ᠵᠦᠸᠧᠽᠢ ᠰᠢᠶᠠᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢ ︽ᠴᠢᠩᠭᠠᠳᠬᠠᠬᠤ︾ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 27 ᠤ ᠡᠳᠦᠷ᠂ ᠵᠦᠸᠧᠽᠢ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ︽ᠴᠢᠩᠭᠠᠳᠬᠠᠬᠤ︾ ᠠᠵᠢᠯ ᠢ ᠵᠢᠩᠬᠢᠨᠢ ᠪᠠᠷ ᠡᠬᠢᠯᠡᠭᠦᠯᠵᠦ᠂ ᠪᠦᠬᠦ ᠶᠠᠪᠤᠴᠠ ᠳᠤ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠬᠢᠭᠡᠳ ᠪᠦᠬᠦᠯᠢ 6 ᠰᠠᠷ᠎ᠠ ᠪᠣᠯᠵᠤ ᠪᠠᠶᠢᠭ᠎ᠠ ᠪᠦᠬᠦᠯᠢ 18 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠰ ᠲᠤ ᠲᠠᠷᠢᠯᠭ᠎ᠠ ᠶᠢ ᠴᠢᠩᠭᠠᠳᠬᠠᠬᠤ ᠲᠠᠷᠢᠯᠭ᠎ᠠ ᠬᠢᠪᠡ᠃ ᠣᠳᠣᠬᠠᠨ ᠳᠤ ᠲᠠᠷᠢᠯᠭ᠎ᠠ ᠬᠢᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠠᠭᠢᠵᠤ ᠪᠠᠶᠢᠨ᠎ᠠ᠃
   ᠰᠢᠶᠠᠨ ᠤ ᠬᠤᠶ ᠮᠢᠨ ᠶᠤᠸᠠᠨ ᠸᠠᠺᠼᠢᠨ ᠤ ᠲᠠᠷᠢᠯᠭ᠎ᠠ ᠶᠢᠨ ᠴᠡᠭ ᠲᠤ᠂ ᠰᠠᠭᠤᠭᠠᠯᠢ ᠠᠷᠠᠳ ᠵᠠᠯᠭᠠᠭ᠎ᠠ ᠪᠠᠷ ᠢᠷᠡᠵᠦ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠬᠢᠪᠡ᠃ ᠲᠠᠷᠢᠯᠭ᠎ᠠ ᠬᠢᠬᠦ ᠬᠥᠮᠦᠰ ᠪᠦᠬᠦ ᠶᠠᠪᠤᠴᠠ ᠳᠤ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠢᠶᠠᠨ ᠪᠠᠶᠢᠴᠠᠭᠠᠨ ᠰᠢᠯᠭᠠᠵᠤ᠂ ᠪᠡᠶ᠎ᠡ ᠶᠢᠨ ᠬᠠᠯᠠᠭᠤᠨ ᠢᠶᠠᠨ ᠬᠡᠮᠵᠢᠭᠰᠡᠨ ᠤ ᠳᠠᠷᠠᠭ᠎ᠠ ᠳᠠᠷᠠᠭᠠᠯᠠᠨ ᠣᠷᠣᠬᠤ ᠶᠢᠨ ᠬᠠᠮᠲᠤ ᠡᠮᠴᠢ ᠰᠤᠪᠢᠯᠠᠭᠴᠢ ᠶᠢᠨ ᠯᠠᠪᠯᠠᠨ ᠠᠰᠠᠭᠤᠬᠤ ᠶᠢ ᠬᠦᠯᠢᠶᠡᠵᠦ᠂ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠦᠰᠦᠭ ᠵᠢᠷᠤᠨ᠎ᠠ᠃ ᠡᠮᠴᠢ ᠰᠤᠪᠢᠯᠠᠭᠴᠢ ᠨᠠᠷ ᠲᠠᠷᠢᠯᠭ᠎ᠠ ᠬᠢᠬᠦ ᠬᠠᠮᠢᠶ᠎ᠠ ᠪᠦᠬᠦᠢ ᠠᠩᠬᠠᠷᠬᠤ ᠵᠦᠶ᠋ᠯᠡᠰ ᠢ ᠨᠠᠷᠢᠨ ᠨᠢᠮᠪᠠᠶ ᠲᠠᠶᠢᠯᠪᠤᠷᠢᠯᠠᠵᠤ᠂ ᠬᠥᠮᠦᠨ ᠨᠢᠭᠡᠪᠦᠷᠢ ᠶᠢᠨ ᠬᠠᠷᠰᠢᠮᠠᠲᠠᠭᠠᠶ ᠲᠡᠦᠬᠡ ᠪᠠ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠵᠤ᠂ ᠲᠠᠷᠢᠯᠭ᠎ᠠ ᠬᠢᠬᠦ ᠳᠤ ᠳᠣᠭᠢᠷᠠᠬᠤ ᠬᠥᠮᠦᠰ ᠢ ᠳᠠᠩᠰᠠᠯᠠᠭᠤᠯᠤᠭᠰᠠᠨ ᠤ ᠳᠠᠷᠠᠭ᠎ᠠ ᠸᠠᠺᠼᠢᠨ ᠤ ᠲᠠᠷᠢᠯᠭ᠎ᠠ ᠬᠢᠨ᠎ᠡ᠃    ᠡᠮᠴᠢ ᠰᠤᠪᠢᠯᠠᠭᠴᠢ ᠠᠴᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ︽ᠴᠢᠩᠭᠠᠳᠬᠠᠬᠤ ᠲᠠᠷᠢᠯᠭ᠎ᠠ︾ ᠬᠢᠭᠰᠡᠨ ᠤ ᠳᠠᠷᠠᠭ᠎ᠠ᠂ ᠭᠤᠱᠤᠭᠤᠨ ᠢᠳᠡᠭᠡᠨ ᠵᠡᠷᠭᠡ ᠰᠡᠳᠡᠯᠲᠡ ᠶᠢᠨ ᠴᠢᠨᠠᠷᠲᠠᠶ ᠢᠳᠡᠭᠡᠨ ᠢᠳᠡᠬᠦ ᠠᠴᠠ ᠵᠠᠶᠢᠯᠠᠰᠬᠢᠵᠦ᠂ ᠠᠷᠢᠬᠢ ᠤᠤᠭᠤᠵᠤ ᠪᠣᠯᠬᠤ ᠦᠭᠡᠶ᠂ ᠲᠠᠷᠢᠯᠭ᠎ᠠ ᠬᠢᠬᠦ ᠬᠡᠰᠡᠭ ᠨᠢ ᠬᠠᠭᠤᠷᠠᠶ ᠪᠠᠶᠢᠬᠤ ᠶᠢ ᠪᠠᠲᠤᠯᠠᠵᠤ᠂ ᠬᠠᠯᠳᠠᠪᠤᠷᠢᠯᠠᠯ ᠢ ᠰᠡᠷᠭᠡᠶᠢᠯᠡᠬᠦ᠂ ᠡᠮ ᠤᠤᠭᠤᠬᠤ ᠬᠥᠮᠦᠰ ᠡᠮᠴᠢ ᠠᠴᠠ ᠬᠠᠮᠢᠶ᠎ᠠ ᠪᠦᠬᠦᠢ ᠠᠩᠬᠠᠷᠬᠤ ᠵᠦᠶ᠋ᠯᠡᠰ ᠢ ᠠᠰᠠᠭᠤᠨ ᠯᠠᠪᠯᠠᠬᠤ ᠬᠡᠷᠡᠭᠲᠡᠶ ᠭᠡᠵᠦ ᠰᠠᠨᠠᠭᠤᠯᠪᠠ᠃
   ᠣᠳᠣᠬᠠᠨ ᠳᠤ᠂ ᠪᠥᠬᠦ ᠰᠢᠶᠠᠨ ᠳᠤ ᠨᠢᠭᠡᠨᠲᠡ ᠰᠢᠶᠠᠨ ᠤ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠪᠣᠯᠤᠨ ᠴᠢ ᠰᠢᠶᠠ ᠶᠢᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠭᠡᠬᠦ ᠬᠤᠶᠠᠷ ᠲᠠᠷᠢᠯᠭ᠎ᠠ ᠶᠢᠨ ᠴᠡᠭ ᠭᠠᠷᠭᠠᠵᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ︽ᠴᠢᠩᠭᠠᠳᠬᠠᠬᠤ ᠲᠠᠷᠢᠯᠭ᠎ᠠ︾ ᠬᠢᠵᠦ᠂ ᠲᠠᠷᠢᠯᠭ᠎ᠠ ᠠᠴᠠ ᠡᠮᠦᠨᠡᠬᠢ ᠬᠤᠶᠠᠷ ᠲᠠᠷᠢᠯᠭ᠎ᠠ ᠨᠢ ᠪᠦᠬᠦᠯᠢ ᠵᠢᠷᠭᠤᠭᠠᠨ ᠰᠠᠷ᠎ᠠ ᠪᠣᠯᠤᠭᠰᠠᠨ 18 ᠪᠦᠬᠦᠯᠢ ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠰ ᠢ ᠲᠣᠭᠲᠠᠭᠰᠠᠨ ᠭᠠᠵᠠᠷ ᠲᠤ ᠬᠦᠷᠴᠦ ᠲᠠᠷᠢᠯᠭ᠎ᠠ ᠬᠢᠵᠦ ᠪᠣᠯᠤᠨ᠎ᠠ᠃           ᠤᠷᠴᠢᠭᠤᠯᠤᠭᠴᠢ  ᠨᠠᠶᠢᠷᠠᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2