ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠰᠤᠪᠤᠳ ᠨᠠᠷ ᠵᠦᠸᠧᠽᠢ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 26 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠰᠤᠪᠤᠳ ᠨᠠᠷ ᠵᠦᠸᠧᠽᠢ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠯᠢᠦ ᠪᠦᠦ ᠴᠧᠩ ᠪᠠᠷ᠎ᠠ ᠪᠣᠯᠵᠤ ᠬᠢᠨᠠᠨ ᠵᠢᠯᠣᠭᠤᠳᠪᠠ᠃
   ᠰᠤᠪᠤᠳ ᠨᠠᠷ ᠤᠷᠢᠳ ᠬᠤᠵᠢᠳ ᠪᠠ ᠲᠠᠢ ᠪᠠᠯᠭᠠᠰᠤ᠂ ᠰᠢᠶᠠᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠦᠸᠧᠽᠢ ᠳᠤᠮᠳᠠᠳᠤ ᠰᠤᠷᠭᠠᠭᠤᠯᠢ᠂ ᠵᠦᠸᠧᠽᠢ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢᠨ ᠴᠡᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠨᠢᠭᠡᠴᠢ ᠳᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠭᠠᠷᠠᠮ ᠤᠨ ᠬᠥᠮᠦᠰ ᠤᠨ ᠵᠢᠵᠢᠭᠦᠷᠯᠡᠨ ᠰᠠᠬᠢᠵᠤ ᠪᠠᠶᠢᠭ᠎ᠠ᠂ ᠠᠮᠠᠪᠴᠢ ᠵᠡᠭᠦᠵᠦ ᠪᠠᠶᠢᠭ᠎ᠠ᠂ ᠬᠥᠮᠦᠰ ᠤᠨ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠵᠦ ᠪᠠᠶᠢᠭ᠎ᠠ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠵᠤ ᠪᠠᠶᠢᠭ᠎ᠠ᠂ ᠺᠣᠳ᠋ ᠰᠢᠷᠪᠢᠵᠦ ᠺᠣᠳ᠋ ᠰᠢᠷᠪᠢᠵᠦ ᠪᠠᠶᠢᠭ᠎ᠠ᠂ ᠣᠯᠠᠨ ᠨᠡᠶᠢᠲᠡ ᠶᠢᠨ ᠲᠠᠯᠠᠪᠤᠷ ᠢ ᠠᠷᠢᠭᠤᠳᠬᠠᠵᠤ ᠪᠠᠶᠢᠭ᠎ᠠ ᠵᠡᠷᠭᠡ ᠡᠯ᠎ᠡ ᠵᠦᠶ᠋ᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ᠃
   ᠰᠤᠪᠤᠳ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠭᠤᠣᠯᠳᠠᠯᠭ᠎ᠠ ᠶᠢ ᠠᠳᠬᠤᠬᠤ ᠮᠥᠷᠲᠡᠭᠡᠨ ᠪᠠᠰᠠ ᠴᠡᠭ ᠪᠠ ᠨᠡᠶᠢᠳᠡᠮ ᠢ ᠤᠶᠠᠯᠳᠤᠭᠤᠯᠵᠤ᠂ ᠪᠦᠬᠦᠨ ᠢ ᠬᠠᠮᠤᠷᠬᠤ ᠶᠢ ᠪᠡᠶᠡᠯᠡᠭᠦᠯᠬᠦ ᠬᠡᠷᠡᠭᠲᠡᠶ︔ ᠬᠥᠮᠦᠨ ᠬᠠᠷ᠎ᠠ ᠲᠡᠷᠭᠡ ᠬᠥᠰᠬᠡ ᠶᠢ ᠪᠠᠶᠢᠴᠠᠭᠠᠨ ᠰᠢᠯᠭᠠᠵᠤ ᠳᠠᠩᠰᠠᠯᠠᠨ ᠲᠡᠮᠳᠡᠭᠯᠡᠬᠦ ᠳᠤ ᠮᠡᠳᠡᠭᠡ ᠵᠠᠩᠭᠢ ᠶᠢᠨ ᠦᠨᠡᠨ ᠪᠣᠳᠠᠲᠠᠶ ᠵᠥᠪ ᠣᠨᠣᠪᠴᠢᠲᠠᠶ᠂ ᠮᠥᠷᠳᠡᠵᠦ ᠪᠣᠯᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠶ ᠪᠠᠶᠢᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠩᠭᠤ ᠠᠶᠤᠯᠭᠠᠨ ᠰᠦᠷᠳᠡᠭᠦᠯᠵᠦ᠂ ᠥᠨᠴᠥᠭ ᠪᠤᠯᠤᠩ ᠦᠯᠡᠳᠡᠭᠡᠯ ᠦᠭᠡᠶ ᠪᠠᠶᠢᠬᠤ ᠶᠢ ᠪᠠᠲᠤᠯᠠᠵᠤ᠂ ᠡᠯ᠎ᠡ ᠵᠦᠶ᠋ᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠪᠠᠶᠢᠷᠢᠯᠠᠭᠤᠯᠬᠤ᠂ ᠪᠣᠳᠠᠲᠠᠶ ᠨᠠᠶᠢᠳᠠᠪᠤᠷᠢᠵᠢᠭᠤᠯᠬᠤ᠂ ᠪᠣᠳᠠᠲᠠᠶ ᠬᠡᠷᠡᠭᠵᠢᠭᠦᠯᠬᠦ᠂ ᠪᠣᠳᠠᠲᠠᠶ ᠬᠢᠨᠠᠨ ᠪᠠᠶᠢᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
    ᠰᠤᠪᠤᠳ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ᠂ ᠪᠦᠬᠦ ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠶᠢᠨ ᠦᠯᠢᠭᠡᠷ ᠳᠠᠭᠤᠷᠢᠶᠠᠯ ᠪᠣᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠪᠣᠳᠠᠲᠠᠶ ᠠᠵᠢᠯᠯᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃     ᠰᠤᠪᠤᠳ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠠᠶᠢᠨ ᠵᠥᠪᠯᠡᠭᠴᠢ ᠪᠠ ᠰᠠᠶᠢᠨ ᠬᠠᠪᠰᠤᠷᠤᠭᠴᠢ ᠪᠣᠯᠵᠣ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠤᠰ ᠲᠤᠰ ᠤᠨ ᠬᠢᠨᠠᠨ ᠬᠠᠮᠢᠶᠠᠷᠴᠤ ᠪᠠᠶᠢᠭ᠎ᠠ ᠰᠢᠰᠲᠧᠮ ᠤᠨ ᠬᠦᠷᠢᠶ᠎ᠡ ᠪᠠᠨ ᠰᠠᠶᠢᠲᠤᠷ ᠬᠠᠮᠢᠶᠠᠷᠴᠤ᠂ ᠴᠢᠩᠭ᠎ᠠ ᠬᠦᠴᠦᠲᠡᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠬᠠᠷᠢᠶ᠎ᠠ ᠣᠷᠣᠨ ᠤ ᠳᠣᠲᠣᠷᠠᠬᠢ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠡᠷᠡᠰ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠠᠳᠬᠤᠵᠤ ᠨᠠᠷᠢᠯᠢᠭ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠶ᠃           ᠤᠷᠴᠢᠭᠤᠯᠤᠭᠴᠢ  ᠨᠠᠶᠢᠷᠠᠭᠤᠯᠤᠭᠴᠢ ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2