ᠵᠦᠸᠧᠽᠢ᠄ ᠬᠤᠷᠢᠭ᠎ᠠ ᠪᠣᠯᠭᠠᠨ ᠢ ᠰᠠᠶᠢᠲᠤᠷ ᠰᠠᠬᠢᠵᠤ ᠨᠢᠭᠡ ᠬᠤᠲᠠ ᠶᠢ ᠰᠠᠶᠢᠲᠤᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2021/11/5
    ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠣᠳᠣᠬᠠᠨ ᠳᠤ᠂ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠮᠠᠨ ᠤ ᠰᠢᠶᠠᠨ ᠤ ᠡᠯ᠎ᠡ ᠹᠷᠣᠨᠲ ᠤᠨ ᠠᠵᠢᠯᠲᠠᠳ ᠬᠢᠵᠢᠭ ᠲᠠᠢ ᠲᠡᠮᠡᠴᠡᠬᠦ ᠬᠠᠮᠤᠭ ᠤᠨ ᠡᠮᠦᠨ᠎ᠡ ᠹᠷᠣᠨᠲ᠂ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠪᠠ ᠬᠤᠪᠢ ᠨᠡᠮᠡᠷᠢ ᠦᠵᠡᠭᠦᠯᠬᠦ ᠪᠠᠨ ᠲᠠᠶᠢᠯᠪᠤᠷᠢᠯᠠᠵᠤ ᠪᠠᠶᠢᠨ᠎ᠠ᠃
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠵᠢᠭᠰᠠᠭᠠᠨ ᠪᠠᠶᠢᠴᠠᠭᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠂ ︽ᠬᠤᠲᠠ ᠳᠤ ᠣᠷᠣᠬᠤ ᠪᠣᠭᠤᠮᠲᠠ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠬᠤ ᠬᠡᠷᠡᠭᠲᠡᠶ᠂ ᠣᠶᠢᠷ᠎ᠠ ᠳᠤ᠂ ᠰᠤᠷᠪᠤᠯᠵᠢᠯᠠᠭᠴᠢ G 6 ᠲᠦᠷᠭᠡᠨ ᠤ ᠵᠠᠰᠠᠮᠠᠯ ᠵᠠᠮ ᠤᠨ ᠵᠦᠸᠧᠽᠢ ᠭᠠᠳᠠᠭᠠᠳᠤ ᠭᠠᠷᠭᠠᠯᠲᠠ ᠶᠢᠨ ᠰᠤᠷᠪᠤᠯᠵᠢᠯᠠᠭ᠎ᠠ ᠬᠢᠬᠦ ᠳᠡᠭᠡᠨ ᠣᠯᠵᠤ ᠬᠠᠷᠠᠪᠠ᠂ ᠵᠢᠵᠢᠭᠦᠷᠯᠡᠭᠴᠢ ᠵᠠᠮ ᠬᠠᠷᠢᠯᠴᠠᠭᠠᠨ ᠤ ᠴᠠᠭᠳᠠᠭ᠎ᠠ ᠶᠠᠭ ᠲᠡᠷᠭᠡᠴᠢᠨ ᠢ ᠬᠤᠷᠢᠭᠯᠠᠨ ᠵᠣᠭᠰᠣᠭᠠᠵᠤ ᠪᠠᠢᠨ᠎ᠠ᠂ ᠲᠡᠷᠭᠡ ᠶᠢ ᠵᠢᠯᠣᠭᠤᠳᠤᠨ ᠡᠮᠬᠢ ᠵᠢᠷᠤᠮ ᠲᠠᠢ ᠪᠠᠷ ᠺᠣᠳ᠋ ᠰᠢᠷᠪᠢᠬᠦ᠂ ᠵᠢᠯᠣᠭᠤᠴᠢ ᠶᠢᠨ ᠪᠡᠶ᠎ᠡ ᠶᠢᠨ ᠳᠤᠯᠠᠭᠠᠨ ᠢ ᠬᠡᠮᠵᠢᠬᠦ ᠂ ᠲᠡᠭᠡᠬᠦ ᠮᠥᠷᠲᠡᠭᠡᠨ ᠮᠠᠨ ᠤ ᠰᠢᠶᠠᠨ ᠳᠤ ᠣᠷᠣᠵᠤ ᠢᠷᠡᠭᠰᠡᠨ ᠲᠡᠷᠭᠡᠨ ᠤ ᠠᠵᠢᠯᠲᠠᠨ ᠤ ᠡᠷᠡᠭᠦᠯ ᠮᠡᠨᠳᠦ ᠶᠢᠨ ᠺᠣᠳ᠋ ᠤᠨ ︽ᠨᠣᠭᠤᠭᠠᠨ ᠺᠣᠳ᠋︾ ᠢ ᠨᠠᠷᠢᠨ ᠬᠢᠨᠠᠮᠠᠭᠠᠶ ᠪᠠᠶᠢᠴᠠᠭᠠᠨ ᠰᠢᠯᠭᠠᠬᠤ ᠬᠡᠷᠡᠭᠲᠡᠶ᠂ 14 ᠡᠳᠦᠷ ᠤᠨ ᠠᠶᠠᠯᠠᠯ ᠤᠨ ᠺᠣᠳ᠋ ᠪᠣᠯᠤᠨ 48 ᠴᠠᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠳᠤ᠂ ᠵᠣᠷᠢᠭᠰᠠᠨ ᠭᠠᠵᠠᠷ ᠢ ᠬᠢᠨᠠᠨ ᠪᠠᠶᠢᠴᠠᠭᠠᠵᠤ ᠳᠠᠩᠰᠠᠯᠠᠨ᠎ᠠ᠂ ᠢᠯᠠᠩᠭᠤᠶ᠎ᠠ ᠳᠤᠮᠳᠠ ᠥᠨᠳᠥᠷ ᠲᠦᠭᠰᠢᠭᠦᠷᠢᠲᠦ ᠣᠷᠣᠨ ᠤ ᠢᠷᠡᠵᠦ ᠪᠤᠴᠠᠬᠤ ᠲᠡᠷᠭᠡ ᠬᠥᠰᠬᠡ ᠪᠣᠯᠤᠨ ᠠᠵᠢᠯᠲᠠᠨ ᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠶ᠂ ᠨᠢᠭᠡ ᠲᠡᠷᠭᠡ ᠴᠦ ᠭᠤᠭᠤᠵᠢᠭᠤᠯᠬᠤ ᠦᠭᠡᠢ ᠶᠢ ᠪᠠᠲᠤᠯᠠᠬᠤ ᠬᠡᠷᠡᠭᠲᠡᠶ᠃
   ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠵᠦᠸᠧᠽᠢ ᠰᠢᠶᠠᠨ ᠤ ᠶᠡᠭᠡ ᠠᠩᠭᠢ ᠶᠢᠨ ᠬᠤᠲᠠ ᠪᠠᠯᠭᠠᠰᠤᠨ ᠤ ᠳᠤᠮᠳᠠ ᠠᠩᠭᠢ ᠶᠢᠨ ᠴᠠᠭᠳᠠᠭᠠᠨ ᠤ ᠶᠠᠪᠤᠳᠠᠯ ᠤᠨ ᠲᠤᠰᠠᠯᠠᠭᠴᠢ ᠯᠢ ᠫᠧᠩ᠂ ᠣᠳᠣ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠲᠦᠷᠭᠡᠨ ᠤ ᠵᠠᠮ ᠤᠨ ᠣᠷᠣᠵᠤ ᠭᠠᠷᠬᠤ ᠡᠭᠦᠳᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ᠎ᠠ᠂ 10 ᠰᠠᠷ᠎ᠠ ᠶᠢᠨ 26 ᠤ ᠡᠳᠦᠷ ᠠᠴᠠ ᠡᠬᠢᠯᠡᠨ᠂ ᠪᠢᠳᠡ ᠲᠦᠷᠭᠡᠨ ᠤ ᠵᠠᠮ ᠤᠨ ᠠᠭᠤᠯᠵᠠᠷ ᠵᠢᠴᠢ ᠬᠤᠲᠠ ᠶᠢᠨ ᠲᠣᠭᠤᠷᠢᠭ ᠤᠨ ᠣᠷᠣᠬᠤ ᠡᠭᠦᠳᠡᠨ ᠳᠤ ᠪᠠᠶᠢᠴᠠᠭᠠᠬᠤ ᠴᠡᠭ ᠲᠣᠬᠢᠷᠠᠭᠤᠯᠵᠤ᠂ ᠮᠠᠨ ᠤ ᠰᠢᠶᠠᠨ ᠳᠤ ᠣᠷᠣᠵᠤ ᠢᠷᠡᠬᠦ ᠬᠥᠮᠦᠰ ᠲᠤ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠰᠢᠯᠭᠠᠬᠤ᠂ ᠠᠶᠠᠯᠠᠯ ᠤᠨ ᠺᠣᠳ᠋ ᠰᠢᠷᠪᠢᠬᠦ ᠵᠢᠴᠢ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠨ ᠰᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠰᠠᠶᠢᠲᠤᠷ ᠰᠠᠬᠢᠨ᠎ᠠ᠃
