| ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠠᠴᠠ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠳᠣᠪᠤᠶᠢᠯᠭᠠᠵᠤ᠂ ᠪᠣᠬᠢᠷᠲᠤᠯ | ᠦᠭᠡᠶ ᠠᠵᠤ ᠠᠬᠤᠶ ᠶᠢ ᠬᠥᠭᠵᠢᠭᠦᠯᠦᠨ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠶ᠋ᠯᠡᠰ ᠤᠨ | ᠬᠡᠯᠬᠢᠶ᠎ᠡ ᠶᠢ ᠲᠡᠭᠦᠯᠳᠡᠷᠵᠢᠭᠦᠯᠵᠦ᠂ ᠤᠯᠤᠰ ᠤᠨ ᠲᠠᠰ ᠤᠨ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ | ᠵᠢᠱᠢᠶ᠎ᠡ ᠦᠵᠡᠭᠦᠯᠬᠦ ᠣᠷᠣᠨ ᠢ ᠪᠤᠶ ᠪᠣᠯᠭᠠᠨ᠎ᠠ ᠭᠡᠵᠦ ᠳᠤᠷᠠᠳᠤᠨ ᠭᠠᠷᠭᠠᠪᠠ᠃ ᠵᠦᠸᠧᠽᠢ ᠰᠢᠶᠠᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠰᠠᠶᠢᠲᠤᠷ | ᠠᠳᠬᠤᠵᠤ᠂ ᠰᠢᠯᠢᠳᠡᠭ ︽ᠬᠠᠷᠢᠭᠤᠯᠲᠠ ᠶᠢᠨ ᠬᠠᠭᠤᠳᠠᠰᠤ︾ ᠪᠠᠷ ᠣᠳᠣᠬᠢᠴᠢᠯᠠᠭᠰᠠᠨ ᠤᠯᠠᠭᠠᠨᠴᠠᠪ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠵᠦᠸᠧᠽᠢ ᠰᠢᠶᠠᠨ ᠤ ᠭᠠᠷᠮᠠᠭᠠᠶ ᠬᠠᠭᠤᠳᠠᠰᠤ ᠶᠢ ᠪᠢᠴᠢᠭᠯᠡᠬᠦ | ᠬᠡᠷᠡᠭᠲᠡᠶ᠃ | ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠬᠥᠬᠡᠮᠳᠦᠭ ᠨᠣᠭᠤᠭᠠᠨ ᠠᠭᠤᠯᠠ ᠤᠰᠤᠨ ᠤ ᠪᠠᠶᠢᠭᠠᠯᠢ ᠶᠢᠨ | ᠳᠠᠪᠠᠭᠤᠯᠢᠭ ᠵᠢᠴᠢ ᠨᠡᠶᠢᠰᠯᠡᠯ ᠤᠨ ᠨᠢᠭᠡ ᠴᠠᠭ ᠤᠨ ᠠᠵᠤ ᠠᠬᠤᠶ ᠶᠢᠨ ᠲᠣᠭᠤᠷᠢᠭ ᠪᠣᠯᠤᠨ ᠲᠥᠪ ᠤᠨ ᠬᠠᠭᠠᠰ | ᠴᠠᠭ ᠤᠨ ᠠᠮᠢᠳᠤᠷᠠᠯ ᠤᠨ ᠲᠣᠭᠤᠷᠢᠭ ᠲᠤ ᠪᠠᠶᠢᠷᠢᠯᠠᠵᠤ ᠪᠠᠶᠢᠭ᠎ᠠ ᠭᠠᠵᠠᠷ ᠣᠷᠣᠨ ᠤ ᠳᠠᠪᠠᠭᠤᠯᠢᠭ ᠲᠠᠭᠠᠨ | ᠲᠦᠰᠢᠭᠯᠡᠵᠦ᠂ ᠪᠣᠬᠢᠷᠲᠤᠯ ᠦᠭᠡᠶ ᠬᠥᠭᠵᠢᠯᠲᠡ ᠪᠠᠷ ᠭᠤᠣᠯ ᠪᠣᠯᠭᠠᠭᠰᠠᠨ ᠵᠢᠭᠤᠯᠴᠢᠯᠠᠯ ᠤᠨ ᠦᠢᠯᠡᠰ ᠢ ᠶᠡᠭᠡ ᠪᠠᠷ | ᠠᠬᠢᠭᠤᠯᠵᠤ᠂ ︽ᠠᠮᠢ ᠠᠬᠤᠶ ᠦᠵᠡᠰᠬᠦᠯᠡᠩᠲᠦ ᠰᠠᠶᠢᠬᠠᠨ︾ ᠪᠣᠯᠤᠨ ︽ᠠᠵᠤ ᠠᠬᠤᠶ ᠪᠠᠶᠠᠨ ᠴᠢᠨᠡᠭᠡᠯᠢᠭ︾ ᠢ | ᠣᠷᠭᠠᠨᠢᠭ ᠢᠶᠠᠷ ᠤᠶᠠᠯᠳᠤᠭᠤᠯᠵᠤ᠂ ᠤᠳᠤ 4 A ᠲᠠᠰ ᠤᠨ ᠦᠵᠡᠮᠵᠢ ᠶᠢᠨ ᠣᠷᠣᠨ 3᠂ 3 A ᠲᠠᠰ ᠤᠨ | ᠦᠵᠡᠮᠵᠢ ᠶᠢᠨ ᠣᠷᠣᠨ 1 ᠪᠠᠶᠢᠵᠤ᠂ ᠣᠳᠣᠬᠠᠨ ᠪᠣᠯᠲᠠᠯ᠎ᠠ 25 . 