠭᠠᠶ ᠴᠠᠭ ᠦᠶ᠎ᠡ ᠮᠥᠨ᠂ ᠨᠡᠶᠢᠭᠡᠮ ᠲᠣᠭᠤᠷᠢᠭ ᠠᠴᠠ ᠰᠠᠶᠢᠨ ᠳᠤᠷ᠎ᠠ ᠶᠢᠨ ᠠᠵᠢᠯᠯᠠᠭᠴᠢ ᠡᠯᠰᠡᠵᠦ ᠪᠠᠶᠢᠬᠤ ᠶᠢ ᠰᠣᠨᠣᠰᠤᠭᠠᠳ᠂ ᠬᠠᠮᠲᠤ ᠨᠥᠬᠦᠳ ᠲᠠᠢ ᠪᠠᠨ ᠲᠡᠷᠡ ᠳᠠᠷᠤᠶ ᠳᠤᠨᠢ ᠨᠡᠷ᠎ᠡ ᠮᠡᠳᠡᠭᠦᠯᠦᠨ ᠣᠷᠣᠯᠴᠠᠵᠤ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ ᠶᠢ ᠬᠠᠷᠢᠭᠤᠴᠠᠵᠠᠶ᠂ ᠬᠡᠳᠦ᠋ᠢᠪᠡᠷ ᠬᠢᠭᠰᠡᠨ ᠠᠵᠢᠯ ᠨᠢ ᠴᠥᠮ ᠶᠠᠯᠢᠮ ᠥᠬᠡᠶ ᠪᠠᠭ᠎ᠠ ᠶᠠᠪᠤᠳᠠᠯ ᠪᠣᠯᠪᠠᠴᠤ᠂ ᠡᠨᠡ ᠨᠢ ᠡᠮᠨᠡᠯᠭᠡ ᠶᠢᠨ ᠠᠵᠢᠯᠲᠠᠨ ᠤ ᠵᠣᠬᠢᠬᠤ ᠠᠵᠢᠯ ᠤᠨ ᠳᠠᠷᠤᠯᠲᠠ ᠶᠢ ᠬᠥᠩᠭᠡᠷᠡᠭᠦᠯᠵᠦ᠂ ᠨᠤᠲᠤᠭ ᠤᠰᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠴᠤ ᠨᠢᠭᠡ ᠬᠤᠪᠢ ᠬᠦᠴᠦᠨ ᠨᠡᠮᠡᠷᠢᠯᠡᠵᠦ ᠴᠢᠳᠠᠨ᠎ᠠ ᠭᠡᠪᠡ᠃
   ᠡᠨᠡᠬᠦ ᠲᠡᠷᠢ ᠶᠢᠨ ᠣᠲᠤᠭ᠎ᠠ ᠥᠬᠡᠶ ᠲᠡᠶᠢᠨ ᠤ ︽ᠬᠢᠵᠢᠭ︾ ᠳᠤ᠂ ᠰᠠᠶᠢᠨ ᠳᠤᠷᠠᠴᠤᠳ ᠰᠥᠨᠢᠵᠢᠨ ᠠᠵᠢᠯᠯᠠᠵᠤ ᠂ ᠡᠳᠦᠷ ᠰᠥᠨᠢ ᠥᠬᠡᠶ ᠡᠯ᠎ᠡ ᠥᠯᠢᠭᠡᠷ ᠠᠪᠬᠤ ᠴᠡᠭ ᠲᠤ ᠡᠭᠡᠯᠵᠢᠯᠡᠨ ᠲᠠᠷᠬᠠᠵᠤ᠂ ᠡᠮᠦᠨ᠎ᠡ ᠹᠷᠣᠨᠲ ᠤᠨ ᠡᠮᠴᠢᠯᠡᠭᠡᠨ ᠤ ᠠᠵᠢᠯᠲᠠᠳ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠮᠥᠷᠥ ᠵᠡᠷᠭᠡᠴᠡᠨ ᠪᠠᠶᠢᠯᠳᠤᠵᠤ᠂ ᠥᠷᠭᠡᠨ ᠣᠯᠠᠨ ᠲᠦᠮᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠰᠠᠬᠢᠨ ᠬᠠᠮᠠᠭᠠᠯᠠᠵᠤ ᠪᠣᠶ᠃ ᠲᠡᠳᠡᠨ ᠤ ᠶᠠᠭᠠᠷᠠᠯᠲᠠᠶ ᠠᠵᠢᠯᠯᠠᠵᠤ ᠪᠠᠶᠢᠭ᠎ᠠ ᠪᠠᠷ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠬᠠᠮᠤᠭ ᠤᠨ ᠭᠤᠶᠣ ᠰᠠᠶᠢᠬᠠᠨ ︽ᠦᠵᠡᠮᠵᠢ ᠶᠢᠨ ᠣᠷᠣᠨ︾ ᠪᠣᠯᠤᠨ᠎ᠠ᠂ ᠲᠠᠳᠠ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠵᠣᠷᠢᠭ ᠰᠠᠨᠠᠭᠠᠨ ᠤ ᠠᠭᠤᠯᠤᠭᠳᠠᠬᠤᠨ ᠪᠣᠯᠤᠨ ᠡᠮᠦᠨ᠎ᠡ ᠨᠢ ᠭᠠᠪᠰᠢᠭᠠᠶᠢᠯᠠᠵᠤ᠂ ᠵᠣᠷᠢᠭᠲᠠᠶ ᠪᠠᠷ ᠬᠤᠪᠢ ᠨᠡᠮᠡᠷᠢ ᠦᠵᠡᠭᠦᠯᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠲᠠᠶᠢᠯᠪᠤᠷᠢᠯᠠᠵᠠᠶ᠃    ᠡᠭᠦᠨ ᠤ ᠬᠠᠮᠲᠤ᠂ ᠵᠦᠸᠧᠽᠢ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠥᠪ᠂ ᠡᠪᠯᠡᠯ ᠤᠨ ᠰᠢᠶᠠᠨ ᠤ ᠬᠤᠷᠢᠶ᠎ᠠ ᠬᠠᠮᠲᠤᠷᠠᠨ ᠰᠠᠨᠠᠭᠠᠴᠢᠯᠠᠭ᠎ᠠ ᠭᠠᠷᠭᠠᠵᠤ᠂ ᠪᠥᠬᠦ ᠰᠢᠶᠠᠨ ᠤ ᠥᠷᠭᠡᠨ ᠣᠯᠠᠨ ᠰᠠᠶᠢᠨ ᠳᠤᠷᠠᠴᠤᠳ ᠪᠣᠯᠤᠨ ᠡᠯ᠎ᠡ ᠲᠥᠷᠥᠯ ᠤᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠬᠤ ᠶᠢ ᠤᠷᠢᠶᠠᠯᠠᠪᠠ᠃ ᠣᠳᠣᠬᠠᠨ ᠪᠣᠯᠲᠠᠯ᠎ᠠ᠂ ᠪᠥᠬᠦ ᠰᠢᠶᠠᠨ ᠤ 120 ᠭᠠᠷᠤᠶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠭᠠᠵᠠᠷ ︵ᠥᠷᠲᠡᠭᠡ︶ ᠨᠢ ᠨᠡᠶᠢᠲᠡ 194 ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ 2000 ᠭᠠᠷᠤᠶ ᠰᠠᠶᠢᠨ ᠳᠤᠷᠠᠴᠤᠳ ᠰᠠᠭᠤᠭᠠᠯᠢ ᠲᠣᠭᠤᠷᠢᠭ᠂ ᠰᠢᠶᠠᠩ ᠪᠠᠯᠭᠠᠰᠤ᠂ ᠲᠣᠰᠬᠤᠨ ᠤ ᠣᠷᠣᠵᠤ ᠭᠠᠷᠬᠤ ᠭᠠᠵᠠᠷ᠂ ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠡᠯ᠎ᠡ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠡᠭ᠂ ᠸᠠᠺᠼᠢᠨ ᠤ ᠲᠠᠷᠢᠯᠭ᠎ᠠ ᠬᠢᠬᠦ ᠴᠡᠭ ᠵᠡᠷᠭᠡ ᠬᠥᠮᠦᠨ ᠬᠠᠷ᠎ᠠ ᠲᠥᠪᠯᠡᠷᠡᠭᠰᠡᠨ ᠣᠷᠣᠨ ᠳᠤ ᠮᠡᠳᠡᠭᠡ ᠵᠠᠩᠭᠢ ᠣᠷᠣᠭᠤᠯᠬᠤ᠂ ᠪᠠᠶᠢᠴᠠᠭᠠᠵᠤ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠬᠥᠮᠦᠰ ᠢ ᠵᠢᠭᠰᠠᠭᠠᠨ ᠪᠠᠶᠢᠴᠠᠭᠠᠬᠤ᠂ ᠪᠠᠺᠲ᠋ᠧᠷᠢ ᠠᠯᠠᠵᠤ ᠠᠷᠢᠭᠤᠳᠬᠠᠬᠤ᠂ ᠲᠠᠯᠠᠪᠤᠷ ᠭᠠᠵᠠᠷ ᠢ ᠪᠠᠶᠢᠷᠢᠯᠠᠭᠤᠯᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠺᠠᠳ᠋ᠷ ᠯᠢ ᠰᠢᠶᠤᠤ ᠯᠧ᠂ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠤᠨ ᠡᠮᠦᠨ᠎ᠡ᠂ ᠵᠦᠸᠧᠽᠢ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠤᠳᠤᠯᠭ᠎ᠠ ᠶᠢ ᠡᠷᠡᠰ ᠲᠤᠭᠤᠰᠢᠯᠠᠭᠤᠯᠵᠤ᠂ ᠰᠠᠶᠢᠨ ᠳᠤᠷᠠᠴᠤᠳ ᠢ ᠡᠯᠰᠡᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠳᠤ ᠦᠨᠳᠦᠰᠦᠯᠡᠬᠦ᠂ ᠤᠯᠠᠨ ᠲᠦᠮᠡᠨ ᠲᠠᠢ ᠣᠶᠢᠷᠠᠲᠤᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠬᠠᠭᠤᠯᠭ᠎ᠠ ᠬᠥᠮᠦᠵᠢᠯ᠂ ᠵᠣᠬᠢᠶᠠᠨ ᠪᠠᠶᠢᠭᠤᠯᠵᠤ ᠦᠢᠯᠡᠴᠢᠯᠡᠬᠦ᠂ ᠰᠣᠶᠣᠯ ᠢᠷᠭᠡᠨᠰᠢᠯ ᠢ ᠬᠠᠯᠠᠮᠵᠢᠯᠠᠬᠤ ᠵᠡᠷᠭᠡ ᠴᠢᠳᠠᠮᠵᠢ ᠶᠢᠨ ᠦᠢᠯᠡᠳᠦᠯ ᠢᠶᠠᠨ ᠬᠦᠴᠦᠯᠡᠨ ᠪᠠᠳᠠᠷᠠᠭᠤᠯᠵᠤ᠂ ᠬᠢᠵᠢᠭ ᠢ ᠰᠡᠷᠭᠡᠶᠢᠯᠡᠬᠦ ᠬᠦᠴᠦᠷᠬᠡᠭ ᠶᠡᠭᠡ ᠢᠳᠡᠪᠬᠢ ᠬᠦᠴᠦᠨ ᠢ ᠦᠨᠡᠨ ᠬᠦ ᠨᠢᠭᠲᠠᠷᠠᠭᠤᠯᠪᠠ᠃           ᠤᠷᠴᠢᠭᠤᠯᠤᠭᠴᠢ  ᠨᠠᠶᠢᠷᠠᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2