   ᠰᠠᠭᠤᠭᠠᠯᠢ ᠠᠷᠠᠳ ᠤᠨ ᠲᠣᠭᠤᠷᠢᠭ ᠪᠣᠯ ᠬᠢᠵᠢᠭ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠵᠠᠩᠭᠢᠯᠠᠭ᠎ᠠ ᠶᠢᠨ ᠪᠠᠬᠢᠯᠡᠯᠲᠡ ᠪᠣᠯᠤᠨ᠎ᠠ᠂ ᠮᠥᠨ ᠴᠦ ᠡᠴᠦᠰ ᠤᠨ ᠪᠣᠭᠤᠮᠲᠠ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠪᠠᠶᠢᠬᠤ ᠪᠠᠶᠢᠳᠠᠯ ᠤᠨ ᠡᠮᠦᠨ᠎ᠡ ᠂ ᠮᠠᠨ ᠤ ᠰᠢᠶᠠᠨ ᠤ ᠡᠯ᠎ᠡ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠴᠤ ᠲᠠᠰᠤᠷᠠᠯᠲᠠ ᠥᠬᠡᠶ ᠲᠠᠰ ᠳᠡᠪᠰᠢᠵᠦ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ᠂ ᠳᠠᠭᠠᠭᠠᠴᠢᠯᠠᠨ ᠬᠠᠷᠢᠯᠴᠠᠬᠤ ᠨᠢᠭᠡᠴᠢ ᠶᠢᠨ ᠬᠢᠵᠢᠭ ᠢ ᠰᠡᠷᠭᠡᠶᠢᠯᠡᠬᠦ ᠳᠤᠭᠤᠶᠢᠯᠠᠩ ᠤᠨ ᠪᠦᠷᠢᠯᠳᠦᠬᠦᠨ ᠡᠳᠦᠷᠵᠢᠨ ᠠᠵᠢᠯ ᠤᠨ ᠪᠠᠶᠢᠷᠢ ᠳᠠᠭᠠᠨ ᠪᠠᠶᠢᠵᠤ᠂ ᠡᠭᠡᠯᠵᠢᠯᠡᠨ ᠵᠢᠵᠢᠭᠦᠷᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠡᠮᠬᠢ ᠴᠡᠭᠴᠡ ᠲᠠᠢ ᠪᠠᠶᠢᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠡᠷᠦᠬᠡ ᠶᠢ ᠨᠠᠩ ᠰᠠᠨᠠᠭ᠎ᠠ ᠠᠮᠤᠷ᠂ ᠨᠠᠩ ᠰᠠᠨᠠᠭ᠎ᠠ ᠠᠮᠤᠷ ᠪᠣᠯᠭᠠᠪᠠ᠃
   ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ ᠪᠠᠶᠢᠭᠤᠯᠤᠭᠰᠠᠨ ᠡᠭᠦᠷᠭᠡ ᠭᠦᠶ᠋ᠴᠡᠳᠬᠡᠬᠦ ᠴᠡᠭ ᠲᠤ᠂ ᠠᠵᠢᠯᠲᠠᠳ ᠥᠩᠭᠡᠷᠡᠭᠰᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠣᠳ᠋ ᠤᠨ ︽ᠨᠣᠭᠤᠭᠠᠨ ᠺᠣᠳ᠋︾᠂ ᠠᠶᠠᠯᠠᠯ ᠤᠨ ᠺᠣᠳ᠋ ᠢ ᠳᠠᠷᠠᠭᠠᠯᠠᠨ ᠰᠢᠷᠪᠢᠵᠦ ᠪᠠᠶᠢᠴᠠᠭᠠᠨ ᠰᠢᠯᠭᠠᠬᠤ ᠪᠠ ᠳᠡᠩᠰᠡᠯᠡᠨ᠎ᠡ᠃ ᠠᠭᠠᠷ ᠤᠨ ᠳᠤᠯᠠᠭᠠᠨ ᠪᠠᠭᠤᠷᠠᠬᠤ ᠶᠢ ᠳᠠᠭᠠᠯᠳᠤᠨ᠂ ᠬᠠᠬᠢᠷ ᠬᠦᠶ᠋ᠲᠡᠨ ᠠᠭᠤᠷ ᠠᠮᠢᠰᠬᠤᠯ ᠨᠢ ᠡᠭᠦᠷᠭᠡ ᠭᠦᠶ᠋ᠴᠡᠳᠬᠡᠭᠴᠢ ᠳᠤ ᠨᠠᠩ ᠶᠡᠭᠡ ᠥᠷᠢᠰᠥᠯᠳᠦᠭᠡᠨ ᠠᠪᠴᠢᠷᠠᠵᠠᠶ᠃ ᠰᠠᠭᠤᠭᠠᠯᠢ ᠠᠷᠠᠳ ᠤᠨ ᠲᠣᠭᠤᠷᠢᠭ ᠤᠨ ᠣᠷᠣᠬᠤ ᠡᠭᠦᠳᠡᠨ ᠳᠤ ᠪᠤᠰᠬᠠᠭᠰᠠᠠ ᠨᠢᠭᠡ ᠰᠠᠭᠤᠷᠢ ᠬᠦᠬᠡ ᠮᠠᠶᠢᠬᠠᠨ ᠳᠤ᠂ ᠠᠯᠪᠠᠨ ᠰᠢᠷᠡᠭᠡ ᠰᠠᠨᠳᠠᠯᠢ᠂ ᠣᠷᠣ ᠳᠡᠪᠢᠰᠬᠡᠷ᠂ ᠴᠠᠬᠢᠯᠭᠠᠨ ᠳ᠋ᠧᠩ᠂ ᠴᠠᠬᠢᠯᠭᠠᠨ ᠲᠤᠯᠠᠭᠠᠯᠠᠭᠤᠷ᠂ ᠵᠤᠤᠬ᠎ᠠ ᠵᠡᠷᠭᠡ ᠲᠦᠬᠦᠮ ᠲᠥᠬᠦᠭᠡᠷᠦᠮᠵᠢ ᠲᠤᠬᠢᠷᠠᠭᠤᠯᠵᠤ᠂ ᠣᠷᠣᠵᠤ ᠭᠠᠷᠬᠤ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠯᠥᠭᠡ ᠰᠢᠷᠭᠠᠭᠤ ᠠᠵᠢᠯᠯᠠᠵᠤ ᠪᠠᠶᠢᠬᠤ ᠶᠢ ᠣᠯᠵᠤ ᠦᠵᠡᠭᠡᠳ᠂ ᠴᠥᠮ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠪᠠ᠃ ᠠᠵᠢᠯᠲᠠᠳ ᠪᠠᠰᠠ ᠰᠠᠭᠤᠭᠠᠯᠢ ᠠᠷᠠᠳ ᠲᠤ ᠠᠮᠠᠪᠴᠢ ᠵᠡᠭᠦᠬᠦ ᠶᠢ ᠬᠠᠯᠠᠭᠤᠮᠰᠤᠭ ᠢᠶᠠᠷ ᠰᠠᠨᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠭᠴᠤᠭ᠎ᠠ ᠨᠢᠭᠡᠪᠦᠷᠢ ᠶᠢ ᠪᠣᠳᠠᠲᠠᠶ ᠨᠠᠷᠢᠯᠢᠭ ᠪᠣᠳᠠᠲᠠᠶ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠭᠦᠳᠡ ᠶᠢ ᠰᠠᠬᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃          ᠨᠠᠶᠢᠷᠠᠭᠤᠯᠤᠭᠴᠢ ᠤᠷᠴᠢᠭᠤᠯᠤᠭᠴᠢ  ᠪᠠᠶᠠᠨᠪᠠᠲᠦ    
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2