3 ᠳ᠋ᠦᠩᠰᠢᠭᠤᠷ ᠲᠥᠭᠦᠷᠢᠭ ᠤᠨ ᠲᠥᠷᠥᠯ | ᠵᠦᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 300 ᠭᠠᠷᠤᠶ ᠲᠦᠮᠡᠨ ᠬᠥᠮᠦᠨ ᠤᠳᠠᠭ᠎ᠠ ᠶᠢᠨ | ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 5 ᠳ᠋ᠦᠩᠰᠢᠭᠤᠷ ᠲᠥᠭᠦᠷᠢᠭ ᠲᠤ ᠬᠦᠷᠴᠡᠶ᠃ | ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠤ | ᠳᠠᠷᠠᠭ᠎ᠠ᠂ ᠵᠦᠸᠧᠽᠢ ᠰᠢᠶᠠᠨ ᠤ ᠬᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ | ᠤᠯᠤᠰ ᠤᠨ ᠲᠠᠰ ᠤᠨ ᠰᠣᠶᠣᠯ ᠵᠢᠭᠤᠯᠴᠢᠯᠠᠯ ᠪᠡᠶ᠎ᠡ ᠮᠠᠬᠠᠪᠣᠳ ᠡᠷᠡᠭᠦᠯ ᠮᠡᠨᠳᠦ ᠰᠤᠪᠢᠯᠠᠯᠲᠠ ᠶᠢᠨ ᠵᠢᠱᠢᠶ᠎ᠡ | ᠦᠵᠡᠭᠦᠯᠬᠦ ᠲᠣᠭᠤᠷᠢᠭ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠵᠤ ᠵᠠᠰᠠᠨ ᠰᠡᠷᠭᠦᠭᠡᠬᠦ ᠶᠢ ᠪᠦᠬᠦ ᠲᠠᠯ᠎ᠠ ᠪᠠᠷ | ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢᠨ ᠵᠢᠭᠤᠯᠴᠢᠯᠠᠯ ᠢ ᠵᠦᠸᠧᠽᠢ ᠰᠢᠶᠠᠨ ᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ ᠦᠶ᠋ᠯᠡᠰ ᠪᠣᠯᠭᠠᠬᠤ ᠪᠠᠷ ᠬᠦᠴᠦᠯᠡᠨ ᠴᠢᠷᠮᠠᠶᠢᠪᠠ᠃ | ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ᠄ ᠤᠬᠠᠭᠤᠯᠭ᠎ᠠ ᠶᠢ ᠠᠳᠬᠤᠵᠤ᠂ ᠵᠠᠬ᠎ᠠ | ᠳᠡᠯᠭᠡᠭᠦᠷ ᠢ ᠥᠷᠭᠡᠳᠬᠡᠵᠦ᠂ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠣᠶ ᠰᠢᠭᠤᠶ ᠶᠢᠨ | ᠡᠷᠡᠭᠦᠯᠵᠢᠯ ᠰᠤᠪᠢᠯᠠᠯᠲᠠ᠂ ᠲᠠᠯ᠎ᠠ ᠨᠤᠲᠤᠭ ᠤᠨ ᠵᠤᠰᠠᠯᠠᠩ᠂ ᠤᠲᠤᠮᠠᠯ ᠲᠠᠬᠢᠶ᠎ᠠ ᠶᠢᠨ ᠨᠤᠲᠤᠭ ᠤᠨ ᠠᠯᠳᠠᠷᠰᠢᠯ ᠢ | ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠡᠮᠬᠢᠯᠡᠨ ᠨᠡᠶᠢᠯᠡᠭᠦᠯᠬᠦ ᠶᠢ ᠠᠳᠬᠤᠵᠤ᠂ ᠣᠨᠴᠠᠯᠢᠭ ᠢᠶᠠᠨ | ᠪᠤᠶᠢᠵᠢᠭᠤᠯᠤᠨ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠨᠢᠭᠡ ᠴᠣᠭᠴᠠᠵᠢᠭᠤᠯᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠬᠤᠩ ᠵᠤᠤ ᠶᠢᠨ ᠵᠢᠦ ᠯᠦᠩ ᠸᠠᠨ᠂ ᠬᠤᠩ ᠱᠢ ᠶᠠ | ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ︽ᠵᠠᠭᠤᠨ ᠭᠠᠵᠠᠷ ᠤᠨ ᠴᠡᠴᠡᠭ ᠤᠨ | ᠬᠤᠩᠭᠢᠯ ᠢ ᠪᠠᠶᠢᠭᠤᠯᠬᠤ ᠪᠠᠷ ᠳᠠᠮᠵᠢᠭᠤᠯᠤᠨ ᠬᠤᠶᠠᠷ ᠦᠵᠡᠮᠵᠢ ᠶᠢᠨ ᠣᠷᠣᠨ ᠢ ᠨᠢᠭᠡ ᠴᠣᠭᠴᠠ ᠪᠣᠯᠭᠠᠨ | ᠠᠭᠤᠰᠤᠯᠴᠠᠭᠤᠯᠵᠤ᠂ ᠠᠭᠤᠯᠠ ᠲᠠᠢ ᠤᠰᠤ ᠲᠠᠢ᠂ ᠣᠶ ᠲᠠᠢ ᠴᠡᠴᠡᠭ ᠲᠠᠢ᠂ ᠨᠠᠭᠤᠷ ᠲᠠᠢ ᠡᠪᠡᠰᠦ ᠲᠠᠢ | ᠶᠡᠷᠦᠩᠬᠡᠶᠢᠯᠡᠭᠰᠡᠨ ᠴᠢᠨᠠᠷᠲᠠᠶ ᠦᠵᠡᠮᠵᠢ ᠶᠢᠨ ᠣᠷᠣᠨ ᠢ ᠪᠠᠶᠢᠭᠤᠯᠤᠨ᠎ᠠ︔ ᠯᠢᠨᠬᠦ᠋ᠰᠠᠢ ᠶᠢᠨ 5 A ᠲᠠᠰ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠰᠢᠩ ᠰᠢᠩ ᠭᠸᠦ᠂ ᠰᠤᠬᠠᠶ ᠶᠢᠨ ︽ | ᠴᠢᠨᠡᠭᠡᠯᠢᠭ ᠵᠢᠱᠢᠶ᠎ᠡ ᠦᠵᠡᠭᠦᠯᠬᠦ ᠲᠣᠰᠬᠤᠨ︾ ᠢ ᠰᠠᠶᠢᠲᠤᠷ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢ | ᠵᠢᠭᠤᠯᠴᠢᠯᠠᠯ ᠤᠨ ᠰᠢᠨ᠎ᠡ ᠨᠡᠷᠡᠲᠦ ᠳᠡᠮᠳᠡᠭ ᠪᠣᠯᠭᠠᠨ᠎ᠠ᠃ ᠬᠤᠪᠢᠰᠬᠠᠯ ᠤᠨ ᠬᠥᠮᠦᠵᠢᠯ ᠤᠨ ᠵᠤᠭᠠᠴᠠᠯ᠂ ᠪᠣᠬᠢᠷᠲᠤᠯ | ᠦᠭᠡᠶ ᠡᠷᠡᠭᠦᠯ ᠮᠡᠨᠳᠦ ᠶᠢᠨ ᠵᠤᠭᠠᠴᠠᠯ᠂ ᠮᠥᠩᠭᠦᠨ ᠴᠠᠭᠠᠨ ᠮᠥᠰᠥ ᠴᠠᠰᠤᠨ ᠤ ᠵᠤᠭᠠᠴᠠᠯ᠂ ᠴᠡᠩᠬᠡᠷ ᠤᠰᠤᠨ ᠤ | ᠵᠤᠭᠠᠴᠠᠯ᠂ ᠡᠷᠲᠡᠨ ᠤ ᠰᠣᠶᠣᠯ ᠤᠨ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠶ ᠪᠦᠵᠢᠭᠤᠯᠵᠤ | ᠂ ᠬᠠᠲᠤᠨ ᠭᠤᠣᠯ ᠤᠨ ᠬᠡᠵᠢᠶᠡᠨ ᠤ ᠠᠮᠢ ᠠᠬᠤᠶ ᠶᠢᠨ ᠰᠣᠶᠣᠯ ᠤᠨ ᠵᠤᠭᠠᠴᠠᠯ ᠢ ᠪᠣᠳᠠᠲᠠᠢᠵᠢᠭᠤᠯᠵᠤ᠂ ᠬᠥᠬᠡᠬᠤᠲᠠ | ᠪᠤᠭᠤᠲᠤ ᠣᠷᠳᠣᠰ ᠢ ᠲᠦᠰᠢᠭᠰᠡᠨ᠂ ᠪᠡᠭᠡᠵᠢᠩ ᠲᠢᠶᠠᠨᠵᠢᠨ ᠾᠧᠪᠧᠶ ᠳᠤ ᠬᠠᠨᠳᠤᠭᠤᠯᠤᠭᠰᠠᠨ ᠵᠤᠭᠠᠴᠠᠯ ᠤᠨ | ᠵᠤᠰᠠᠯᠠᠩ ᠰᠡᠯᠡᠭᠦᠴᠡᠯ ᠠᠮᠠᠷᠠᠯᠲᠠ ᠶᠢᠨ ᠭᠠᠵᠠᠷ ᠢ ᠬᠦᠴᠦᠯᠡᠨ ᠪᠠᠶᠢᠭᠤᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |