ᠵᠦᠸᠧᠽᠢ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠬᠠᠮᠲᠤᠷᠠᠨ ︽3.8︾ ᠤ ᠪᠠᠶᠠᠷ ᠢ ᠪᠡᠯᠭᠡᠯᠡᠬᠦ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2021/3/10
     ᠵᠢᠯ ᠳᠤ ᠨᠢᠭᠡ ᠤᠳᠠᠭ᠎ᠠ ᠶᠠᠪᠤᠭᠳᠠᠳᠠᠭ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠠᠯᠪᠠᠨ ᠬᠡᠷ ᠤᠨ ᠡᠮᠡᠭᠲᠡᠶ ᠺᠠᠳ᠋ᠷ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠤᠨ ᠂ ᠡᠮᠡᠭᠲᠡᠶ ᠺᠠᠳ᠋ᠷ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠪᠥᠬᠦ ᠡᠮᠡᠭᠲᠡᠶ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠵᠦᠸᠧᠽᠢ ᠰᠢᠶᠠᠨ ᠤ ᠠᠮᠢ ᠠᠬᠤᠶ ᠶᠢᠨ ᠠᠭᠤᠯᠠᠨ ᠤ ᠵᠢᠦ ᠴᠢᠦᠶ ᠲᠠᠯᠠᠪᠠᠶ ᠳᠤ ︽ᠡᠮᠡᠭᠲᠡᠶᠢᠴᠦᠳ ᠬᠦᠴᠦ ᠪᠠᠨ ᠬᠠᠮᠲᠤᠳᠬᠠᠨ ᠥᠩᠭᠡ ᠭᠢᠯᠪᠠᠭ᠎ᠠ ᠶᠢ ᠪᠢᠴᠢᠭᠯᠡᠬᠦ︾ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠷᠨᠢᠭᠦᠯᠪᠡ᠃
  ᠠᠵᠢᠯᠯᠠᠭ᠎ᠠ ᠶᠢᠨ ᠳᠤᠮᠳᠠ᠂ ᠡᠯ᠎ᠡ ᠳᠤᠭᠤᠶᠢᠯᠠᠩ ᠤᠨ ᠭᠡᠰᠢᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ︾ ᠭᠤᠷᠪᠠᠨ ᠬᠥᠮᠦᠨ ᠤ ᠮᠣᠳᠣᠨ ᠭᠢᠰᠬᠢᠭᠦᠷ᠂ ᠬᠤᠶᠠᠷ ᠬᠥᠮᠦᠨ ᠭᠤᠷᠪᠠᠨ ᠬᠥᠯ᠂ ᠳᠡᠭᠡᠰᠦ ᠦᠰᠦᠷᠬᠦ᠂ ᠲᠡᠪᠡᠭ ᠢᠰᠬᠦᠯᠬᠦ᠂ ᠫᠢᠩᠫᠠᠩ ᠪᠥᠮᠪᠦᠭᠡ ᠡᠷᠭᠦᠨ ᠭᠦᠶᠦᠬᠦ᠂ ᠶᠢᠰᠦᠨ ᠨᠤᠭᠤᠯᠤᠭ᠎ᠠ ᠶᠢ ᠲᠣᠭᠤᠷᠢᠬᠤ ᠵᠡᠷᠭᠡ ᠤᠷᠤᠯᠳᠤᠭᠠᠨ ᠤ ᠵᠦᠶ᠋ᠯ ᠳᠤ ᠡᠷᠳᠡᠮ ᠴᠢᠳᠠᠪᠤᠷᠢ ᠪᠠᠨ ᠶᠡᠭᠡ ᠪᠠᠷ ᠦᠵᠡᠭᠦᠯᠵᠦ᠂ ᠴᠤᠭ ᠵᠢᠪᠬᠤᠭ᠎ᠠ ᠪᠠᠨ ᠪᠠᠳᠠᠷᠠᠭᠤᠯᠵᠠᠶ᠃
   ᠠᠵᠢᠯᠯᠠᠭ᠎ᠠ ᠶᠢᠨ ᠡᠴᠦᠰ ᠲᠤ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠪᠣᠯᠤᠨ ᠵᠠᠰᠠᠭ ᠤᠨ ᠣᠷᠳᠣᠨ ᠤ ᠡᠷᠭᠢᠯᠡᠭᠰᠡᠨ ᠪᠣᠶ ᠪᠥᠬᠦᠶ ᠡᠮᠡᠭᠲᠡᠶ ᠺᠠᠳ᠋ᠷ ᠠᠵᠢᠯᠲᠠᠨ ᠠᠵᠢᠯᠴᠢᠨ ᠳᠡᠭᠡᠰᠦ ᠲᠠᠲᠠᠬᠤ ᠤᠷᠤᠯᠳᠤᠭᠠᠨ ᠶᠠᠪᠤᠭᠤᠯᠵᠤ᠂ ᠰᠣᠨᠢᠷᠬᠠᠯᠲᠤ ᠲᠠᠮᠢᠷ ᠤᠨ ᠴᠤᠭᠯᠠᠭᠠᠨ ᠤ ᠠᠵᠢᠯᠯᠠᠭ᠎ᠠ ᠶᠢ ᠣᠷᠭᠢᠯ ᠳᠤᠨᠢ ᠬᠦᠷᠭᠡᠪᠡ᠃
  ᠲᠣᠰ ᠤᠳᠠᠭᠠᠨ ᠤ ᠰᠣᠨᠢᠷᠬᠠᠯᠲᠤ ᠲᠠᠮᠢᠷ ᠤᠨ ᠴᠤᠭᠯᠠᠭᠠᠨ ᠢᠶᠠᠷ ᠳᠠᠮᠵᠢᠭᠤᠯᠤᠨ᠂ ᠡᠮᠡᠭᠲᠡᠶ ᠠᠵᠢᠯᠲᠠᠨ ᠠᠵᠢᠯᠴᠢᠨ ᠤ ᠡᠮᠡᠭᠲᠡᠶᠢᠴᠦᠳ ᠤᠨ ᠴᠤᠭ ᠵᠢᠪᠬᠤᠭ᠎ᠠ᠂ ᠢᠳᠡᠪᠬᠢᠲᠡᠶ ᠪᠠᠷ ᠳᠠᠶᠢᠴᠢᠯᠠᠭᠰᠠᠨ ᠣᠯᠠᠨ ᠢᠶᠠᠷ ᠢᠶᠠᠨ ᠬᠠᠮᠵᠢᠯᠴᠠᠨ ᠠᠵᠢᠯᠯᠠᠬᠤ ᠤᠬᠠᠮᠰᠠᠷ ᠢ ᠭᠦᠶ᠋ᠴᠡᠳ ᠢᠯᠡᠷᠡᠭᠦᠯᠵᠦ᠂ ᠬᠤᠭᠤᠷᠣᠨᠳᠣᠬᠢ ᠣᠶᠢᠯᠠᠭᠠᠯᠴᠠᠭ᠎ᠠ ᠪᠠ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ᠃                          ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2