ᠰᠦᠶ ᠸᠧᠶ ᠵᠢᠶᠦ᠋ᠨ ᠵᠦᠸᠧᠽᠢ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠴᠠᠲᠠᠶ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠶ
ᠨᠡᠶᠢᠲᠡᠯᠡᠭᠰᠡᠨ ᠴᠠᠭ᠄
2021/11/5
    10 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠶ ᠵᠢᠶᠦ᠋ᠨ ᠤᠷᠢᠳᠴᠢᠯᠠᠨ ᠮᠡᠳᠡᠭᠳᠡᠭᠰᠡᠨ ᠦᠭᠡᠶ ᠪᠠᠷ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠵᠤ᠂ ᠵᠦᠸᠧᠽᠢ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠪᠠᠶᠢᠳᠠᠯ ᠢ ᠰᠡᠷᠭᠡᠭ ᠢᠶᠠᠷ ᠲᠠᠨᠢᠵᠤ᠂ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠴᠠᠲᠠᠶ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
   ᠵᠦᠸᠧᠽᠢ ᠰᠢᠶᠠᠨ ᠤ G 6 ᠲᠦᠷᠭᠡᠨ ᠤ ᠵᠠᠮ ᠤᠨ ᠪᠣᠭᠤᠮᠲᠠ᠂ ᠺᠠᠶᠢᠶᠤᠸᠠᠨ ᠰᠠᠭᠤᠭᠠᠯᠢ ᠠᠷᠠᠳ ᠤᠨ ᠲᠣᠭᠤᠷᠢᠭ ᠪᠣᠯᠤᠨ ᠠᠷᠠᠳ ᠲᠤ ᠲᠦᠬᠦᠮ ᠦᠵᠡᠭᠦᠯᠬᠦ ᠡᠮᠨᠡᠯᠭᠡ ᠶᠢᠨ ᠭᠠᠵᠠᠷ ᠲᠤ᠂ ᠰᠦᠢ ᠸᠧᠶ ᠵᠢᠶᠦ᠋ᠨ ᠪᠡᠶ᠎ᠡ ᠶᠢᠨ ᠬᠠᠯᠠᠭᠤᠨ ᠢ ᠬᠡᠮᠵᠢᠬᠦ ᠺᠣᠳ᠋ ᠢ ᠰᠢᠯᠭᠠᠬᠤ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠬᠤᠯᠪᠣᠭᠳᠠᠯ ᠪᠦᠬᠦᠢ ᠬᠥᠮᠦᠰ ᠲᠤ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠮᠤᠷ ᠲᠦᠪᠰᠢᠨ ᠢ ᠠᠩᠬᠠᠷᠬᠤ ᠬᠡᠷᠡᠭᠲᠡᠶ ᠭᠡᠵᠦ ᠵᠠᠬᠢᠪᠠ᠃ ᠲᠡᠷᠡ᠂ ᠡᠯ᠎ᠡ ᠪᠣᠭᠤᠮᠲᠠ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠡᠮᠴᠢᠯᠡᠭᠡᠨ ᠤ ᠭᠠᠵᠠᠷ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ︽ᠣᠷᠣᠬᠤ ᠡᠭᠦᠳᠡ︾ ᠶᠢ ᠰᠠᠶᠢᠲᠤᠷ ᠡᠵᠡᠮᠳᠡᠵᠦ ᠂ ᠥᠷᠲᠡᠭᠡ ᠴᠡᠭ᠂ ᠬᠠᠷᠠᠭᠤᠯ ᠤᠨ ᠴᠡᠭ᠂ ᠬᠠᠷᠠᠭᠤᠯ ᠤᠨ ᠴᠡᠭ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠡᠷᠲᠡ ᠢᠯᠡᠷᠡᠭᠦᠯᠬᠦ ᠪᠠ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠷᠲᠡ ᠢᠯᠡᠷᠡᠭᠦᠯᠬᠦ᠂ ᠲᠦᠷᠭᠡᠨ ᠰᠢᠶ᠋ᠳᠪᠦᠷᠢᠯᠡᠬᠦ᠂ ᠣᠨᠣᠴᠠᠲᠠᠶ ᠬᠠᠮᠢᠶᠠᠷᠤᠨ ᠡᠵᠡᠮᠳᠡᠬᠦ᠂ ᠪᠦᠲᠦᠮᠵᠢᠲᠡᠶ ᠠᠪᠤᠷᠠᠨ ᠵᠠᠰᠠᠬᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠᠬᠢᠯᠡᠯᠲᠡ ᠶᠢ ᠪᠠᠬᠢᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃    ︽ᠪᠥᠭᠡᠮ ᠬᠦᠴᠢᠯ ᠤᠨ ᠨᠢᠭᠡ ᠡᠳᠦᠷ ᠤᠨ ᠪᠣᠳᠠᠲᠠᠶ ᠪᠠᠶᠢᠴᠠᠭᠠᠨ ᠬᠡᠮᠵᠢᠯᠲᠡ ᠨᠢ ᠬᠡᠳᠦᠶ ᠪᠤᠶ︖ ᠤᠷᠤᠰᠬᠠᠯ ᠲᠣᠬᠢᠷᠠᠭᠤᠯᠬᠤ ᠫᠷᠤᠭ᠍ᠷᠠᠮ ᠨᠢ ᠶᠠᠭᠤ ᠪᠤᠶ︖ ᠵᠦᠸᠧᠽᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠡᠭ ᠪᠣᠯᠤᠨ ᠯᠦᠩ ᠱᠧᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠦᠢ ᠸᠧᠶ ᠵᠢᠶᠦ᠋ᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠳᠠᠯ ᠤᠨ ᠲᠠᠬᠤᠯ ᠡᠪᠡᠳᠴᠢᠨ ᠤ ᠪᠠᠶᠢᠴᠠᠭᠠᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠵᠡᠷᠭᠡ ᠪᠠᠶᠢᠳᠠᠯ ᠢ ᠨᠠᠷᠢᠨ ᠤᠢᠢᠯᠠᠭᠠᠭᠰᠠᠠ ᠪᠥᠭᠡᠳ ᠠᠰᠠᠭᠤᠳᠠᠯ ᠢ ᠣᠯᠵᠤ ᠮᠡᠳᠡᠭᠰᠡᠨ ᠲᠤᠬᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠶ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠶᠢᠪᠤᠰᠢᠷᠠᠬᠤ ᠦᠵᠡᠯ ᠰᠠᠨᠠᠭ᠎ᠠ ᠶᠢ ᠢᠯᠠᠨ ᠳᠠᠪᠠᠵᠤ᠂ ︽ᠳᠠᠶᠢᠨ ᠤ ᠦᠶ᠎ᠡ ᠶᠢᠨ ᠪᠠᠶᠢᠳᠠᠯ︾ ᠢ ᠪᠠᠲᠤᠯᠠᠨ᠂ ︽ᠳᠥᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠭᠠᠨ ᠤ ᠵᠢᠷᠤᠮᠵᠢᠯ ᠪᠠ ᠠᠵᠢᠯ ᠤᠨ ᠴᠤᠪᠤᠷᠠᠯ ᠶᠣᠰᠣᠭᠠᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠢᠵᠢᠭ ᠤᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ ᠶᠢ ᠴᠠᠭ ᠢᠮᠠᠭᠲᠠ ᠰᠤᠯᠠᠷᠠᠭᠤᠯᠤᠯ ᠦᠭᠡᠶ᠂ ᠨᠠᠷᠢᠯᠢᠭ ᠣᠨᠣᠪᠴᠢᠲᠠᠶ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠵᠢᠵᠢᠭ ᠲᠣᠭᠤᠷᠢᠭ ᠤᠨ ᠭᠠᠵᠠᠷ ᠣᠷᠣᠨ ᠤ ᠲᠠᠷᠬᠠᠯᠲᠠ᠂ ᠬᠥᠮᠦᠨ ᠬᠠᠷ᠎ᠠ ᠨᠢᠭᠲᠠᠷᠬᠠᠰᠠᠨ ᠬᠡᠮᠵᠢᠶ᠎ᠡ᠂ ᠣᠯᠠᠨ ᠨᠡᠶᠢᠲᠡ ᠶᠢᠨ ᠣᠷᠣᠨ ᠪᠦᠰᠡ ᠶᠢᠨ ᠪᠠᠶᠢᠷᠢᠯᠠᠭᠤᠯᠤᠯᠲᠠ ᠵᠡᠷᠭᠡ ᠪᠣᠳᠠᠲᠠᠶ ᠪᠠᠶᠢᠳᠠᠯ ᠢ ᠦᠨᠳᠦᠰᠦᠯᠡᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ‍ ᠴᠢᠭ ᠢ ᠠᠮᠤᠷ ᠲᠦᠪᠰᠢᠨ᠂ ᠵᠦᠶ ᠵᠣᠬᠢᠰᠲᠠᠶ᠂ ᠵᠢᠷᠤᠮᠵᠢᠯ ᠲᠠᠢ ᠪᠠᠷ ᠪᠠᠶᠢᠷᠢᠯᠠᠭᠤᠯᠬᠤ ᠬᠡᠷᠡᠭᠲᠡᠶ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠤᠬᠠᠭᠤᠯᠵᠤ ᠬᠥᠲᠥᠯᠥᠨ ᠵᠢᠯᠣᠭᠤᠳᠬᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠵᠡᠷᠭᠡ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠦᠴᠦᠲᠡᠶ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃    ᠲᠢᠶᠠᠨ ᠪᠦᠦ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠰᠦᠢ ᠸᠧᠶ ᠵᠢᠶᠦ᠋ᠨ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ︽ᠥᠨᠳᠥᠷ ᠬᠢᠵᠠᠭᠠᠷ︾ ᠢ ᠰᠠᠬᠢᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯ ᠢ ᠠᠮᠵᠢᠵᠤ᠂ ᠤᠷᠢᠳ ᠢᠶᠠᠷ ᠨᠢᠭᠡ ᠠᠯᠬᠤᠮ ᠠᠯᠬᠤᠵᠤ᠂ ᠰᠠᠨᠠᠭᠠᠴᠢᠯᠠᠭ᠎ᠠ ᠠᠴᠠ ᠪᠠᠨ ᠲᠦᠷᠭᠡᠨ ᠠᠬᠢᠭᠤᠯᠵᠤ᠂ ᠢᠷᠡᠭᠡᠳᠦᠶ ᠳᠤ ᠠᠮᠵᠢᠯᠲᠠ ᠣᠯᠬᠤ ᠪᠠᠷ ᠴᠢᠷᠮᠠᠶᠢᠵᠤ᠂ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠨ ᠳᠣᠲᠣᠭᠠᠳᠤ ᠳᠠᠯᠳᠠ ᠬᠦᠴᠦᠨ ᠢ ᠠᠭᠤᠳᠠᠯᠵᠤ᠂ ᠰᠢᠨ᠎ᠡ ᠮᠡᠷᠭᠡᠵᠢᠯ ᠢ ᠬᠡᠷᠡᠭᠯᠡᠨ ᠳᠡᠯᠭᠡᠷᠡᠭᠦᠯᠬᠦ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠥᠯᠳᠦᠬᠦ ᠬᠦᠴᠦᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠬᠤᠷᠢᠭ᠎ᠠ ᠱᠤᠭᠤᠮ︾ ᠢ ᠪᠠᠲᠤ ᠰᠠᠬᠢᠵᠤ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠣᠬᠢᠷᠲᠤᠯ ᠦᠭᠡᠶ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠡᠷᠬᠢᠯᠳᠡᠳᠤ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠳᠡᠰ ᠳᠠᠪᠬᠤᠷᠭ᠎ᠠ ᠪᠣᠯᠤᠨ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃    ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ᠂ ᠹᠠᠩ ᠽᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃          ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2