11 ᠰᠠᠷ᠎ᠠ ᠶᠢᠨ 3 ᠤ ᠡᠳᠦᠷ᠂ ᠪᠥᠬᠦ ᠰᠢᠶᠠᠨ ᠤ ᠠᠶᠤᠯᠭᠦᠶ ᠦᠶ᠋ᠯᠡᠳᠪᠦᠷᠢᠯᠡᠯ ᠵᠢᠴᠢ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠠᠶᠤᠯᠭᠦᠶ ᠦᠶ᠋ᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠮᠠᠨ ᠤ ᠰᠢᠶᠠᠨ ᠤ ᠲᠦᠷᠦᠭᠦᠦ ᠭᠤᠷᠪᠠᠨ ᠤᠯᠠᠷᠢᠯ ᠤᠨ ᠠᠶᠤᠯᠭᠦᠶ ᠦᠶ᠋ᠯᠡᠳᠪᠦᠷᠢᠯᠡᠯ ᠤᠨ | ᠠᠵᠢᠯ ᠢ ᠳ᠋ᠦᠩᠨᠡᠵᠦ᠂ ᠣᠳᠣᠬᠠᠨ ᠤ ᠠᠶᠤᠯᠭᠦᠶ ᠦᠶ᠋ᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠵᠠᠳᠠᠯᠵᠤ᠂ ᠳᠠᠷᠠᠭᠠᠴᠢ ᠶᠢᠨ ᠱᠠᠲᠤᠨ ᠤ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ᠂ | ᠰᠢᠶᠠᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠰᠢᠶᠠᠨ ᠤ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢᠦ | ᠪᠦᠦ ᠴᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠰᠢᠶᠠᠨ ᠤ ᠳᠠᠷᠤᠭ᠎ᠠ ᠯᠢ ᠹᠤᠩ ᠱᠤᠸᠠᠩ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ | ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠸᠤᠨ ᠺᠦᠶ | ᠬᠤᠷᠠᠯ ᠳᠤ ᠣᠷᠣᠯᠴᠠᠪᠠ᠃ ᠯᠢ ᠹᠤᠩ ᠱᠤᠸᠠᠩ ᠬᠤᠷᠠᠯ ᠡᠷᠬᠢᠯᠡᠪᠡ᠃ | ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠰᠢᠶᠠᠨ ᠤ | ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠳᠡᠭᠡᠳᠦ ᠱᠠᠲᠤᠨ ᠤ ᠠᠶᠤᠯᠭᠦᠶ | ᠦᠶ᠋ᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠠᠯ᠎ᠠ ᠶᠢᠨ | ᠠᠵᠢᠯ ᠤᠨ ᠲᠤᠬᠠᠶ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠬᠤ ᠶᠢᠨ ᠬᠠᠮᠲᠤ ᠪᠥᠬᠦ ᠰᠢᠶᠠᠨ ᠤ | ᠲᠦᠷᠦᠭᠦᠦ ᠭᠤᠷᠪᠠᠨ ᠤᠯᠠᠷᠢᠯ ᠤᠨ ᠠᠶᠤᠯᠭᠦᠶ ᠦᠶ᠋ᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ | ᠪᠠᠶᠢᠳᠠᠯ ᠢ ᠮᠡᠳᠡᠭᠳᠡᠵᠦ᠂ ᠳᠥᠷᠪᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠰᠢᠶᠠᠨ ᠤ ᠳᠣᠲᠣᠷᠠᠬᠢ ᠭᠤᠣᠯᠳᠠᠯᠭ᠎ᠠ ᠲᠠᠢ ᠠᠵᠤ ᠠᠬᠤᠶᠢᠯᠠᠯ ᠵᠦᠸᠧᠽᠢ ᠴᠠᠬᠢᠯᠭᠠᠨ ᠤ ᠦᠶ᠋ᠯᠡᠳᠪᠦᠷᠢ᠂ ᠽᠢ ᠴᠧᠨ | ᠰᠢᠩ ᠹᠧᠩ ᠰᠢᠨ᠎ᠡ ᠡᠨᠧᠷᠭᠢ ᠶᠢᠨ ᠺᠣᠮᠫᠠᠨᠢ ᠠᠵᠤ ᠠᠬᠤᠶᠢᠯᠠᠯ ᠤᠨ ᠲᠤᠰ ᠪᠡᠶ᠎ᠡ ᠶᠢᠨ ᠠᠶᠤᠯ ᠦᠭᠡᠶ | ᠦᠶ᠋ᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ | ᠶᠠᠷᠢᠶ᠎ᠠ ᠲᠠᠯᠪᠢᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠤᠰ ᠪᠡᠶ᠎ᠡ ᠶᠢᠨ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠶᠠᠷᠢᠶ᠎ᠠ | ᠲᠠᠯᠪᠢᠪᠠ᠃ ᠵᠠᠩ ᠸᠧᠨ ᠺᠦᠶ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | ᠯᠢᠦ ᠪᠦᠦ ᠴᠧᠩ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠲᠠᠬᠢᠨ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠵᠦ᠂ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠢᠮᠠᠭᠲᠠ ᠨᠢᠮᠭᠡᠨ ᠮᠥᠰᠥᠨ | ᠳᠡᠭᠡᠷ᠎ᠡ ᠭᠢᠰᠬᠢᠭᠰᠡᠨ ᠮᠡᠲᠦ᠂ ᠬᠦᠪ ᠤᠨ ᠢᠷᠮᠡᠭ ᠳᠡᠭᠡᠷ᠎ᠡ ᠬᠦᠷᠦᠭᠰᠡᠨ ᠮᠡᠲᠦ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ | ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠬᠤᠯᠠ ᠠᠴᠠ ᠴᠢᠬᠤᠯᠠ ᠠᠵᠢᠯ ᠪᠣᠯᠭᠠᠨ ᠴᠢᠩᠭ᠎ᠠ ᠠᠳᠬᠤᠵᠤ ᠰᠠᠶᠢᠲᠤᠷ | ᠠᠳᠬᠤᠬᠤ ᠬᠡᠷᠡᠭᠲᠡᠶ︔ ᠢᠮᠠᠭᠲᠠ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠬᠤ᠂ | ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ ᠪᠠ | ᠶᠡᠭᠡ ᠲᠠᠯ᠎ᠠ ᠶᠢᠨ ᠤᠬᠠᠮᠰᠠᠷ ᠢᠶᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭ᠎ᠠ ᠠᠴᠠ ᠴᠢᠩᠭ᠎ᠠ᠂ | ᠨᠠᠷᠢᠯᠢᠭ ᠠᠴᠠ ᠨᠠᠷᠢᠯᠢᠭ᠂ ᠪᠣᠳᠠᠲᠠᠶ ᠠᠴᠠ ᠪᠣᠳᠠᠲᠠᠶ ᠠᠳᠬᠤᠬᠤ ᠬᠡᠷᠡᠭᠲᠡᠶ᠃ ᠭᠤᠣᠯᠳᠠᠯᠭ᠎ᠠ ᠶᠢ ᠲᠣᠪᠤᠶᠢᠯᠭᠠᠨ᠂ | ᠠᠵᠢᠯ ᠤᠨ ᠬᠠᠷᠠᠯᠲᠠ ᠶᠢ ᠳᠠᠬᠢᠨ ᠲᠣᠳᠣᠷᠬᠠᠶᠢᠯᠠᠬᠤ ᠶᠢ ᠦᠨᠡᠨ ᠬᠦ ᠪᠡᠶᠡᠯᠡᠭᠦᠯᠵᠦ᠂ ︽ᠭᠤᠷᠪᠠᠨ ᠡᠷᠬᠡᠪᠰᠢ︾ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠥᠮ ᠪᠣᠳᠠᠲᠠᠶ ᠳᠤ ᠨᠠᠶᠢᠳᠠᠪᠤᠷᠢᠵᠢᠭᠤᠯᠤᠨ᠂ | ᠪᠠᠷᠢᠯᠭ᠎ᠠ ᠪᠠᠷᠢᠬᠤ ᠬᠦᠷᠢᠶᠡᠨ ᠤ ᠠᠮᠤᠷ ᠲᠦᠪᠰᠢᠨ᠂ ᠬᠥᠮᠦᠨ ᠬᠠᠷ᠎ᠠ ᠨᠢᠭᠲᠠᠷᠬᠠᠰᠠᠨ ᠲᠠᠯᠠᠪᠤᠷ ᠤᠨ ᠠᠮᠤᠷ ᠲᠦᠪᠰᠢᠨ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠭᠤᠣᠯᠳᠠᠯᠭ᠎ᠠ ᠲᠠᠢ ᠠᠩᠬᠠᠷᠴᠤ᠂ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ | ᠬᠡᠷᠡᠭᠲᠡᠶ᠃ | ᠯᠢᠦ ᠪᠦᠦ ᠴᠧᠩ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ | ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠨᠢᠭᠡᠳᠦᠯᠲᠡᠶ ᠲᠥᠯᠥᠪᠵᠢᠭᠦᠯᠵᠦ᠂ ᠰᠢᠶᠠᠨ ᠤ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠵᠢᠯ ᠤᠨ ᠲᠣᠬᠢᠷᠠᠭᠤᠯᠤᠯᠲᠠ | ᠶᠣᠰᠣᠭᠠᠷ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠡᠭᠡᠷ᠎ᠡ ᠭᠠᠳᠠᠨᠠᠬᠢ | ᠲᠦᠢᠮᠡᠷ ᠤᠨ ᠡᠬᠢ ᠰᠤᠷᠪᠤᠯᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠶ᠋ᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠲᠦᠢᠮᠡᠷ ᠤᠨ ᠠᠶᠤᠯ ᠢ ᠵᠠᠰᠠᠬᠤ ᠵᠡᠷᠭᠡ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠲᠦᠢᠮᠡᠷ ᠡᠭᠦᠰᠬᠦ ᠶᠢ ᠡᠷᠡᠰ ᠰᠡᠷᠭᠡᠶᠢᠯᠡᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠯᠢᠦ ᠪᠦᠦ ᠴᠧᠩ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ | ᠱᠠᠯᠠᠪᠳᠠᠨ ᠪᠠᠶᠢᠴᠠᠭᠠᠬᠤ᠂ ᠳᠠᠯᠳᠠᠭᠤᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ ᠶᠢ ᠠᠪᠴᠤ᠂ | ᠠᠶᠤᠯᠭᠦᠶ ᠦᠢᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠶ ᠪᠠᠶᠢᠴᠠᠭᠠᠨ ᠡᠷᠢᠵᠦ᠂ ᠨᠢᠭᠡᠳ | ᠨᠢᠭᠡ ᠪᠠᠷ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠵᠤ᠂ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠠᠬᠢᠨ ᠲᠣᠭᠲᠠᠭᠤᠨ ᠪᠣᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | | ᠯᠢ ᠹᠧᠩ ᠱᠤᠸᠠᠩ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠲᠤᠰᠢᠶᠠᠯ ᠬᠠᠷᠢᠭᠤᠴᠠᠯᠭ᠎ᠠ ᠪᠠᠨ | ᠦᠨᠡᠨᠴᠢ ᠪᠠᠷ ᠭᠦᠶ᠋ᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠮᠤᠷ | ᠲᠦᠪᠰᠢᠨ ᠢᠶᠠᠷ ᠬᠥᠭᠵᠢᠯᠲᠡ ᠳᠤ ᠦᠶ᠋ᠯᠡᠴᠢᠯᠡᠵᠦ᠂ ᠬᠥᠭᠵᠢᠯᠲᠡ ᠶᠢ ᠪᠠᠲᠤᠯᠠᠨ᠂ ᠬᠥᠭᠵᠢᠯᠲᠡ ᠶᠢ ᠠᠬᠢᠭᠤᠯᠵᠤ᠂ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠲᠣᠭᠲᠠᠭᠤᠨ ᠡᠷᠭᠢᠯᠲᠡ | ᠪᠣᠯᠤᠨ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠬᠤ ᠳᠤ ᠰᠠᠶᠢᠨ ᠰᠠᠶᠢᠬᠠᠨ ᠠᠮᠤᠷ ᠲᠦᠪᠰᠢᠨ ᠤ | ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠰᠢᠶᠠᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ | ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠣᠯᠤᠨ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ᠂ ᠰᠢᠶᠠᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ | ᠬᠥᠮᠦᠰ᠂ ᠰᠢᠶᠠᠨ ᠤ ᠳᠣᠲᠣᠷᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | | |