2021 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/11
ᠵᠠᠰᠠᠭ ᠤᠨ ᠣᠷᠳᠣᠨ ᠤ ᠠᠵᠢᠯ ᠤᠨ ᠢᠯᠡᠳᠬᠡᠯ — — 2021 ᠣᠨ ᠤ 3 ᠰᠠᠷ᠎ᠠ ᠶᠢᠨ 4 ᠤ ᠡᠳᠦᠷ ᠵᠦᠸᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠢᠩ ᠲᠥᠯᠥᠭᠡᠯᠡᠭᠴᠢᠳ ᠡ᠄    ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠭᠠᠷᠭᠠᠬᠤ ᠪᠣᠯᠪᠠᠤ᠃ ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ    2020 ᠣᠨ ᠪᠣᠯ ᠵᠦᠸᠧᠽᠢ ᠶᠢᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ ᠡᠭᠦᠷᠭᠡ ᠶᠢᠨ ᠡᠮᠦᠨ᠎ᠡ᠂ ᠢᠯᠠᠩᠭᠤᠶ᠎ᠠ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠠᠴᠠ ᠪᠣᠯᠵᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠦᠢᠯᠡᠳᠦᠯᠭᠡᠵᠢᠭᠦᠯᠵᠦ᠂ ᠦᠨᠡᠨ ᠪᠣᠳᠠᠲᠠᠶ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠭᠠᠳ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠪᠦᠲᠦᠮᠵᠢᠲᠡᠶ ᠪᠠᠷ ᠬᠤᠷᠢᠭᠯᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠡᠶᠡᠯᠡᠭᠦᠯᠵᠡᠶ᠃ ᠪᠥᠬᠦ ᠵᠢᠯ ᠳᠤ ᠭᠠᠵᠠᠷ ᠣᠷᠣᠨ ᠤ ᠤᠶᠢᠯᠡᠳᠪᠦᠷᠢᠯᠡᠯ ᠤᠨ ᠪᠥᠬᠦ ᠥᠷᠲᠡᠭ 54.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 13.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33.8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠨᠡᠮᠡᠭᠳᠡᠯ ᠥᠷᠲᠡᠭ 16.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.2% ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 9.46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 32328 ᠲᠥᠭᠦᠷᠢᠭ ᠪᠠ 13075 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1% ᠪᠠ 8% ᠪᠠᠷ ᠨᠡᠮᠡᠭᠳᠡᠪᠡ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠣᠬᠢᠰᠲᠠᠢ ᠣᠷᠣᠨ ᠵᠠᠢ ᠳᠤ ᠣᠷᠣᠰᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠪᠣᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠴᠥᠮ ᠪᠦᠬᠦ ᠬᠤᠳᠠ ᠶᠢᠨ ᠨᠢᠭᠡᠳᠦᠭᠡᠷ ᠲᠤ ᠣᠷᠣᠪᠠ᠃    ︵ᠨᠢᠭᠡ︶ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠡᠰᠡᠷᠭᠦᠴᠡᠵᠦ ᠲᠣᠭᠲᠠᠭᠤᠨ ᠪᠠᠶᠢᠳᠠᠯ ᠢ ᠪᠠᠲᠤᠯᠠᠨ᠎ᠠ  ᠵᠢᠯ ᠤᠨ ᠡᠬᠢᠨ ᠳᠤ ᠳᠡᠯᠭᠡᠷᠡᠵᠦ ᠪᠠᠶᠢᠭᠰᠠᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠵᠠᠷᠯᠢᠭ ᠤᠨ ᠳᠠᠭᠠᠤ ᠬᠥᠳᠡᠯᠵᠦ᠂ ᠬᠢᠵᠢᠭ ᠤᠨ ᠵᠦᠭ ᠬᠥᠳᠡᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠷᠡ ᠳᠠᠷᠤᠢ ᠳᠤᠨᠢ ᠡᠬᠢᠯᠡᠭᠦᠯᠪᠡ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠴᠠᠭ ᠲᠤᠬᠠᠶ ᠳᠤᠨᠢ ᠲᠣᠬᠢᠷᠠᠭᠤᠯᠤᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠨᠢᠭᠲᠠ ᠠᠩᠬᠠᠷᠴᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠤᠨ᠂ ︽ᠳᠥᠷᠪᠡᠨ ᠡᠷᠲᠡ ᠶᠢᠨ ᠠᠷᠭ᠎ᠠ ᠬᠡᠮᠵᠢᠶ᠎ᠡ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠡᠪᠡᠳᠴᠢᠨ ᠤ ᠵᠢᠱᠢᠶ᠎ᠡ ᠥᠬᠡᠶ︾ ︽ᠣᠷᠣᠭᠤᠯᠤᠯᠲᠠ ᠥᠬᠡᠶ︾ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠪᠥᠬᠦ ᠵᠢᠯ ᠳᠤ 3718 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠡᠮᠴᠢᠯᠡᠭᠡᠨ ᠤ ᠲᠥᠬᠦᠭᠡᠷᠦᠮᠵᠢ᠂ ᠡᠳ᠋ ᠪᠣᠳᠠᠰ ᠤᠨ ᠨᠥᠭᠡᠴᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠲᠠᠯ᠎ᠠ ᠳᠤ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ ᠶᠢ ᠴᠢᠳᠠᠬᠤ ᠶᠢᠨ ᠬᠢᠷᠢ ᠪᠠᠷ ᠬᠠᠩᠭᠠᠨ᠎ᠠ᠃ ᠪᠥᠬᠦ ᠰᠢᠶᠠᠨ ᠤ ᠡᠮᠴᠢᠯᠡᠭᠡᠨ ᠤ ᠠᠪᠤᠷᠠᠨ ᠵᠠᠰᠠᠬᠤ ᠡᠩᠨᠡᠭᠡ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠪᠥᠬᠦ ᠵᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠲᠣᠭᠲᠠᠭᠤᠨ ᠪᠠᠶᠢᠵᠤ᠂ ᠠᠮᠤ ᠪᠤᠳᠠᠭ᠎ᠠ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠭᠦᠶ᠋ᠴᠡᠳ ᠪᠠᠶᠢᠵᠤ᠂ ᠭᠤᠤᠯᠳᠠᠯᠭ᠎ᠠ ᠲᠠᠢ ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠡᠮᠬᠢ ᠵᠢᠷᠤᠮ ᠲᠠᠢ ᠠᠭᠢᠵᠤ᠂ ᠪᠥᠬᠦ ᠰᠢᠶᠠᠨ ᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠬᠢᠵᠢᠭ ᠤᠨ ᠪᠠᠶᠢᠳᠠᠯ ᠢ ᠡᠰᠡᠷᠭᠦᠴᠡᠬᠦ ᠲᠡᠮᠡᠴᠡᠯ ᠤᠨ ᠳᠤᠮᠳᠠ ᠪᠦᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮᠨᠡᠯᠭᠡ ᠶᠢᠨ ᠠᠵᠢᠯᠲᠠᠳ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠡᠮᠦᠨ᠎ᠡ ᠨᠢ ᠭᠠᠪᠰᠢᠭᠠᠶᠢᠯᠠᠨ᠂ ᠬᠠᠷᠢᠭᠤᠴᠠᠯᠭ᠎ᠠ ᠡᠭᠦᠷᠭᠡᠯᠡᠨ᠂ ᠠᠷᠠᠳ ᠣᠯᠠᠨ ᠢᠳᠡᠪᠬᠢᠲᠡᠶ ᠪᠠᠷ ᠳᠡᠮᠵᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠪᠳᠡᠷᠡᠰᠢ ᠦᠭᠡᠶ ᠪᠠᠲᠤ ᠪᠠᠬᠢ ᠪᠣᠯᠣᠳ ᠲᠡᠮᠦᠷ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠬᠠᠷᠠᠭᠤᠯᠵᠠᠶ    ︵ᠬᠤᠶᠠᠷ︶ ᠲᠣᠬᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ ᠬᠥᠭᠵᠢᠯᠲᠡ ᠶᠢ ᠠᠬᠢᠭᠤᠯᠤᠨ᠎ᠠ᠃ ᠲᠣᠬᠢᠷᠠᠭᠤᠯᠵᠤ ᠰᠢᠪᠠᠳᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠰᠠᠷ᠎ᠠ ᠳᠠᠷᠠᠭᠠᠯᠠᠨ ᠳᠡᠭᠡᠭᠰᠢᠯᠡᠭᠦᠯᠪᠡ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 2150 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ᠂ ᠦᠢᠯᠡᠳᠬᠦᠨ ᠤ ᠣᠷᠣᠵᠤ ᠭᠠᠷᠬᠤ ᠶᠢᠨ ᠰᠠᠭᠠᠳ ᠦᠭᠡᠢ ᠨᠡᠪᠲᠡᠷᠡᠬᠦ ᠶᠢ ᠬᠦᠴᠦᠯᠡᠨ ᠪᠠᠲᠤᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤ ᠪᠠᠷ ᠠᠵᠤ ᠠᠬᠤᠶᠢᠯᠠᠯ ᠤᠨ ᠪᠡᠯᠡ ᠮᠥᠩᠭᠦᠨ ᠤ ᠡᠷᠭᠢᠯᠲᠡ ᠶᠢᠨ ᠬᠦᠴᠢᠷᠳᠡᠯ ᠢ ᠰᠢᠢᠳᠪᠦᠷᠢᠯᠡᠵᠦ ᠥᠭᠭᠦᠨ᠎ᠡ᠃ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠢᠶᠠᠷ ᠳᠠᠮᠵᠢᠭᠤᠯᠤᠨ 62 ᠲᠥᠷᠥᠯ ᠵᠦᠢᠯ ᠢ ᠳᠡᠩᠰᠡᠯᠡᠵᠦ ᠴᠤᠬᠤᠯᠠᠪᠤᠷᠢᠯᠠᠬᠤ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠤ 20 ᠵᠦᠢᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠵᠤ᠂ 5.42 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠵᠥᠪᠰᠢᠶᠡᠷᠡᠪᠡ᠃ ᠭᠠᠵᠠᠷ ᠲᠠᠷᠢᠶᠠᠨ ᠤ ᠳᠡᠯᠭᠡᠴᠡ ᠶᠢᠨ ᠠᠵᠤ ᠠᠬᠤᠶ ᠦᠳᠲᠡᠷ ᠲᠦᠷᠭᠡᠨ ᠰᠠᠶᠢᠵᠢᠷᠠᠵᠤ᠂ 2020 ᠣᠨ ᠤ ᠠᠵᠢᠯ ᠢᠶᠠᠨ ᠰᠡᠷᠭᠦᠭᠡᠵᠦ ᠪᠦᠲᠦᠭᠡᠭᠳᠡᠬᠦᠨ ᠢᠶᠠᠨ ᠰᠡᠷᠭᠦᠭᠡᠬᠦ ᠰᠣᠶᠣᠯ ᠤᠨ ᠰᠣᠯᠢᠯᠴᠠᠭᠠᠨ ᠤ ᠴᠤᠭᠯᠠᠭᠠᠨ ᠢ ᠠᠮᠵᠢᠯᠲᠠ ᠲᠠᠢ ᠪᠠᠷ ᠡᠷᠬᠢᠯᠡᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠭᠦᠢᠴᠡᠳᠬᠡᠬᠦ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠶᠠᠨ ᠤ ᠱᠠᠲᠤᠨ ᠤ ᠡᠩ ᠤᠨ ᠴᠢᠨᠠᠷᠲᠠᠶ ᠵᠠᠷᠤᠯᠭ᠎ᠠ ᠶᠢ 2.75% ᠪᠠᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 7.2 % ᠢᠶᠠᠷ ᠪᠠᠭᠠᠰᠬᠠᠵᠤ᠂ ᠪᠡᠯᠡ ᠮᠥᠩᠭᠦ ᠶᠢ ᠬᠠᠰᠤᠵᠤ ᠬᠥᠭᠵᠢᠯᠲᠡ ᠶᠢᠨ ᠬᠡᠷᠡᠭᠴᠡᠭᠡ ᠳᠤ ᠬᠡᠷᠡᠭᠯᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ 2.36 ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ  ᠪᠠᠨ ᠳᠠᠪᠠᠭᠤᠯᠤᠨ ᠪᠡᠶᠡᠯᠡᠭᠦᠯᠵᠦ᠂ ᠠᠷᠠᠳ ‍ᠤᠨ‌‍ᠪᠠᠯᠠ‌ᠣᠷᠣᠭᠤᠯᠤᠯᠲᠠ ᠵᠢᠨ‌ᠢᠲᠡᠭᠡᠯ ᠢ‌‍ᠬᠥ᠋ᠭᠵᠢᠭᠡᠪᠡ᠃    ︵ᠭᠤᠷᠪᠠ︶ ᠶᠠᠳᠠᠭᠤ ᠬᠦᠴᠢᠷᠳᠡᠯ ᠠᠴᠠ ᠪᠣᠯᠵᠣ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ   2020 ᠣᠨ ᠤ ᠰᠡᠭᠦᠯᠴᠢ ᠪᠣᠯᠬᠤ ᠳᠤ᠂ ᠦᠯᠡᠳᠡᠭᠰᠡᠨ 416 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠢᠳᠡ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ 2.08 ᠳ᠋ᠦᠩᠰᠢᠭᠤᠷ ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠪᠥᠬᠦ ᠬᠤᠲᠠ ᠳᠤ ᠨᠢᠭᠡᠳᠦᠭᠡᠷ ᠲᠤ ᠣᠷᠣᠭᠤᠯᠪᠠ᠃ ᠶᠠᠳᠠᠭᠤᠷᠠᠬᠤ ᠶᠢ ᠰᠡᠷᠭᠡᠶᠢᠯᠡᠬᠦ ᠲᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠲᠠᠬᠢᠨ ᠶᠠᠳᠠᠭᠤᠷᠠᠬᠤ ᠵᠢᠴᠢ ᠰᠢᠨ᠎ᠡ ᠪᠠᠷ ᠪᠤᠢ ᠪᠣᠯᠤᠭᠰᠠᠨ ᠶᠠᠳᠠᠭᠤᠷᠠᠯ ᠤᠨ ᠦᠵᠡᠭᠳᠡᠯ ᠡᠭᠦᠰᠬᠦ ᠶᠢ ᠪᠦᠲᠦᠮᠵᠢᠲᠡᠢ ᠡᠬᠢ ᠡᠭᠦᠰᠦᠯ ᠠᠴᠠ ᠨᠢ ᠬᠤᠷᠢᠭᠯᠠᠪᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠪᠦᠬᠦ ᠤᠯᠤᠰ ᠤᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠢᠯᠡᠳᠲᠡ ᠰᠢᠶᠠᠨ︾ ᠭᠡᠬᠦ ᠢᠷᠠᠭᠤ ᠠᠯᠳᠠᠷ ᠤᠨ ᠴᠣᠯᠠ ᠪᠠᠷ ᠦᠨᠡᠯᠡᠭᠳᠡᠪᠡ᠃ ᠪᠡᠭᠡᠵᠢᠩ ᠬᠤᠳᠠ ᠶᠢᠨ ᠴᠤᠤᠶᠠᠩ ᠲᠣᠭᠤᠷᠢᠭ ᠪᠣᠯᠤᠨ ᠳᠤᠮᠳᠠᠳᠤ ᠤᠯᠤᠰ ᠤᠨ ᠲᠠᠯᠠᠢ ᠶᠢᠨ ᠲᠤᠰᠤ ᠶᠢ ᠬᠠᠪᠰᠤᠷᠤᠨ ᠲᠡᠳᠬᠦᠬᠦ ᠡᠷᠴᠢᠮ ᠢ ᠰᠤᠯᠠᠷᠠᠭᠤᠯᠤᠭᠰᠠᠨ ᠦᠭᠡᠢ ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠴᠢᠳᠠᠪᠤᠷᠢᠲᠠᠨ ᠤ ᠮᠡᠷᠭᠡᠵᠢᠯ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠦᠷᠭᠦᠯᠵᠢᠯᠡᠨ ᠶᠡᠭᠡ ᠳᠡᠮᠵᠢᠯᠭᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠺᠠᠳ᠋ᠷ ᠢ ᠬᠢᠨᠠᠨ ᠵᠢᠯᠣᠭᠤᠳᠬᠤ ᠮᠥᠷᠲᠡᠭᠡᠨ ᠪᠠᠰᠠ ᠠᠵᠤ ᠦᠢᠯᠡᠰ ᠢ ᠬᠠᠪᠰᠤᠷᠤᠨ ᠲᠡᠳᠬᠦᠵᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠪᠦᠳᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠤᠯᠤᠯᠲᠠ ᠶᠢᠨ ᠰᠢᠰᠲᠧᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠪᠡ᠃ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠦᠷᠦᠯ ᠵᠦᠢᠯ ᠡᠷᠡᠭᠦᠯ ᠢᠶᠠᠷ ᠬᠥᠭᠵᠢᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠦᠷᠭᠦᠯᠵᠢᠯᠡᠨ ᠪᠤᠵᠠᠭᠠᠶᠢᠷᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠰᠠᠭᠤᠷᠢ ᠲᠠᠯᠪᠢᠪᠠ᠃ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠤᠨ ᠪᠠᠶᠢᠴᠠᠭᠠᠯᠲᠠ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠤᠯᠤᠰ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠴᠢᠨᠠᠷ ᠰᠠᠶᠢᠲᠠᠢ ᠬᠦᠯᠢᠶᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 2.6 ᠲᠦᠮᠡᠨ ᠮᠥ ᠪᠠᠶᠢᠭᠤᠯᠤᠨ ᠪᠦᠲᠦᠭᠡᠪᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ  ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠲᠦᠯᠬᠢᠨ ᠠᠬᠢᠭᠤᠯᠬᠤ 43 ᠵᠦᠢᠯᠡᠰ ᠢ ᠡᠬᠢᠯᠡᠨ ᠬᠡᠷᠡᠭᠵᠢᠭᠦᠯᠪᠡ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠡᠭᠡᠯᠢᠯᠡᠭᠡ ᠶᠢᠨ ᠨᠢᠭᠲᠠᠴᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ 5324 ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ ᠪᠠᠶᠢᠭᠤᠯᠵᠤ᠂ ᠲᠦᠭᠡᠮᠡᠯᠵᠢᠭᠦᠯᠦᠭᠰᠡᠨ ᠨᠣᠷᠮ᠎ᠠ 32% ᠲᠤ ᠬᠥᠷᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 96.78 ᠺᠢᠯᠣᠮᠧᠲᠷ ᠰᠢᠨ᠎ᠡ ᠪᠠᠷ ᠵᠠᠰᠠᠵᠤ ᠥᠭᠡᠷᠡᠴᠢᠯᠡᠪᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠤᠷᠤᠭᠰᠢᠲᠠᠶ ᠠᠬᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠡᠭᠦᠰᠬᠡᠯ ᠤᠨ ᠵᠢᠯ ᠳᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠦ ᠲᠡᠷᠡ᠂ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠶᠠᠳᠠᠭᠤ ᠶᠢ ᠲᠡᠳᠬᠦᠬᠦ ᠺᠠᠳ᠋ᠷ ᠴᠤ ᠲᠡᠷᠡ᠂ ᠤᠯᠠᠨ ᠢᠶᠠᠷ ᠢᠶᠠᠨ ᠦᠨᠡᠨ ᠰᠡᠳᠬᠢᠯᠭᠡ ᠪᠠ ᠬᠦᠴᠦ ᠬᠥᠯᠥᠰᠥ ᠪᠠᠷ ᠢᠶᠠᠨ ᠠᠭᠤᠤ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠲᠡᠦᠬᠡ ᠶᠢᠨ ᠬᠠᠭᠤᠳᠠᠰᠤ ᠶᠢ ᠭᠡᠶᠢᠭᠦᠯᠬᠦ ᠠᠭᠤᠤ ᠶᠡᠭᠡ ᠠᠶᠠᠨ ᠵᠠᠮ ᠳᠤ ︽ᠬᠥᠮᠦᠨ ᠪᠦᠬᠦᠨ ᠠᠮᠠᠷ ᠦᠭᠡᠢ︾︕    ︵ᠳᠥᠷᠪᠡ︶ ᠪᠥᠬᠦ ᠬᠦᠴᠦᠨ ᠢᠶᠠᠷ ᠢᠶᠠᠨ ᠠᠵᠤ ᠦᠶ᠋ᠯᠡᠰ ᠢ ᠬᠥᠭᠵᠢᠭᠦᠯᠵᠦ ᠲᠣᠭᠲᠠᠭᠤᠨ ᠢᠶᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠢᠩ ᠹᠤᠩ᠂ ᠽᠢ ᠴᠧᠨ᠂  ᠵᠦᠸᠧ  ᠶᠤᠸᠠᠢ ᠳᠡᠭᠡᠳᠦ ᠰᠢᠨ᠎ᠡ ᠮᠠᠲ᠋ᠧᠷᠢᠶᠠᠯ ᠤᠨ ᠵᠦᠢᠯᠡᠰ ᠤᠨ ᠨᠢᠭᠡᠳᠦᠭᠡᠷ ᠬᠤᠭᠤᠴᠠᠭ᠎ᠠ ᠶᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢ ᠱᠠᠯᠠᠪᠳᠠᠨ ᠬᠢᠨ᠎ᠡ᠃ ᠳᠤᠮᠳᠠᠳᠤ ᠢᠰᠫᠠᠨᠢ ᠶᠢᠨ ᠠᠭᠤᠷᠬᠠᠶ ᠶᠢᠨ ᠦᠢᠯᠡᠰ ᠤᠨ ᠳᠠᠮᠫᠤᠷᠠᠭᠰᠠᠨ ᠢ ᠲᠠᠬᠢᠨ ᠴᠡᠭᠴᠡᠯᠡᠬᠦ ᠠᠵᠢᠯ ᠢ ᠪᠡᠶᠡᠯᠡᠭᠦᠯᠵᠦ᠂ 500 ᠲᠦᠮᠡᠨ ᠲᠣᠨ ᠤ ᠮᠡᠷᠭᠡᠵᠢᠯ ᠤᠨ ᠥᠭᠡᠷᠡᠴᠢᠯᠡᠯᠲᠡ ᠶᠢᠨ ᠢᠳᠦ᠋ᠩ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠲᠠᠬᠢᠨ ᠠᠮᠢᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢ ᠰᠡᠷᠭᠦᠭᠡᠪᠡ᠃ ᠴᠢ ᠰᠢᠶᠠ ᠶᠢᠩ ᠤᠨ 2 × 35 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠤᠶᠢᠯᠡᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠯᠢᠨ ᠬᠤ᠋ ᠭᠦ᠋ ᠰᠠᠢ ︽ᠪᠦᠬᠦ ᠤᠯᠤᠰ ᠤᠨ ᠲᠦᠷᠦᠭᠦᠦ ᠪᠦᠯᠦᠭ ᠤᠢ ᠰᠢᠭᠤᠢ ᠶᠢᠨ ᠡᠷᠡᠭᠦᠯᠵᠢᠯ ᠤᠨ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠵᠢᠭᠤᠯᠴᠢᠯᠠᠯ ᠤᠨ ᠬᠠᠩᠭᠠᠯᠭ᠎ᠠ ᠶᠢᠨ  ᠤᠶᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠵᠢᠯ ᠳᠤ 69.1 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 9576 ᠲᠦᠮᠡᠨ ᠲᠥᠭᠦᠷᠢᠭ ᠪᠡᠶᠡᠯᠡᠭᠦᠯᠪᠡ᠃ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠪᠠᠷ ᠶᠠᠳᠠᠭᠤ ᠶᠢ ᠲᠡᠳᠬᠦᠬᠦ ᠵᠢᠴᠢ ᠲᠦᠷᠭᠡᠨ ᠭᠠᠷ᠂  ᠲᠢᠭ ᠲᠤᠭ ᠵᠡᠷᠭᠡ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠵᠤ᠂ ᠪᠥᠬᠦ ᠵᠢᠯ ᠳᠤ ᠡᠯᠧᠺᠲᠷᠣᠨ ᠬᠤᠳᠠᠯᠳᠤᠭᠠᠨ ᠤ ᠰᠦᠯᠵᠢᠶᠡᠨ ᠳᠡᠭᠡᠷᠡᠬᠢ ᠠᠷᠠᠯᠵᠢᠶ᠎ᠠ ᠶᠢ 5.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 68% ᠪᠠᠷ ᠨᠡᠮᠡᠭᠳᠡᠪᠡ᠃    ︵ᠲᠠᠪᠤ︶ ᠪᠥᠬᠦ ᠬᠦᠴᠦᠨ ᠢᠶᠠᠷ ᠢᠶᠠᠨ ᠪᠡᠷᠬᠡ ᠪᠣᠭᠤᠮᠲᠠ ᠶᠢ ᠰᠢᠪᠲᠤᠯᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠪᠦᠬᠦ ᠵᠢᠯ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠡᠨᠧᠷᠭᠢ ᠠᠷᠪᠢᠯᠠᠬᠤ ᠵᠠᠷᠤᠯᠭ᠎ᠠ 5494 ᠲᠦᠮᠡᠨ ᠲᠥᠭᠦᠷᠢᠭ ᠲᠤ ᠬᠦᠷᠪᠡ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠰᠢᠶᠠᠯᠠᠨ ᠲᠡᠵᠢᠭᠡᠬᠦ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠲᠣᠭᠲᠠᠭᠠᠯ ᠠᠴᠠ ᠵᠥᠷᠢᠴᠡᠨ ᠰᠦᠷᠦᠭᠯᠡᠨ ᠮᠠᠯᠵᠢᠬᠤ ᠦᠵᠡᠭᠳᠡᠯ ᠢ ᠪᠦᠲᠦᠮᠵᠢᠲᠡᠶ ᠬᠤᠷᠢᠭᠯᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠬᠢᠨᠠᠮᠠᠭᠠᠶ ᠥᠷᠨᠢᠭᠦᠯᠵᠦ᠂ ᠬᠤᠩ ᠵᠣᠣ ᠳᠥᠷᠪᠡᠳᠦᠭᠡᠷ ᠨᠣᠮᠧᠷᠲᠤ ᠭᠠᠵᠠᠷ ᠤᠨ ᠨᠡᠭᠦᠷᠡᠰᠦᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠤᠷᠤᠭᠰᠢᠲᠠᠶ ᠪᠡᠶᠡᠯᠡᠭᠦᠯᠪᠡ᠃ ᠬᠤᠸᠠ ᠢ ᠵᠦᠸᠧᠽᠢ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ 4 ᠮᠠᠰᠢᠨ ᠴᠣᠭᠴᠠᠯᠠᠪᠤᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ᠃  ᠵᠦᠸᠧᠽᠢ ᠱᠠᠨ ᠪᠠᠯᠭᠠᠰᠤ᠂ ᠴᠢ ᠰᠢᠶᠠ ᠶᠢᠩ ᠪᠠᠯᠭᠠᠰᠤᠨ ᠤ ᠬᠤᠶᠠᠷ ᠠᠵᠤ ᠤᠶᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠡᠵᠡᠩᠨᠡᠯᠲᠡ ᠳᠤ ᠣᠷᠣᠪᠠ᠃ ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠠᠮᠢ ᠨᠠᠰᠤᠨ ᠤ ᠵᠠᠮ︾ ᠢ ᠡᠮᠬᠢ ᠵᠢᠷᠤᠮ ᠲᠠᠢ ᠰᠠᠭᠠᠳ ᠥᠬᠡᠶ ᠨᠡᠪᠲᠡᠷᠡᠭᠦᠯᠪᠡ᠃ ᠠᠶᠤᠯᠭᠦᠶ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠠᠭᠤᠷᠠᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠲᠤᠰᠬᠠᠶ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠵᠠᠷᠤᠳᠠᠯ ᠢ ᠨᠡᠶᠢᠲᠡ 1054.8 ᠲᠦᠮᠡᠨ ᠲᠥᠭᠦᠷᠢᠭ ᠨᠡᠬᠡᠮᠵᠢᠯᠡᠨ ᠬᠤᠷᠢᠶᠠᠪᠠ᠃   ︵ᠵᠢᠷᠭᠤᠭ᠎ᠠ︶ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ 39 ᠰᠠᠯᠠᠭ᠎ᠠ ᠮᠥᠴᠢᠷ ᠪᠦᠬᠦᠨ ᠢᠶᠠᠷ ᠢᠶᠠᠨ ᠶᠡᠭᠡ ᠲᠢᠩᠬᠢᠮ ᠳᠤ ᠣᠷᠣᠵᠤ ᠰᠠᠭᠤᠭᠠᠳ ᠦᠢᠯᠡᠴᠢᠯᠡᠭᠡ ᠥᠷᠨᠢᠭᠦᠯᠪᠡ᠃ 5253 ᠵᠦᠢᠯ ᠤᠨ ᠰᠢᠶᠠᠨ ᠤ ᠲᠤᠰ ᠱᠠᠲᠤᠨ ᠤ ᠪᠠ 65 ᠵᠦᠢᠯ ᠤᠨ ᠰᠢᠶᠠᠩ ᠪᠠᠯᠭᠠᠰᠤᠨ ᠤ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠦᠬᠦᠨ ᠢ ᠡᠮᠬᠢᠯᠡᠨ ᠨᠡᠶᠢᠲᠡᠯᠡᠵᠦ᠂ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠶᠢ ᠡᠯᠤᠺᠲᠷᠤᠨᠴᠢᠯᠠᠬᠤ ᠶᠢ ᠬᠡᠷᠡᠭᠵᠢᠭᠦᠯᠵᠦ᠂ ᠪᠦᠬᠦ ᠵᠢᠯ ᠳᠤ 437 ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠪᠡ᠃ 9.39ᠲᠦᠮᠡᠨ ᠬᠤᠪᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠥᠨᠳᠥᠷ ᠪᠦᠲᠦᠮᠵᠢᠲᠡᠶ ᠪᠠᠷ ᠰᠢᠶ᠋ᠳᠪᠦᠷᠢᠯᠡᠵᠦ ᠳᠠᠭᠤᠰᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠢ ᠬᠢᠨᠠᠮᠠᠭᠠᠶ ᠰᠣᠨᠣᠰᠴᠤ᠂ ᠵᠠᠰᠠᠭ ᠤᠨ ᠣᠷᠳᠣᠨ ᠤ ᠵᠥᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠵᠥᠪᠯᠡᠯᠭᠡ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠶ᠋ᠳᠪᠦᠷᠢᠯᠡᠵᠦ ᠳᠠᠭᠤᠰᠬᠠᠭᠰᠠᠨ ᠨᠤᠷᠮ᠎ᠠ 100% ᠪᠣᠯᠪᠠ᠃ ᠬᠤᠳᠠ ᠪᠠᠯᠭᠠᠰᠤᠨ ᠤ 883 ᠬᠥᠮᠦᠨ ᠳᠤ ᠰᠢᠨ᠎ᠡ ᠪᠠᠷ ᠠᠵᠢᠯ ᠣᠯᠭᠤᠵᠤ᠂ 231 ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ ᠳᠣᠲᠣᠷᠠᠬᠢ ᠨᠡᠯᠢᠶᠡᠳ ᠳᠣᠣᠷ᠎ᠠ ᠬᠡᠮᠵᠢᠶᠡᠨ ᠳᠤ ᠬᠢᠵᠠᠭᠠᠷᠯᠠᠪᠠ᠃ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠷᠤᠭᠰᠢᠲᠠᠶ ᠠᠬᠢᠪᠠ᠃ ᠡᠷᠡᠭᠦᠯ ᠮᠡᠨᠳᠦ ᠶᠢᠨ ᠭᠠᠷᠮᠠᠭᠠᠶ ᠬᠥᠷᠥᠩᠭᠡᠲᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠡᠬᠢᠯᠡᠨ ᠠᠵᠢᠯᠯᠠᠭᠤᠯᠪᠠ᠃ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠪᠡᠶᠡᠯᠡᠭᠦᠯᠦᠨ᠎ᠡ᠃ ᠰᠣᠶᠣᠯ ᠪᠡᠶ᠎ᠡ ᠶᠢᠨ ᠲᠠᠮᠢᠷ ᠤᠨ  ᠤᠶᠢᠯᠡᠰ ᠲᠠᠰᠤᠷᠠᠯᠲᠠ ᠥᠬᠡᠶ ᠬᠥᠭᠵᠢᠵᠦ᠂ ᠵᠦᠸᠧᠽᠢ ᠰᠢᠶᠠᠨ ᠤ ︽ᠲᠦᠯᠬᠢᠯᠡᠨ ᠤᠷᠤᠰᠬᠤ ᠶᠡᠭᠡ ᠲᠦᠷᠭᠡᠨ ᠭᠤᠣᠯ ·  ᠦᠯᠵᠡᠶᠢᠲᠦ ᠰᠠᠶᠢᠬᠠᠨ ᠶᠢᠰᠦᠨ ᠨᠤᠭᠤᠯᠤᠭ᠎ᠠ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠪᠡᠶᠡᠴᠢᠯᠡᠨ ᠣᠶᠢᠯᠠᠭᠠᠬᠤ ᠤᠷᠤᠯᠳᠤᠭᠠᠨ᠂ ︽ᠰᠢᠶᠠᠨ ᠤ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠶᠠᠳᠠᠭᠤ ᠶᠢ ᠲᠡᠳᠬᠦᠬᠦ ᠰᠡᠳᠦᠪᠲᠦ  ᠵᠦᠴᠦᠭᠡ ︽ᠵᠠᠮ ᠤᠨ ᠬᠥᠪᠡᠭᠡᠨ ᠳᠠᠬᠢ ᠡᠷ᠎ᠡ ᠡᠮ᠎ᠡ︾ ᠨᠢ ᠪᠥᠬᠦ ᠬᠤᠲᠠ ᠶᠢᠨ ᠨᠠᠶ᠋ᠮᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ︽ᠲᠠᠪᠤᠨ ᠨᠢᠭᠡ︾ ᠶᠢᠨ ᠢᠨᠵᠧᠨᠧᠷᠢᠩ ᠤᠨ ᠱᠠᠩᠨᠠᠯ ᠢ ᠭᠥᠷᠳᠡᠪᠡ᠃ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠶᠠᠨ ᠰᠢᠶᠠᠩ ᠲᠣᠰᠬᠤᠨ ᠤ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠠᠮᠲᠤ ᠪᠠᠷ ᠡᠳ᠋ᠯᠡᠬᠦ ᠳᠤᠭᠤᠶ ᠲᠡᠷᠭᠡ ᠵᠡᠭᠡᠯᠢ ᠳᠡᠭᠡᠷ᠎ᠡ ᠳᠡᠯᠭᠡᠭᠳᠡᠵᠦ᠂ ᠥᠷᠭᠡᠨ ᠣᠯᠠᠨ ᠰᠠᠭᠤᠭᠠᠯᠢ ᠠᠷᠠᠳ ᠤᠨ ᠬᠦᠷᠢᠶᠡᠯᠡᠯ ᠢ ᠣᠯᠵᠤ ᠪᠠᠶᠢᠨ᠎ᠠ᠃ ᠴᠡᠷᠢᠭ ᠠᠩᠬᠢ ᠣᠷᠣᠨ ᠨᠤᠲᠤᠭ ᠴᠡᠷᠢᠭ ᠠᠷᠠᠳ ᠤᠨ ᠬᠡᠷᠡᠭᠯᠡᠭᠡ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ ᠵᠠᠯᠭᠠᠭ᠎ᠠ ᠪᠠᠷ ︽ᠪᠦᠬᠦ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢᠨ ᠢᠷᠠᠭᠤ ᠠᠯᠳᠠᠷ ᠤᠨ ᠴᠣᠯᠠ ᠶᠢ ᠵᠠᠯᠭᠠᠭ᠎ᠠ ᠪᠠᠷ ᠣᠯᠭᠤᠪᠠ᠃ ᠰᠠᠨ ᠳ᠋ᠤᠤ ᠶᠢᠩ ᠤᠨ ᠡᠷᠲᠡᠨ ᠤ ᠬᠤᠲᠠ ᠶᠢᠨ ᠪᠠᠭᠤᠷᠢ ᠨᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠬᠠᠮᠠᠭᠠᠯᠠᠯᠲᠠ ᠶᠢᠨ ᠴᠡᠭ ᠤᠨ ᠬᠡᠰᠡᠭ ᠲᠤ ᠰᠣᠩᠭᠤᠭᠳᠠᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠤᠷᠤᠭᠰᠢᠲᠠᠶ ᠪᠡᠶᠡᠯᠡᠭᠳᠡᠵᠦ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠯᠠᠪᠳᠠᠭᠤᠨ ᠢᠶᠠᠷ ᠠᠬᠢᠪᠠ᠃    ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ ᠤᠨ ᠦᠢᠯᠡᠴᠢᠯᠡᠭᠡ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠦᠷᠭᠦᠯᠵᠢᠯᠡᠨ ᠴᠢᠩᠭᠠᠷᠠᠪᠠ᠃    ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠰᠢᠶᠠᠨ ᠤ ᠭᠠᠵᠠᠷ ᠣᠷᠣᠨ ᠤ ᠤᠶᠢᠯᠡᠳᠪᠦᠷᠢᠯᠡᠯ ᠤᠨ ᠪᠥᠬᠦ ᠥᠷᠲᠡᠭ 2015 ᠣᠨ ᠳᠤ 42.16 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2020 ᠣᠨ ᠪᠣᠯᠬᠤ ᠳᠤ 54.96 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 5.5% ᠨᠡᠮᠡᠭᠳᠡᠪᠡ︔ ᠬᠥᠮᠦᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 3.71 ᠲᠦᠮᠡᠨ ᠲᠥᠭᠦᠷᠢᠭ ᠪᠠᠶᠢᠭᠰᠠᠨ ᠠᠴᠠ ᠪᠠᠨ 5.44 ᠲᠦᠮᠡᠨ ᠲᠥᠭᠦᠷᠢᠭ ᠪᠣᠯᠤᠨ ᠨᠡᠮᠡᠭᠳᠡᠵᠦ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 72.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 2.8% ᠪᠠᠷ ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 25998 ᠲᠥᠭᠦᠷᠢᠭ᠂ 9191 ᠲᠥᠭᠦᠷᠢᠭ ᠪᠠᠶᠢᠭᠰᠠᠨ ᠠᠴᠠ ᠪᠠᠨ ᠲᠤᠰ ᠲᠤᠰ 32328 ᠲᠥᠭᠦᠷᠢᠭ ᠪᠠ 13075 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 8.1% ᠪᠠ 9.5% ᠪᠠᠷ ᠨᠡᠮᠡᠭᠳᠡᠵᠦ᠂ ᠪᠦᠬᠦ ᠰᠢᠶᠠᠨ ᠤ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃    ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠲᠡᠦᠬᠡᠲᠦ ᠴᠢᠨᠠᠷᠲᠠᠢ ᠠᠮᠵᠢᠯᠲᠠ ᠤᠯᠪᠠ᠃ ᠲᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠪᠡᠶᠡᠯᠡᠭᠦᠯᠵᠦ᠂ 64 ᠶᠠᠳᠠᠭᠤ ᠬᠦᠴᠢᠷᠳᠡᠯ ᠲᠠᠢ ᠲᠣᠰᠬᠤᠨ ᠢ ᠤᠷᠤᠭᠰᠢᠲᠠᠶ ᠪᠠᠷ ᠵᠢᠭᠰᠠᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ 1.62 ᠲᠦᠮᠡᠨ ᠬᠥᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 13.6 ᠳ᠋ᠦᠩᠰᠢᠭᠤᠷ ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ 363 ᠲᠥᠷᠥᠯ ᠵᠦᠢᠯ ᠢ ᠬᠡᠷᠡᠭᠵᠢᠭᠦᠯᠦᠨ᠂ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠬᠦᠶ᠋ᠲᠡᠨ ᠰᠡᠷᠢᠭᠦᠨ ᠢᠳᠡᠰᠢᠨ ᠨᠣᠭᠤᠭ᠎ᠠ ᠡᠳ᠋ᠰᠢᠭᠦᠯᠬᠦ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ 109 ᠬᠥᠭᠵᠢᠭᠦᠯᠵᠦ᠂ ᠶᠠᠳᠠᠭᠤ ᠶᠢ ᠪᠠᠭᠠᠰᠬᠠᠨ ᠶᠠᠳᠠᠭᠤ ᠶᠢ ᠳᠠᠶᠢᠴᠢᠯᠠᠬᠤ ᠲᠠᠯ᠎ᠠ ᠪᠠᠷ ᠲᠣᠭᠲᠠᠭᠤᠨ ᠪᠥᠭᠡᠳ ᠤᠳᠠᠭᠠᠨ ᠳᠠᠭᠠᠭᠠᠮᠠᠭᠠᠶ ᠲᠤᠯᠭᠠᠭᠤᠷᠢᠯᠠᠯ ᠲᠠᠢ ᠪᠣᠯᠪᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ 3133 ᠡᠷᠤᠭᠡ ᠶᠢᠨ 7397 ᠬᠥᠮᠦᠨ ᠢ ᠭᠦᠨ ᠠᠭᠤᠯᠠ ᠶᠡᠭᠡ ᠭᠤᠤ ᠠᠴᠠ ᠰᠢᠯᠵᠢᠭᠦᠯᠦᠨ ᠭᠠᠷᠭᠠᠵᠤ᠂ ᠬᠤᠳᠠ ᠪᠠᠯᠭᠠᠰᠤᠨ ᠤ ᠰᠢᠨ᠎ᠡ ᠠᠮᠢᠳᠤᠷᠠᠯ ᠳᠤ ᠠᠭᠤᠰᠤᠯᠴᠠᠭᠤᠯᠪᠠ᠃ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠤᠷᠢᠳᠠᠪᠠᠷ ᠡᠮᠴᠢᠯᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ ᠪᠠ ︽ᠨᠢᠭᠡ ᠥᠷᠲᠡᠭᠡᠨ ᠤ ᠮᠠᠶ᠋ᠢᠭ︾ ᠤᠨ ᠳ᠋ᠦᠩᠨᠡᠨ ᠪᠤᠳᠤᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ ᠡᠷᠦᠬᠡ ᠶᠢᠨ ᠤᠳᠠᠭᠠᠨ ᠴᠢᠨᠠᠷᠲᠠᠶ ᠡᠪᠡᠳᠴᠢᠲᠡᠨ ᠳᠤ ᠡᠮ ᠤᠨ ᠵᠦᠢᠯ ᠢ ᠰᠢᠭᠤᠳ ᠠᠪᠴᠤ ᠰᠢᠭᠤᠳ ᠬᠦᠷᠭᠡᠬᠦ᠂ ᠬᠡᠷ ᠪᠦᠯᠢ ᠶᠢᠨ ᠭᠡᠷ᠎ᠡ ᠲᠣᠭᠲᠠᠭᠰᠠᠨ ᠡᠮᠴᠢ ᠶᠢ ᠬᠡᠷ ᠲᠤᠨᠢ ᠬᠦᠷᠭᠡᠵᠦ ᠦᠶ᠋ᠯᠡᠴᠢᠯᠡᠬᠦ ᠵᠠᠭᠪᠤᠷ ᠢ ᠠᠩᠬ᠎ᠠ ᠡᠭᠦᠳᠬᠦ ᠶᠢᠨ ᠬᠠᠮᠲᠤ ᠪᠥᠬᠦ ᠣᠷᠣᠨ ᠤ ᠬᠡᠪᠴᠢᠶᠡᠨ ᠳᠤ ᠳᠡᠯᠭᠡᠷᠡᠭᠦᠯᠦᠨ᠎ᠡ᠃ ᠶᠠᠳᠠᠭᠤ ᠬᠦᠴᠢᠷᠳᠡᠯᠲᠡᠢ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠮᠡᠳᠡᠭᠳᠡᠮ᠎ᠡ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠡᠶ᠎ᠡ ᠪᠠᠨ ᠳᠠᠭᠠᠭᠠᠵᠤ ᠶᠠᠳᠠᠭᠤ ᠠᠴᠠ ᠠᠩᠭᠢᠵᠢᠷᠠᠬᠤ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ᠃    ᠮᠥᠩᠭᠦᠨ ᠭᠦᠶ᠋ᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠳᠠᠯᠳᠠ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠥᠭᠴᠡᠭᠡ ᠶᠢᠨ ᠦᠯᠡᠳᠡᠭᠡᠯ ᠬᠡᠮᠵᠢᠶ᠎ᠡ ᠶᠢ ᠡᠮᠬᠢ ᠵᠢᠷᠤᠮ ᠲᠠᠢ ᠪᠠᠷ ᠠᠷᠢᠯᠭᠠᠵᠤ᠂ ᠵᠠᠰᠠᠭ ᠤᠨ ᠣᠷᠳᠣᠨ ᠤ ᠨᠡᠶᠢᠲᠡ 14.33 ᠳ᠋ᠦᠩᠰᠢᠭᠤᠷ ᠲᠥᠭᠦᠷᠢᠭ ᠤᠨ ᠥᠭᠴᠡᠭᠡ ᠶᠢ ᠳᠥᠯᠥᠵᠦ ᠳᠠᠭᠤᠰᠬᠠᠨ᠂ ᠡᠯ᠎ᠡ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠤᠯᠤᠰ ᠤᠨ ᠭᠤᠤᠯᠳᠠᠯᠭ᠎ᠠ ᠲᠠᠢ ᠣᠶ ᠰᠢᠭᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ 10.8 ᠲᠦᠮᠡᠨ ᠮᠥ ᠪᠡᠶᠡᠯᠡᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 39.2% ᠲᠤ ᠬᠦᠷᠴᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 21.7 ᠲᠡᠭᠰᠢ ᠳᠥᠷᠪᠡᠯᠵᠢᠨ ᠮᠧᠲᠷ ᠲᠤ ᠬᠥᠷᠪᠡ᠃ ᠠᠭᠠᠷ ᠮᠠᠨᠳᠠᠯ ᠤᠨ ᠪᠣᠬᠢᠷᠲᠤᠯ ᠢ ᠴᠢᠩᠭ᠎ᠠ ᠴᠡᠭᠴᠡᠯᠡᠨ ᠵᠠᠰᠠᠵᠤ᠂ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ ᠶᠢᠨ ᠬᠠᠷᠢᠴᠠᠯ 93.7% ᠳᠤ ᠬᠦᠷᠴᠡᠢ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂  ᠵᠦᠸᠧᠽᠢ ᠱᠠᠨ ᠪᠠᠯᠭᠠᠰᠤ᠂ ᠴᠢ ᠰᠢᠶᠠ ᠶᠢᠩ ᠪᠠᠯᠭᠠᠰᠤᠨ ᠤ ᠪᠣᠬᠢᠷ ᠤᠰᠤ ᠰᠢᠶ᠋ᠳᠪᠦᠷᠢᠯᠡᠬᠦ ᠤᠶᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠡᠶᠡᠯᠡᠭᠦᠯᠪᠡ᠃ ᠭᠤᠣᠯ ᠤᠨ ᠵᠠᠮ ᠠᠴᠠ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠶᠡᠭᠡ  ᠲᠦᠷᠭᠡᠨ ᠭᠤᠣᠯ ᠤᠨ ᠭᠤᠣᠯ ᠰᠠᠯᠪᠤᠷᠢ ᠤᠷᠤᠰᠬᠠᠯ ᠢ ᠴᠡᠪᠡᠷᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠵᠢᠯ ᠲᠤᠷᠰᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠨ᠎ᠡ᠃ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ  ᠰᠢᠢᠳᠪᠦᠷᠢᠯᠡᠬᠦ ᠨᠣᠷᠮ᠎ᠠ ᠶᠢ 92% ᠠᠴᠠ ᠳᠡᠭᠡᠭᠰᠢ ᠳᠤ ᠬᠦᠷᠦᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠤᠶᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠢᠯᠭᠠᠷᠠᠭᠤᠯᠤᠨ  ᠭᠠᠷᠭᠠᠪᠠ᠃   ᠠᠵᠤ ᠠᠬᠤᠶ ᠶᠢᠨ ᠶᠠᠰᠤ ᠴᠢᠨᠠᠷ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ᠠᠵᠤ ᠤᠶᠢᠯᠡᠰ ᠤᠨ ᠪᠦᠲᠦᠴᠡ ᠶᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 20.8᠄ 53.5᠄ 25.7 ᠪᠠᠶᠢᠭᠰᠠᠨ ᠠᠴᠠ 17.4᠄ 52.8᠄ 29.8 ᠪᠣᠯᠭᠠᠨ ᠳᠣᠭᠢᠷᠠᠭᠤᠯᠪᠠ᠃ ᠠᠮᠤ ᠪᠤᠳᠠᠭᠠᠨ ᠤ ᠶᠡᠷᠦᠩᠬᠡᠶ ᠤᠨᠠᠯᠲᠠ ᠶᠢ ᠵᠢᠯ ᠪᠦᠷᠢ ᠳᠤᠮᠳᠠᠴᠢ ᠪᠠᠷ 1.3 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠨᠤᠷᠮ᠎ᠠ ᠶᠢ 85% ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠬᠦ ᠲᠠᠸᠠᠷ ᠤᠨ ᠳᠡᠮᠳᠡᠭ ᠢ ︽ ᠵᠦᠸᠧᠽᠢ ᠤᠳᠤᠬᠰᠠᠨ ᠲᠠᠬᠢᠶ᠎ᠠ︾ ᠠᠮᠵᠢᠯᠲᠠ ᠲᠠᠢ ᠪᠠᠷ ᠳᠠᠩᠰᠠᠯᠠᠭᠤᠯᠵᠤ᠂ ᠤᠳᠤᠬᠰᠠᠨ ᠲᠠᠬᠢᠶ᠎ᠠ ᠶᠢᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢ ᠢᠯᠡ ᠪᠠᠷ ᠨᠡᠶᠢᠲᠡᠯᠡᠪᠡ᠃ ᠾᠯᠣᠷ ᠱᠦᠯᠲᠦ ᠶᠢᠨ ᠬᠢᠮᠢ ᠶᠢᠨ ᠠᠵᠤ ᠤᠶᠢᠯᠡᠳᠪᠦᠷᠢ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠤᠶᠢᠯᠡᠰ ᠤᠨ ᠳᠠᠪᠠᠭᠤᠯᠢᠭ ᠢ ᠭᠦᠶ᠋ᠴᠡᠳ ᠢᠯᠡᠷᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠯᠢᠲ᠋ᠢ ᠳ᠋ᠢᠶᠠᠨ ᡂᠢ ᠵᠡᠷᠭᠡ ᠰᠢᠨ᠎ᠡ ᠡᠨᠧᠷᠭᠢ ᠶᠢᠨ ᠠᠵᠤ ᠤᠶᠢᠯᠡᠰ ᠢ ᠲᠦᠷᠭᠡᠳᠬᠡᠨ ᠠᠬᠢᠭᠤᠯᠪᠠ᠃ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 145 ᠲᠦᠮᠡᠨ ᠺᠢᠯᠣᠸᠠᠲ ᠲᠤ ᠬᠦᠷᠭᠡᠵᠦ᠂ ᠬᠢᠮᠢ ᠶᠢᠨ ᠠᠵᠤ ᠤᠶᠢᠯᠡᠳᠪᠦᠷᠢ ᠶᠢᠨ ᠶᠡᠷᠦᠩᠬᠡᠶᠢᠯᠡᠭᠰᠡᠨ ᠤᠶᠢᠯᠡᠳᠪᠦᠷᠢᠯᠡᠬᠦ ᠴᠢᠳᠠᠪᠤᠷᠢ ᠶᠢ 245 ᠲᠦᠮᠡᠨ ᠲᠣᠨ ᠳᠤ ᠬᠦᠷᠦᠭᠦᠯᠵᠦ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠶᠢᠨ ᠡᠳᠦᠷ ᠤᠨ ᠰᠢᠢᠳᠪᠦᠷᠢᠯᠡᠬᠦ ᠴᠢᠳᠠᠪᠤᠷᠢ ᠶᠢ 300 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠦᠨ᠎ᠡ᠃ ︽ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢᠯᠡᠯᠲᠡ ᠪᠠ ᠠᠵᠤ ᠤᠶᠢᠯᠡᠳᠪᠦᠷᠢ ᠶᠢᠨ ᠪᠦᠲᠦᠭᠡᠭᠳᠡᠬᠦᠨ ᠤ ᠪᠠᠭᠤᠷᠠᠯᠲᠠ ᠶᠢ ᠰᠢᠨ᠎ᠡ ᠬᠡᠪ ᠪᠠᠶᠢᠳᠠᠯ ᠪᠣᠯᠭᠠᠪᠠ᠃ ᠵᠢᠭᠤᠯᠴᠢᠯᠠᠯ ᠤᠨ ᠠᠵᠤ ᠤᠶᠢᠯᠡᠰ ᠥᠷᠨᠢᠩᠭᠦᠶ ᠬᠥᠭᠵᠢᠵᠦ᠂ ᠯᠢᠨ ᠬᠤᠤ ᠡᠷᠲᠡᠨ ᠤ ᠴᠠᠶᠢᠵᠠ᠂ ᠵᠢᠦ ᠯᠦᠩ ᠸᠠᠨ᠂ ᠬᠤᠩ ᠱᠢ ᠶᠠ ᠵᠢᠭᠤᠯᠴᠢᠯᠠᠯ ᠤᠨ ᠣᠷᠣᠨ ᠤᠯᠤᠰ ᠤᠨ 4A ᠲᠠᠰ ᠤᠨ ᠦᠵᠡᠮᠵᠢ ᠶᠢᠨ ᠣᠷᠣᠨ ᠢ ᠢᠷᠠᠭᠤ ᠠᠯᠳᠠᠷᠲᠠᠶ ᠪᠠᠷ ᠭᠥᠷᠳᠡᠵᠦ᠂ ᠬᠤᠩ ᠱᠢ ᠶᠠ ᠤᠯᠤᠰ ᠤᠨ ᠠᠮᠢ ᠠᠬᠤᠶ ᠶᠢᠨ ᠴᠡᠴᠡᠷᠯᠢᠭ ᠢᠶᠠᠷ ᠵᠥᠪᠰᠢᠶᠡᠷᠡᠭᠳᠡᠪᠡ᠃ ᠲᠠᠪᠤᠨ ᠵᠢᠯ ᠳᠤ ᠳᠤᠮᠳᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 310.7 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 4.71 ᠳ᠋ᠦᠩᠰᠢᠭᠤᠷ ᠲᠥᠭᠦᠷᠢᠭ ᠪᠡᠶᠡᠯᠡᠭᠦᠯᠪᠡ᠃    ᠬᠤᠳᠠ ᠬᠥᠳᠡᠭᠡ ᠶᠢᠨ ᠳᠦᠷᠰᠦ ᠪᠠᠶᠢᠳᠠᠯ ᠴᠣ᠋ ᠰᠢᠨ᠎ᠡ ᠪᠣᠯᠪᠠ᠃ ᠬᠤᠲᠠ ᠪᠠᠯᠭᠠᠰᠤᠵᠢᠯᠲᠠ ᠶᠢᠨ ᠨᠣᠷᠮ᠎ᠠ ᠶᠢ 55% ᠠᠴᠠ ᠳᠡᠭᠡᠭᠰᠢ ᠳᠤ ᠬᠦᠷᠦᠭᠦᠯᠵᠦ᠂ 7 ᠵᠠᠭᠤᠨ ᠤ ᠨᠢᠭᠡᠴᠢ ᠳᠡᠭᠡᠭᠰᠢᠯᠡᠭᠦᠯᠦᠨ᠎ᠡ᠃ ᠬᠤᠳᠠ ᠶᠢᠨ ᠲᠣᠭᠤᠷᠢᠭ ᠤᠨ ᠵᠠᠮ᠂ ᠴᠡᠴᠡᠷᠯᠢᠭ᠂ ᠠᠭᠤᠳᠠᠮ ᠲᠠᠯᠠᠪᠠᠢ᠂ ᠬᠤᠭᠤᠯᠠᠶ ᠶᠢᠨ ᠲᠣᠣᠷ᠂ ᠬᠤᠭ ᠨᠣᠪᠰᠢ ᠶᠢ ᠰᠢᠶ᠋ᠳᠪᠦᠷᠢᠯᠡᠬᠦ᠂ ᠬᠤᠳᠠ ᠶᠢᠨ ᠳᠦᠷᠰᠦ ᠪᠠᠶᠢᠳᠠᠯ ᠵᠡᠷᠭᠡ ᠬᠤᠳᠠ ᠶᠢᠨ ᠶᠠᠪᠤᠳᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠡᠶᠢᠳᠠ 4818 ᠡᠷᠦᠭᠡ ᠳᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 5 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 1.76 ᠲᠦᠮᠡᠨ ᠬᠥᠮᠦᠨ ᠤ ᠠᠮᠤᠭᠤᠯᠠᠩ ᠰᠠᠭᠤᠴᠠ ᠶᠢᠨ ᠬᠦᠰᠡᠯ ᠢ ᠪᠡᠶᠡᠯᠡᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ︽ᠮᠢᠶᠠᠨᠪᠣᠤ  ᠮᠠᠶ᠋ᠢᠭ ᠤᠨ ᠨᠡᠶᠢᠲᠡ ᠶᠢᠨ ᠮᠠᠰᠢᠨ︾ ᠶᠢᠨ ᠲᠡᠤᠬᠡ ᠶᠢ ᠡᠴᠦᠰᠯᠡᠭᠦᠯᠵᠦ᠂ ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠰᠢᠨ᠎ᠡ ᠡᠨᠧᠷᠭᠢ ᠪᠠᠷ ᠠᠷᠠᠳ ᠲᠤ ᠠᠰᠢᠭ ᠬᠦᠷᠲᠡᠭᠡᠬᠦ ᠨᠡᠶᠢᠲᠡ ᠶᠢᠨ ᠵᠠᠮ ᠬᠠᠷᠢᠯᠴᠠᠭ᠎ᠠ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠪᠡ᠃ ︽ᠲᠠᠪᠤᠨ ᠬᠤᠲᠠ ᠬᠤᠯᠪᠣᠭᠠᠯᠠᠨ ᠡᠭᠦᠳᠬᠦ︾ ᠠᠵᠢᠯ ᠴᠢᠬᠤᠯᠠ ᠶᠡᠭᠡ ᠠᠬᠢᠴᠠ ᠲᠠᠢ ᠪᠣᠯᠵᠣ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ᠂ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠰᠢᠶᠠᠨ ᠤ ᠬᠤᠲᠠ᠂ ᠪᠣᠯᠪᠠᠰᠤᠨ ᠰᠢᠶᠠᠨ ᠤ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ 323 ᠵᠢᠵᠢᠭ ᠲᠣᠰᠬᠤᠨ ᠢ ᠡᠮᠬᠢᠯᠡᠨ ᠨᠡᠶᠢᠯᠡᠭᠦᠯᠵᠦ ᠨᠡᠭᠦᠯᠭᠡᠬᠦ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ 404.9 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠬᠥᠳᠡᠭᠡ ᠲᠣᠰᠬᠤᠨ ᠤ 12860 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠪᠠᠶᠢᠩᠭᠤ ᠰᠠᠭᠤᠭ᠎ᠠ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠴᠡᠪᠡᠷᠯᠡᠪᠡ᠃ ᠭᠡᠷᠡᠯ ᠰᠢᠷᠬᠡᠭ ᠤᠨ ᠥᠷᠭᠡᠨ ᠪᠦᠰᠡᠲᠦ ᠰᠦᠯᠵᠢᠶ᠎ᠡ ᠶᠢ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠦᠨ᠎ᠡ᠃ ᠵᠦᠸᠧᠽᠢ ᠱᠠᠨ ᠪᠠᠯᠭᠠᠰᠤ ᠪᠣᠯᠤᠨ ᠴᠢ ᠰᠢᠶᠠ ᠶᠢᠩ ᠪᠠᠯᠭᠠᠰᠤ ᠪᠦᠬᠦ ᠤᠯᠤᠰ ᠤᠨ ᠭᠤᠣᠯᠳᠠᠯᠭ᠎ᠠ ᠲᠠᠢ ᠬᠤᠲᠠ ᠪᠠᠯᠭᠠᠰᠤ ᠶᠢᠨ ᠨᠡᠷᠡᠰ ᠤᠨ ᠵᠢᠭᠰᠠᠭᠠᠯᠲᠠ ᠳᠤ ᠣᠷᠣᠵᠤ᠂ ᠯᠢ ᠬᠤᠸᠠ ᠪᠠᠯᠭᠠᠰᠤ ᠥᠪᠡᠷᠲᠡᠭᠡᠨ ᠵᠠᠰᠠᠬᠤ ᠣᠷᠣᠨ ᠤ ᠰᠠᠭᠤᠷᠢᠰᠢᠬᠤ ᠳᠤ ᠲᠣᠬᠢᠷᠠᠮᠵᠢᠲᠠᠢ ᠵᠢᠵᠢᠭ ᠪᠠᠯᠭᠠᠰᠤ ᠪᠠᠷ ᠦᠨᠡᠯᠡᠭᠳᠡᠵᠦ᠂ ᠲᠦ᠋ ᠴᠧᠩ ᠽᠢ ᠲᠣᠰᠬᠤᠨ ᠳᠥᠷᠪᠡᠳᠦᠭᠡᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠪᠠ᠃   ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠰᠠᠶᠢᠵᠢᠷᠠᠪᠠ᠃ ᠠᠷᠠᠳ ᠤᠨ ᠠᠮᠢᠳᠤᠷᠠᠯ ᠳᠤ ᠨᠡᠶᠢᠲᠡ 68.15 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠠᠶ᠂ ᠡᠨᠡ ᠨᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 2.76 ᠳᠠᠬᠢᠨ ᠪᠣᠯᠤᠨ᠎ᠠ᠃ ᠬᠤᠳᠠ ᠪᠠᠯᠭᠠᠰᠤᠨ ᠳᠤ ᠨᠡᠶᠢᠳᠡ 3319 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠵᠢᠯ ᠪᠦᠷᠢ ᠳᠤᠮᠳᠠᠴᠢ ᠪᠠᠷ 3.7 ᠲᠦᠮᠡ ᠠᠴᠠ ᠳᠡᠭᠡᠭᠰᠢ ᠬᠥᠮᠦᠨ ᠳᠤ ᠰᠢᠯᠵᠢᠭᠦᠯᠦᠨ ᠠᠵᠢᠯ ᠣᠯᠭᠤᠪᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠰᠢᠯᠭᠠᠯᠲᠠ ᠶᠢ ᠪᠥᠬᠦ ᠲᠠᠯ᠎ᠠ ᠪᠠᠷ ᠥᠩᠭᠡᠷᠡᠭᠡᠵᠦ᠂ ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠨᠣᠷᠮ᠎ᠠ 100 % ᠬᠦᠷᠪᠡ᠃ ︽ᠡᠷᠡᠭᠦᠯ ᠮᠡᠨᠳᠦ  ᠵᠦᠸᠧᠽᠢ︾ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠪᠦᠬᠦᠨ ᠢ ᠪᠡᠶᠡᠯᠡᠭᠦᠯᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠡᠷᠦᠬᠡ ᠪᠠᠷ ᠪᠠᠲᠤᠯᠠᠭ᠎ᠠ ᠣᠯᠭᠤᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃  ᠶᠢᠰᠦᠨ ᠨᠤᠭᠤᠯᠤᠭᠠᠲᠦ ᠬᠠᠲᠤᠨ ᠭᠤᠤᠯ ᠤᠨ ᠰᠣᠶᠣᠯ ᠤᠨ ᠨᠠᠶᠢᠷ᠂  ᠤᠲᠤᠭᠰᠠᠨ ᠲᠠᠬᠢᠶ᠎ᠠ ᠶᠢᠨ ᠠᠮᠲᠠᠲᠤ ᠢᠳᠡᠭᠡᠨ ᠤ ᠵᠢᠭᠤᠯᠴᠢᠯᠠᠯ ᠤᠨ ᠰᠣᠶᠣᠯ ᠤᠨ ᠨᠠᠶᠢᠷ ᠤᠨ ᠨᠥᠯᠥᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂  ᠤᠲᠤᠮᠠᠯ ᠲᠠᠬᠢᠶ᠎ᠠ ᠶᠢᠨ ᠮᠦᠽᠧᠢ᠂ ᠨᠤᠲᠤᠭ ᠤᠨ ᠮᠥᠷᠥᠭᠡᠳᠦᠯ ᠤᠨ ᠳᠤᠷᠠᠰᠤᠮᠵᠢ ᠶᠢᠨ ᠣᠷᠳᠣᠨ᠂ ᠳ᠋ᠢᠩ ᠱᠧᠩ ᠺᠢᠨᠣ᠋ ᠶᠢᠨ ᠣᠷᠳᠣᠨ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ︽ᠠᠮᠤᠷ ᠠᠮᠤᠭᠤᠯᠠᠩ ᠤᠨ ᠭᠠᠷᠮᠠᠭᠠᠶ ᠪᠡᠯᠡ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃   ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠡᠳ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠷ᠎ᠡ ᠠᠵᠤ ᠠᠬᠤᠶ ᠶᠢᠨ ᠵᠥᠪᠯᠡᠭᠴᠢ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠬᠤ ᠴᠢᠳᠠᠪᠤᠷᠢ ᠪᠠ ᠵᠠᠰᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠬᠤᠳᠠ ᠶᠢᠨ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠠᠶᠤᠯᠭᠦᠶ ᠦᠢᠯᠡᠳᠪᠦᠷᠢᠯᠡᠯ ᠵᠡᠷᠭᠡ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠢ 179 ᠵᠦᠢᠯ ᠪᠠᠶᠢᠭᠰᠠᠨ ᠠᠴᠠ 121 ᠵᠦᠢᠯ ᠪᠣᠯᠭᠠᠨ ᠪᠠᠭᠠᠰᠬᠠᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠶᠢᠨ ᠬᠠᠮᠤᠷᠬᠤ ᠬᠡᠪᠴᠢᠶ᠎ᠡ ᠶᠢ 98.3% ᠳᠤ ᠬᠦᠷᠦᠭᠦᠯᠪᠡ᠃ ᠨᠡᠬᠡᠬᠡᠯᠳᠡ ᠬᠠᠮᠲᠤᠷᠠᠯᠴᠠᠭ᠎ᠠ ᠶᠢ ᠨᠡᠩ ᠭᠦᠨᠵᠡᠭᠡᠶᠢᠷᠡᠭᠦᠯᠵᠦ᠂ ᠨᠡᠶᠢᠳᠡ 19 ᠲᠦᠷᠦᠯ ᠵᠦᠢᠯ ᠢ ᠨᠠᠶᠢᠳᠠᠪᠤᠷᠢᠵᠢᠭᠤᠯᠪᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠨᠡᠶᠢᠳᠡ 5.2 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠪᠡ᠃    ᠲᠥᠯᠥᠭᠡᠯᠡᠭᠴᠢᠳ ᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠡᠷᠭᠢᠴᠡᠭᠦᠯᠬᠦ ᠳᠤ᠂ ᠪᠥᠬᠦ ᠰᠢᠶᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠮᠠᠨ ᠤ ᠰᠢᠶᠠᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ ᠂ ᠨᠡᠶᠢᠭᠡᠮ ᠤᠨ ᠪᠠᠶᠢᠭᠤᠯᠤᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠥᠬᠦ ᠲᠠᠯ᠎ᠠ ᠶᠢᠨ ᠳᠠᠪᠰᠢᠯᠲᠠ ᠲᠠᠢ ᠪᠣᠯᠵᠣ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠬᠢᠯᠡᠯᠲᠡ ᠶᠢᠨ ᠬᠤᠭᠤᠴᠠᠭ᠎ᠠ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠪᠢᠳᠡᠨ ᠤ ᠣᠯᠤᠭᠰᠠᠨ ᠠᠮᠵᠢᠯᠲᠠ ᠨᠢᠭᠡᠪᠦᠷᠢ᠂ ᠣᠯᠤᠭᠰᠠᠨ ᠢᠯᠠᠯᠲᠠ ᠨᠢᠭᠡᠪᠦᠷᠢ ᠪᠣᠯ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢ᠊ ᠡᠶ᠎ᠡ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠨᠡᠩ ᠴᠤ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠭᠰᠠᠨ ᠤ ᠦᠷ᠎ᠡ ᠳ᠋ᠦᠩ ᠮᠥᠨ︕ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠵᠦᠸᠧᠽᠢ ᠶᠢᠨ ᠬᠥᠭᠵᠢᠯᠲᠡ ᠳᠤ ᠣᠷᠣᠯᠴᠠᠭᠰᠠᠨ ᠪᠥᠭᠡᠳ ᠲᠡᠭᠦᠨ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠡ᠂ ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ ᠪᠢᠳᠡ ᠪᠠᠰᠠ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠵᠠᠰᠠᠭ ᠤᠨ ᠣᠷᠳᠣᠨ ᠤ ᠠᠵᠢᠯ ᠳᠤ ᠪᠠᠰᠠ ᠴᠥᠭᠡᠨ ᠪᠤᠰᠤ ᠠᠰᠠᠭᠤᠳᠠᠯ ᠪᠠ ᠪᠠᠭᠤᠷᠠᠶ ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠂ ᠡᠭᠦᠨ ᠳᠤ ᠭᠤᠣᠯᠳᠠᠭᠤ᠄ ᠬᠢᠵᠢᠭ ᠤᠨ ᠨᠥᠯᠥᠭᠡ ᠠᠴᠠ ᠪᠤᠯᠵᠤ᠂ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ᠂ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ ᠦᠭᠡᠢ ᠪᠠᠶᠢᠨ᠎ᠠ︔ ᠠᠵᠤ ᠦᠢᠯᠡᠰ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠥᠨᠳᠥᠷ ᠪᠢᠰᠢ᠂ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ ᠪᠠᠶᠢᠨ᠎ᠠ︔ ᠭᠠᠵᠠᠷ ᠰᠢᠷᠣᠶ ᠶᠢᠨ ᠡᠬᠢ ᠪᠠᠶᠠᠯᠢᠭ᠂ ᠤᠰᠤᠨ ᠤ ᠡᠬᠢ ᠪᠠᠶᠠᠯᠢᠭ ᠵᠡᠷᠭᠡ ᠡᠯᠧᠮᠧᠨ᠋ᠲ ᠤᠨ ᠲᠤᠯᠭᠠᠭᠤᠷᠢᠯᠠᠯ ᠵᠢᠴᠢ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠲᠥᠷᠥ ᠶᠢᠨ ᠪᠣᠳᠣᠯᠭ᠎ᠠ ᠶᠢᠨ ᠨᠥᠯᠥᠭᠡ ᠠᠴᠠ ᠪᠣᠯᠵᠣ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷᠲᠡᠶ ᠪᠣᠯᠪᠠ︔ ᠠᠮᠢ ᠠᠬᠤᠶ ᠶᠢᠨ ᠣᠷᠴᠢᠨ ᠨᠥᠬᠦᠴᠡᠯ ᠮᠥᠨ ᠯᠡ ᠬᠡᠪᠡᠷᠡᠭ ᠪᠠᠭᠤᠷᠠᠶ ᠪᠠᠶᠢᠵᠤ᠂ ᠶᠡᠭᠡ ᠬᠠᠷ᠎ᠠ ᠭᠤᠣᠯ ᠤᠨ ᠰᠠᠪᠠ ᠭᠠᠵᠠᠷ ᠤᠨ ᠣᠷᠴᠢᠨ ᠠᠬᠤᠶ ᠶᠢ ᠴᠡᠭᠴᠡᠯᠡᠨ ᠵᠠᠰᠠᠬᠤ ᠡᠭᠦᠷᠭᠡ ᠨᠦᠰᠡᠷ ᠬᠦᠨᠳᠦ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠲᠠᠯᠳᠠ ᠥᠭᠴᠡᠭᠡ ᠶᠢ ᠠᠷᠢᠯᠭᠠᠬᠤ ᠳᠠᠷᠤᠯᠲᠠ ᠮᠥᠨ ᠯᠡ ᠮᠠᠰᠢ ᠶᠡᠭᠡ ᠪᠠᠶᠢᠨ᠎ᠠ︔ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ︾ ᠠᠰᠠᠭᠤᠳᠠᠯ ᠢ ᠪᠠᠰᠠ ᠰᠠᠶᠢᠲᠤᠷ ᠰᠢᠢᠳᠪᠦᠷᠢᠯᠡᠵᠦ ᠴᠢᠳᠠᠭᠠᠳᠤᠶ ᠪᠠᠶᠢᠨ᠎ᠠ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠳ ᠤᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠳᠡᠭᠡᠷ ᠠᠰᠠᠭᠤᠳᠠᠯ ᠪᠠ ᠬᠦᠴᠢᠷ ᠪᠡᠷᠬᠡᠰᠢᠶᠡᠯ ᠤᠳ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠶ ᠪᠠᠷ ᠰᠢᠶ᠋ᠳᠪᠦᠷᠢᠯᠡᠬᠦ ᠴᠢᠬᠤᠯᠠ ᠲᠠᠢ ᠪᠠᠶᠢᠨ᠎ᠠ᠃    ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ  ᠰᠢᠶᠠᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠵᠦᠸᠧᠽᠢ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠠᠳ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃    ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠢᠳᠡ ᠳᠣᠣᠷᠠᠬᠢ ᠭᠤᠣᠯ ᠬᠠᠷᠠᠯᠲᠠ ᠶᠢ ᠪᠡᠶᠡᠯᠡᠭᠦᠯᠦᠨ᠎ᠡ᠄    ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠪᠦᠷᠢ ᠳᠤᠮᠳᠠᠴᠢ ᠪᠠᠷ 7% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠳᠤᠮᠳᠠ ᠵᠡᠷᠭᠡ ᠶᠢᠨ ᠡᠩᠨᠡᠭᠡᠨ ᠳᠤ ᠣᠷᠣᠪᠠ᠃ ᠲᠠᠷᠢᠶᠠᠯᠠᠩ ᠤᠨ ᠡᠷᠴᠢᠮᠵᠢᠭᠦᠯᠦᠭᠰᠡᠨ ᠡᠵᠡᠩᠨᠡᠯᠲᠡ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷᠵᠢᠯᠲᠠ ᠪᠠ ᠨᠡᠷᠡᠳᠤ ᠳᠡᠮᠳᠡᠭᠵᠢᠯᠳᠡ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠥᠭᠡᠢ᠂ ᠡᠷᠬᠢᠯᠳᠡᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠨᠡᠮᠡᠯᠲᠡ ᠥᠷᠳᠡᠭ ᠲᠡᠶᠢᠰᠢ ᠲᠦᠷᠭᠡᠪᠴᠢᠯᠡᠨ ᠤᠯᠠᠷᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ ᠢᠶᠠᠷ ᠭᠤᠣᠯ ᠪᠣᠯᠭᠠᠭᠰᠠᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶᠡᠵᠢᠭᠰᠡᠨ ᠡᠵᠡᠩᠨᠡᠯᠲᠡ ᠶᠢ ᠪᠡᠶᠡᠯᠡᠭᠦᠯᠦᠨ᠎ᠡ᠃ ᠵᠢᠭᠤᠯᠴᠢᠯᠠᠯ ᠤᠨ ᠤᠶᠢᠯᠡᠰ ᠤᠨ ᠶᠡᠷᠦᠩᠬᠡᠶ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠵᠦ᠂ ᠭᠤᠷᠪᠠᠨ ᠠᠵᠤ ᠤᠶᠢᠯᠡᠰ ᠯᠦᠭᠡ ᠭᠦᠨᠵᠡᠭᠡᠶ ᠠᠭᠤᠰᠤᠯᠴᠠᠬᠤ ᠶᠢ ᠪᠡᠶᠡᠯᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃   ᠠᠷᠠᠳ ᠤᠨ ᠠᠮᠢᠳᠤᠷᠠᠯ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 7% ᠪᠠ 8% ᠨᠡᠮᠡᠭᠳᠡᠵᠦ᠂ ᠪᠦᠬᠦ ᠬᠤᠳᠠ ᠶᠢᠨ ᠳᠤᠮᠳᠠ ᠥᠨᠳᠥᠷ ᠲᠦᠪᠰᠢᠨ ᠳᠤ ᠬᠦᠷᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠤᠰᠤ ᠬᠠᠩᠭᠠᠬᠤ᠂ ᠰᠢᠲᠠᠮᠠᠬᠠᠶ ᠬᠡᠶ ᠬᠠᠩᠭᠠᠬᠤ ᠪᠠ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠲᠣᠭᠤᠷᠢᠭ᠂ ᠪᠠᠯᠭᠠᠰᠤ ᠲᠣᠭᠤᠷᠢᠭ ᠢ ᠪᠦᠲᠦᠮᠵᠢᠲᠡᠶ ᠰᠢᠨᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠤᠶᠢᠯᠡᠰ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃   ᠦᠵᠡᠰᠬᠦᠯᠡᠩᠲᠦ ᠰᠠᠶᠢᠬᠠᠨ ᠭᠠᠷᠮᠠᠭᠠᠶ ᠪᠦᠲᠦᠭᠡᠯ ᠨᠢ ᠰᠢᠨ᠎ᠡ ᠳᠦᠷᠢ ᠲᠥᠷᠬᠦ ᠶᠢ ᠢᠯᠡᠷᠡᠭᠦᠯᠦᠨ᠎ᠡ᠃ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠠᠮᠢ ᠠᠬᠤᠶ ᠶᠢᠨ ᠣᠷᠣᠨ ᠵᠠᠶ ᠶᠢᠨ ᠠᠭᠤᠯᠠ ᠤᠰᠤ ᠨᠢ ᠲᠤᠩᠭᠠᠯᠠᠭ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠭᠤᠣᠯᠳᠠᠯᠭ᠎ᠠ ᠲᠠᠢ ᠠᠮᠢ ᠠᠬᠤᠶ ᠶᠢᠨ ᠣᠷᠣᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠪᠠ᠃ ᠬᠥᠳᠡᠭᠡ ᠲᠣᠰᠬᠤᠨ ᠤ ᠬᠤᠭ ᠨᠣᠪᠰᠢ᠂ ᠪᠣᠬᠢᠷ ᠤᠰᠤ ᠶᠢ ᠰᠢᠶ᠋ᠳᠪᠦᠷᠢᠯᠡᠬᠦ ᠴᠢᠳᠠᠪᠤᠷᠢ ᠶᠢ ᠴᠥᠮ ᠪᠠᠷᠢᠮᠵᠢᠶ᠎ᠠ ᠳᠤ ᠬᠦᠷᠭᠡᠵᠦ᠂ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠠᠮᠢ ᠠᠬᠤᠶ ᠶᠢᠨ ᠣᠷᠴᠢᠨ ᠨᠥᠬᠦᠴᠡᠯ ᠢᠶᠠᠷ ᠭᠤᠶᠢᠳᠠ ᠰᠠᠶᠢᠬᠠᠨ ᠨᠢᠭᠡ ᠪᠦᠯᠦᠭ ᠥᠪᠡᠷᠮᠢᠴᠡ ᠣᠨᠴᠠᠯᠢᠭ ᠲᠠᠢ ᠠᠶᠢᠯ ᠲᠣᠰᠬᠤᠨ ᠢ ᠪᠠᠶᠢᠭᠤᠯᠤᠨ᠎ᠠ᠃  ᠨᠡᠶᠢᠭᠡᠮ ᠤᠨ ᠵᠠᠰᠠᠯᠲᠠ ᠰᠢᠨ᠎ᠡ ᠳᠡᠭᠡᠳᠦ ᠬᠡᠮᠵᠢᠶᠡᠨ ᠳᠤ ᠬᠦᠷᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠢᠳᠡᠪᠬᠢᠲᠡᠶ ᠠᠬᠢᠴᠠ ᠲᠠᠢ ᠪᠤᠯᠵᠤ᠂ ᠬᠠᠤᠯᠢ ᠪᠠᠷ ᠵᠠᠰᠠᠬᠤ ᠰᠣᠶᠣᠯ ᠪᠠ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠪᠠᠳᠠᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠭᠦᠢᠴᠡᠳ ᠢᠯᠡᠷᠡᠭᠦᠯᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠲᠤᠯᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠠᠮᠤᠭᠤᠯᠠᠩ ᠵᠦᠢᠷᠡᠢ ᠪᠡᠯᠡ ᠶᠢᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠪᠠ᠃    ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠪᠠ᠃  ᠶᠡᠭᠡ  ᠲᠦᠷᠭᠡᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠨᠡᠩ ᠰᠢᠯᠢᠳᠡᠭᠵᠢᠵᠦ᠂ ᠪᠡᠯᠡ ᠣᠷᠣᠭᠤᠯᠤᠯᠲᠠ ᠪᠠ ᠲᠦᠷᠦ ᠶᠢᠨ ᠪᠤᠳᠤᠯᠭ᠎ᠠ ᠶᠢᠨ ᠰᠢᠨ᠎ᠡ ᠬᠤᠲᠣᠭᠤᠷ ᠭᠠᠵᠠᠷ ᠢ ᠪᠤᠢ ᠪᠣᠯᠭᠠᠨ᠎ᠠ᠃ ᠨᠡᠭᠡᠭᠡᠯᠲᠡᠲᠦ ᠬᠥᠭᠵᠢᠯᠲᠡ ᠵᠠᠩᠭᠢᠯᠠᠭ᠎ᠠ ᠶᠢᠨ ᠴᠢᠨᠠᠷᠲᠠᠢ ᠠᠯᠬᠤᠮ ᠢ ᠠᠯᠬᠤᠵᠤ᠂ ᠪᠡᠭᠡᠵᠢᠩ ᠲᠢᠶᠠᠨᠵᠢᠨ ᠡᡁᠧᠪᠸᠢ ᠪᠣᠯᠤᠨ ᠬᠥᠬᠡᠬᠤᠲᠠ ᠪᠤᠭᠤᠲᠤ ᠤᠷᠳᠤᠰ  ‍ᠬᠠᠢ ᠶᠢᠨ ᠬᠥᠭᠵᠢᠯᠲᠡ ᠳᠤ ᠠᠭᠤᠰᠤᠯᠴᠠᠨ ᠴᠢᠬᠤᠯᠠ ᠰᠢᠪᠲᠤᠯᠤᠯᠲᠠ ᠲᠠᠢ ᠪᠣᠯᠪᠠ᠃ ︽ᠵᠦᠸᠧᠽᠢ ᠲᠠᠬᠢᠶ᠎ᠠ ᠶᠢᠨ ᠠᠩᠬᠢᠯᠤᠮ᠎ᠠ ᠦᠨᠦᠷ᠂ ᠳᠥᠷᠪᠡᠨ ᠤᠯᠠᠷᠢᠯ ᠤᠨ ᠲᠠᠩᠰᠤᠭ ᠦᠵᠡᠮᠵᠢ︾ ᠨᠢ ᠭᠠᠳᠠᠭᠠᠳᠤ ᠳᠤ ᠳᠡᠯᠭᠡᠨ ᠦᠵᠡᠭᠦᠯᠬᠦ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠪᠠ᠃   ᠲᠥᠯᠥᠭᠡᠯᠡᠭᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠪᠦᠷᠢᠶ᠎ᠡ ᠶᠢ ᠨᠢᠭᠡᠨᠲᠡ ᠬᠠᠩᠭᠢᠨᠠᠭᠤᠯᠪᠠ᠃ ᠪᠢᠳᠡ ᠭᠠᠭᠴᠠ ᠬᠦ ᠬᠥᠬᠡᠮᠳᠦᠭ ᠠᠭᠤᠯᠠ ᠪᠠᠨ ᠴᠢᠩᠭ᠎ᠠ ᠪᠠᠷᠢᠵᠤ᠂ ᠢᠲᠡᠭᠡᠯ ᠵᠣᠷᠢᠭ ᠢᠶᠠᠨ ᠪᠠᠲᠤᠳᠬᠠᠨ ᠴᠢᠷᠮᠠᠶᠢᠨ ᠠᠵᠢᠯᠯᠠᠳᠠᠭ ᠯᠠ ᠶᠤᠮ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠤᠭ᠎ᠠ ᠬᠠᠷᠠᠯᠲᠠ ᠶᠢ ᠯᠠᠪᠲᠠᠶ ᠪᠡᠶᠡᠯᠡᠭᠦᠯᠵᠦ᠂ ᠭᠠᠷᠮᠠᠭᠠᠶ ᠢᠷᠡᠭᠡᠳᠦᠶ ᠶᠢ ᠯᠠᠪᠲᠠᠶ ᠨᠡᠩ ᠰᠠᠶᠢᠨ ᠰᠠᠶᠢᠬᠠᠨ ᠪᠣᠯᠭᠠᠵᠤ ᠴᠢᠳᠠᠬᠤ ᠶᠤᠮ ᠭᠡᠵᠡᠶ᠃    ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ    2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠲᠠᠪᠤᠨ ᠵᠢᠯ ᠤᠨ ᠲᠦᠷᠦᠭᠦᠦ ᠵᠢᠯ ᠢ ᠦᠵᠡᠬᠦ ᠳᠤ ᠪᠢᠳᠡ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠪᠠᠶᠢᠳᠠᠯ ᠢ ᠣᠯᠵᠤ ᠬᠠᠷᠠᠬᠤ ᠬᠡᠷᠡᠭᠲᠡᠶ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ︽ᠬᠤᠶᠠᠷ ᠬᠤᠷᠠᠯ︾ ᠤᠨ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ᠃    ᠡᠨᠡ ᠵᠢᠯ ᠤᠨ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 8% ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 10% ᠪᠠᠷ ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠲᠦᠷᠦᠭᠦᠦ ᠵᠢᠯ ᠤᠨ ᠲᠥᠰᠦᠪ ᠠᠴᠠ 10% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 8% ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 6% ᠪᠠ 8% ᠪᠠᠷ ᠨᠡᠮᠡᠭᠳᠡᠭᠦᠯᠦᠨ᠎ᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ 3.2% ᠢᠶᠠᠷ ᠪᠠᠭᠤᠷᠠᠭᠤᠯᠤᠨ᠎ᠠ᠃ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄    ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠡᠷᠦᠩᠬᠡᠢ ᠵᠢᠯᠤᠭᠤᠳᠤᠯᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ   ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠡᠨᠡ ᠵᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃    ᠳᠠᠷᠢᠵᠤ ᠲᠡᠵᠢᠭᠡᠬᠦ ᠪᠦᠲᠦᠴᠡ ᠶᠢ ᠶᠡᠬᠡᠪᠡᠷ ᠳᠣᠭᠢᠷᠠᠭᠤᠯᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶ᠋ᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ 48 ᠲᠦᠮᠡᠨ ᠮᠥ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ᠂ ᠠᠮᠤ ᠪᠤᠳᠠᠭᠠᠨ ᠤ ᠪᠤᠰᠤ ᠪᠣᠯᠭᠠᠬᠤ ᠶᠠᠪᠤᠳᠠᠯ ᠢ ᠡᠷᠡᠰ ᠰᠡᠷᠭᠡᠶᠢᠯᠡᠨ ᠬᠤᠷᠢᠭᠯᠠᠵᠤ᠂ ᠳᠠᠷᠢᠬᠤ ᠪᠠᠨ ᠪᠤᠯᠢᠵᠤ ᠠᠲᠠᠷᠰᠢᠭᠤᠯᠬᠤ ᠦᠵᠡᠭᠳᠡᠯ ᠢ ᠪᠦᠲᠦᠮᠵᠢᠲᠡᠶ ᠬᠤᠷᠢᠭᠯᠠᠨ᠎ᠠ᠃ ᠵᠢᠯ ᠤᠨ ᠳᠣᠲᠣᠷ᠎ᠠ ᠨᠣᠬᠠᠶ ᠶᠢᠨ ᠬᠤᠰᠢᠭᠤ ᠳᠠᠷᠢᠬᠤ ᠲᠠᠯᠠᠪᠠᠶ ᠶᠢ 4 ᠲᠦᠮᠡᠨ ᠮᠥ᠂ ᠲᠥᠮᠥᠰᠥ ᠳᠠᠷᠢᠬᠤ ᠲᠠᠯᠠᠪᠠᠶ ᠶᠢ 2 ᠲᠦᠮᠡᠨ ᠮᠥ᠂ ᠬᠦᠶ᠋ᠲᠡᠨ ᠰᠡᠷᠢᠭᠦᠨ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 1 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠶ ᠶᠢ ᠲᠦᠰᠢᠭᠯᠡᠬᠦ ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠢ ᠡᠷᠬᠢᠮᠯᠡᠬᠦ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠰᠠᠶᠢᠲᠤᠷ ᠬᠡᠷᠡᠭᠯᠡᠨ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠠᠭᠤᠷᠠᠶ ᠲᠠᠷᠢᠶᠠᠯᠠᠩ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ 5000 ᠮᠦ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ 3 ᠲᠦᠮᠡᠨ ᠮᠦ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠴᠠᠭ ᠠᠭᠤᠷ ᠤᠨ ᠬᠡᠮᠵᠢᠯᠲᠡ ᠶᠢᠨ ᠲᠠᠯᠠᠪᠠᠢ ᠶᠢ ᠨᠡᠭᠦᠯᠭᠡᠬᠦ ᠪᠠ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠥᠪ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠶᠤᠯᠭᠦᠶ ᠪᠠᠶᠢᠬᠤ ᠶᠢ ᠪᠠᠲᠤᠯᠠᠨ᠎ᠠ᠃ ᠤᠯᠠᠭᠠᠨᠴᠠᠪ ᠬᠤᠲᠠ ᠶᠢᠨ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠵᠦ ᠭᠠᠭ᠋ᠠᠶ ᠶᠢ ᠬᠢᠵᠠᠭᠠᠷᠯᠠᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠡᠵᠢᠭᠡᠨ ᠦᠷᠡᠵᠢᠭᠦᠯᠬᠦ ᠦᠶ᠋ᠯᠡᠰ ᠤᠨ ᠬᠡᠪᠴᠢᠶ᠎ᠡ ᠶᠢ ᠳᠣᠭᠢᠷᠠᠭᠤᠯᠤᠨ᠎ᠠ᠃    ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠪᠠᠷᠢᠮᠵᠢᠶᠠᠵᠢᠭᠤᠯᠬᠤ  ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ︽ᠵᠦᠸᠧᠽᠢ   ᠠᠮᠲᠠᠲᠦ︾ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠪᠣᠬᠢᠷᠲᠤᠯ ᠥᠬᠡᠶ᠂ ᠣᠷᠭᠠᠨᠢᠭ᠂ ᠨᠡᠶᠢᠲᠡ ᠳᠤ ᠬᠤᠤᠷᠳᠠᠭᠳᠠᠯ ᠥᠬᠡᠶ ᠭᠡᠷᠡᠴᠢᠯᠡᠯ ᠤᠨ ᠤᠶᠢᠯᠡᠳᠬᠦᠨ ᠢ 5 ᠰᠢᠨ᠎ᠡ ᠪᠠᠷ ᠨᠡᠮᠡᠭᠳᠡᠭᠦᠯᠦᠨ᠎ᠡ᠃ ᠤᠲᠤᠮᠠᠯ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ︽ ᠵᠦᠸᠧᠽᠢ ᠤᠲᠤᠮᠠᠯ ᠲᠠᠬᠢᠶ᠎ᠠ︾ ᠶᠢ ᠪᠠᠷᠢᠮᠵᠢᠶᠠᠵᠢᠭᠤᠯᠤᠨ ᠤᠶᠢᠯᠡᠳᠪᠦᠷᠢᠯᠡᠬᠦ᠂ ᠬᠡᠪᠴᠢᠶᠡᠵᠢᠭᠦᠯᠦᠨ ᠡᠵᠡᠩᠨᠡᠬᠦ᠂ ᠨᠠᠷᠠᠲᠤ ᠲᠥᠷᠥᠯ ᠲᠡᠮᠳᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠨ᠎ᠡ᠃    ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠲᠣᠰᠬᠤᠨ ᠤ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠵᠤ᠂ ︽ᠨᠢᠭᠡ ᠲᠣᠰᠬᠤᠨ ᠳᠤ ᠨᠢᠭᠡ ᠲᠥᠯᠥᠪᠵᠢᠭᠦᠯᠭᠡ︾ ᠶᠢᠨ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠰᠣᠳᠣᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ ᠪᠦᠲᠦᠭᠡᠨ᠎ᠡ᠃ ᠠᠮᠢᠳᠤᠷᠠᠯ ᠤᠨ ᠬᠤᠭ ᠨᠣᠪᠰᠢ ᠶᠢ ︽ᠲᠣᠰᠬᠤᠨ ᠳᠤ ᠬᠤᠷᠢᠶᠠᠨ ᠴᠤᠭᠯᠠᠭᠤᠯᠬᠤ᠂ ᠰᠢᠶᠠᠩ ᠳᠠᠮᠵᠢᠭᠤᠯᠤᠨ ᠲᠡᠭᠡᠭᠡᠪᠦᠷᠢᠯᠡᠬᠦ᠂ ᠬᠡᠰᠡᠭ ᠲᠣᠭᠤᠷᠢᠭ ᠢᠶᠠᠷ ᠰᠢᠢᠳᠪᠦᠷᠢᠯᠡᠬᠦ︾ ᠵᠠᠭᠪᠤᠷ ᠢ ᠲᠡᠭᠦᠯᠳᠡᠷᠵᠢᠭᠦᠯᠵᠦ᠂ ᠰᠢᠶᠠᠩ ︵ᠪᠠᠯᠭᠠᠰᠤ︶ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠲᠥᠪ ᠲᠣᠰᠬᠤᠨ ᠵᠢᠴᠢ ᠬᠥᠮᠦᠨ ᠠᠮᠠ ᠨᠡᠯᠢᠶᠡᠳ ᠲᠥᠪᠯᠡᠷᠡᠭᠰᠡᠨ ᠵᠠᠰᠠᠭ ᠵᠠᠬᠢᠷᠭᠠᠨ ᠤ ᠲᠣᠰᠬᠤᠨ ᠪᠦᠬᠦᠨ ᠢᠶᠠᠷ ᠢᠶᠠᠨ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠶ᠃ ᠴᠢ ᠰᠢᠶᠠ ᠶᠢᠩ ᠪᠠᠯᠭᠠᠰᠤ ᠶᠢᠨ ᠬᠥᠳᠡᠭᠡ ᠲᠣᠰᠬᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠢᠳᠡᠪᠬᠢᠲᠡᠶ ᠠᠬᠢᠭᠤᠯᠵᠤ᠂ 14 ᠲᠦᠮᠡᠨ ᠮᠥ ᠶᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠡᠭᠦᠷᠭᠡ ᠶᠢ ᠪᠡᠶᠡᠯᠡᠭᠦᠯᠵᠦ᠂ ᠲᠣᠮᠣ ᠬᠡᠯᠪᠡᠷᠢ ᠶᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠨ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠴᠢᠨ ᠠᠬᠤᠶ ᠶᠢ ᠬᠠᠮᠠᠭᠠᠯᠠᠬᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 4378 ᠪᠠᠶᠢᠭᠤᠯᠪᠠ᠃ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠲᠦᠯᠬᠢᠨ ᠠᠬᠢᠭᠤᠯᠤᠨ᠎ᠠ᠃    ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠡᠷᠭᠢᠯᠲᠡ ᠳᠤ ᠣᠷᠣᠭᠤᠯᠬᠤ ᠪᠠ ᠪᠠᠷᠢᠴᠠᠭᠠᠳᠦ ᠵᠢᠭᠡᠯᠡᠯᠭᠡ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠪᠠ ᠰᠤᠯᠠ ᠪᠠᠶᠢᠬᠤ ᠣᠷᠣᠨ ᠰᠠᠭᠤᠴᠠ ᠶᠢ ᠠᠮᠢᠳᠤᠯᠢᠭ ᠠᠰᠢᠭᠯᠠᠬᠤ ᠶᠢ ᠯᠠᠪᠳᠠᠭᠤᠨ ᠢᠶᠠᠷ ᠥᠷᠨᠢᠭᠦᠯᠵᠦ᠂ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠤᠨ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃  ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠂ ᠬᠠᠪᠰᠤᠷᠤᠨ ᠲᠡᠳᠬᠦᠬᠦ᠂ ᠲᠥᠷᠥ ᠶᠢᠨ ᠪᠣᠳᠣᠯᠭ᠎ᠠ᠂ ᠬᠢᠨᠠᠨ ᠬᠠᠮᠢᠶᠠᠷᠬᠤ ᠡᠷᠴᠢᠮ ᠢ ᠰᠤᠯᠠᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠰᠤᠯᠠᠷᠠᠵᠤ ᠴᠠᠯᠠᠭᠠᠶᠢᠷᠠᠬᠤ ᠦᠵᠡᠯ ᠰᠠᠨᠠᠭ᠎ᠠ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ ᠂ ᠲᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠂ ᠬᠦᠴᠢᠷᠳᠡᠯ ᠲᠠᠢ ᠤᠯᠠᠨ ᠲᠦᠮᠡᠨ ᠤ ︽ᠶᠠᠳᠠᠭᠤ ᠶᠢ ᠰᠡᠷᠭᠡᠶᠢᠯᠡᠨ ᠪᠠᠲᠤᠯᠠᠬᠤ︾᠂ ︽ᠪᠠᠴᠢᠮ ᠪᠠ ᠬᠦᠴᠢᠷᠳᠡᠯ ᠠᠴᠠ ᠠᠪᠤᠷᠠᠬᠤ︾ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠮᠥᠷᠳᠡᠨ ᠳᠠᠭᠠᠬᠤ ᠬᠡᠷᠡᠭᠲᠡᠶ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠤᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠦᠢᠯᠡᠳᠬᠦᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠢᠮ ᠢᠶᠠᠷ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠪᠠᠨ ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ  ᠠᠷᠭ᠎ᠠ ᠬᠡᠷᠡᠭᠵᠢᠭᠦᠯᠦᠨ᠎ᠡ᠃    ︵ᠬᠤᠶᠠᠷ︶ ᠰᠢᠨ᠎ᠡ ᠶᠢ ᠡᠭᠦᠳᠴᠦ ᠬᠡᠯᠪᠡᠷᠢ ᠪᠠᠨ ᠬᠤᠪᠢᠷᠠᠭᠤᠯᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠠᠵᠤ ᠦᠢᠯᠡᠰ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ    ᠠᠵᠤ  ᠤᠶᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠨᠢᠭᠲᠠ ᠠᠩᠬᠠᠷᠴᠤ᠂ ᠭᠤᠤᠯᠯᠠᠭᠴᠢ ᠠᠵᠤ ᠠᠬᠤᠶᠢᠯᠠᠯ ᠪᠠ ᠭᠤᠤᠯᠳᠠᠯᠭ᠎ᠠ ᠲᠠᠢ ᠲᠥᠷᠥᠯ ᠵᠦᠢᠯ ᠳᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠯᠲᠠ ᠬᠢᠬᠦ ᠶᠢ ᠴᠢᠩᠭᠠᠳᠬᠠᠨ᠎ᠠ᠃ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠰ ᠳᠡᠪᠰᠢᠬᠦ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠢᠳᠦ᠋ᠩ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ᠂ ᠪᠠᠳᠢ ᠠᠵᠤ ᠦᠢᠯᠡᠰ ᠤᠨ ᠺᠣᠮᠫᠠᠨᠢ ᠶᠢᠨ ᠦᠢᠯᠡᠳᠪᠦᠷᠢᠯᠡᠯ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠲᠡᠭ ᠢ ᠨᠡᠮᠡᠭᠳᠡᠭᠦᠯᠦᠨ᠎ᠡ᠃ ᠥᠩᠭᠡᠲᠦ ᠲᠡᠮᠦᠷᠯᠢᠭ ᠡᠳ᠋ᠰᠢᠭᠦᠯᠬᠦ ᠲᠥᠷᠥᠯ ᠵᠦᠶ᠋ᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠᠳᠤ ᠢᠰᠫᠠᠨᠢ ᠶᠢᠨ ᠠᠭᠤᠷᠬᠠᠶ ᠶᠢᠨ  ᠤᠶᠢᠯᠡᠰ ᠤᠨ ᠵᠢᠯ ᠳᠤ 500 ᠲᠦᠮᠡᠨ ᠲᠣᠨ ᠮᠤᠯᠢᠪᠳᠧᠨ ᠤ ᠠᠭᠤᠷᠬᠠᠶ ᠮᠠᠯᠲᠠᠵᠤ ᠰᠢᠯᠢᠬᠦ ᠪᠠ ᠮᠤᠯᠢᠪᠳᠧᠨ ᠤ ᠨᠠᠷᠢᠯᠢᠭ ᠨᠤᠨᠲᠠᠭ ᠢ ᠨᠠᠷᠢᠯᠢᠭ ᠡᠳ᠋ᠰᠢᠭᠦᠯᠬᠦ ᠲᠥᠷᠥᠯ  ᠵᠦᠢᠯ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠳᠡᠮᠵᠢᠨ᠎ᠡ᠃ ᠬᠥᠳᠡᠯᠭᠡᠭᠴᠢ ᠬᠦᠴᠦᠨ ᠤ ᠯᠢᠲ᠋ᠢ ᠳ᠋ᠢᠶᠠᠨ ᡂᠢ ᠤᠭᠰᠠᠷᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠰᠢᠩᠹᠤᠩ᠂ ᠽᠢ ᠴᠧᠨ ᠬᠤᠶᠠᠳᠤᠭᠠᠷ ᠬᠤᠭᠤᠴᠠᠭᠠᠨ ᠤ ᠤᠷᠤᠭᠰᠢᠲᠠᠶ ᠶᠠᠪᠤᠭᠳᠠᠬᠤ ᠶᠢ ᠲᠦᠯᠬᠢᠨ ᠠᠬᠢᠭᠤᠯᠵᠤ᠂  ᠵᠦᠸᠧ ᠶᠤᠸᠠᠢ ᠳᠡᠭᠡᠳᠦ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠵᠢᠯ ᠳᠤ 20 ᠲᠦᠮᠡᠨ ᠲᠣᠨ ᠨᠡᠭᠦᠷᠡᠰᠦᠲᠥ᠋ᠷᠥᠭᠴᠢ ᠮᠠᠲ᠋ᠧᠷᠢᠶᠠᠯ ᠦᠢᠯᠡᠳᠪᠦᠷᠢᠯᠡᠬᠦ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠵᠢᠯ ᠳᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠴᠢ ᠰᠢᠶᠠ ᠶᠢᠩ ᠤᠨ 2 × 35 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠤᠶᠢᠯᠡᠳᠪᠦᠷᠢᠯᠡᠬᠦ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠤᠮᠳᠠᠳᠤ ᠤᠯᠤᠰ ᠤᠨ ᠡᠨᠧᠷᠭᠢ᠂ ᠥᠪᠥᠷ ᠮᠣᠩᠭᠤᠯ ᠰᠢᠨᠵᠢᠶᠠᠩ᠂ ᠲᠦᠩ ᠾᠦᠢ ᠵᠡᠷᠭᠡ 3 ᠪᠠᠶᠢᠭᠠᠯᠢ ᠶᠢᠨ ᠰᠢᠲᠠᠮᠠᠬᠠᠶ ᠬᠡᠶ ᠶᠢᠨ ᠴᠡᠪᠡᠷ ᠡᠨᠧᠷᠭᠢ ᠶᠢᠨ ᠠᠵᠤ ᠠᠬᠤᠶᠢᠯᠠᠯ ᠤᠨ ᠡᠷᠲᠡ ᠨᠢᠭᠡᠨ ᠡᠳᠦᠷ  ᠤᠶᠢᠯᠡᠳᠪᠦᠷᠢᠯᠡᠯ ᠪᠠ ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠪᠠᠴᠢᠮ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠭᠦᠶ᠋ᠴᠡᠳ ᠬᠡᠷᠡᠭᠯᠡᠵᠦ᠂ ᠠᠮᠢᠳᠤᠯᠢᠭ ᠬᠡᠷᠡᠭᠯᠡᠨ᠂ ᠬᠤᠸᠠ ᠢ ᠵᠦᠸᠧᠽᠢ ᠢᠯᠴᠢ ᠶᠢᠨ ᠴᠠᠬᠢᠯᠭᠠᠨ ᠤ ᠺᠣᠮᠫᠠᠨᠢ ᠶᠢ ᠢᠳᠡᠪᠬᠢᠲᠡᠶ ᠪᠠᠷ ᠬᠠᠪᠰᠤᠷᠤᠨ ᠡᠯ᠎ᠡ ᠵᠦᠶ᠋ᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠨ ᠬᠦᠴᠢᠷᠳᠡᠯ ᠠᠴᠠ ᠠᠩᠭᠢᠵᠢᠷᠠᠭᠤᠯᠬᠤ ᠪᠠᠷ ᠴᠢᠷᠮᠠᠶᠢᠨ᠎ᠠ᠃    ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠷ᠎ᠡ ᠠᠰᠢᠭ ᠤᠨ ᠬᠤᠪᠢᠷᠠᠭᠤᠯᠤᠯᠲᠠ ᠶᠢ ᠲᠦᠷᠭᠡᠳᠬᠡᠵᠦ᠂ ︽ ᠵᠦᠸᠧᠽᠢ ᠲᠠᠬᠢᠶ᠎ᠠ︾᠂ ᠯᠢᠦ ᠪᠢ ᠵᠢᠤᠢ ᠵᠢᠶᠠᠩᠨᠠᠭᠤᠷ ᠤᠨ ᠡᠳ᠋ᠰᠢᠭᠦᠯᠭᠡ᠂ ᠰᠧ ᠳ᠋ᠤᠤ ᠭᠧᠦ ᠶᠢᠨ ᠬᠤᠯᠢᠮᠠᠭ ᠠᠮᠤ ᠡᠳ᠋ᠰᠢᠭᠦᠯᠭᠡ᠂ ᠬᠠᠰᠢᠯᠭ᠎ᠠ ᠶᠢᠨ ᠢᠷᠣᠭᠠᠷ ᠤᠨ ᠪᠥᠭᠯᠡᠭᠡ ᠶᠢᠨ ᠭᠤᠤᠯ ᠠᠮᠤ ᠡᠳ᠋ᠰᠢᠭᠦᠯᠭᠡ ᠵᠡᠷᠭᠡ ᠲᠥᠷᠥᠯ ᠵᠦᠶ᠋ᠯ ᠳᠤ ᠲᠦᠰᠢᠭᠯᠡᠨ᠂ ᠢᠳᠡᠰᠢᠨ ᠨᠣᠭᠤᠭ᠎ᠠ᠂ ᠬᠤᠯᠢᠮᠠᠭ ᠠᠮᠤ ᠶᠢᠨ ᠨᠠᠷᠢᠯᠢᠭ ᠭᠦᠨᠵᠡᠭᠡᠶ ᠡᠳ᠋ᠰᠢᠭᠦᠯᠭᠡ ᠶᠢᠨ ᠠᠵᠤ  ᠤᠶᠢᠯᠡᠰ ᠢ ᠥᠷᠭᠡᠳᠬᠡᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ + ᠵᠠᠬᠢᠶᠠᠯᠠᠨ ᠪᠣᠯᠪᠠᠰᠤᠷᠠᠭᠤᠯᠬᠤ + ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ + ᠪᠠᠷᠠᠭᠠᠨ ᠤ ᠭᠦᠶ᠋ᠯᠭᠡᠭᠡᠨ ᠤ ᠳᠣᠭᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠪᠣᠬᠢᠷᠲᠤᠯ ᠥᠬᠡᠶ ᠢᠳᠡᠭᠡᠨ ᠤ ᠠᠵᠤ ᠦᠶ᠋ᠯᠡᠰ ᠤᠨ ᠬᠡᠯᠬᠢᠶ᠎ᠡ ᠶᠢ ᠪᠣᠶ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ ᠢ ᠭᠦᠨᠵᠡᠭᠡᠶ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃    ᠡᠷᠡᠭᠦᠯᠵᠢᠯ ᠰᠤᠪᠢᠯᠠᠯᠲᠠ ᠰᠡᠯᠡᠭᠦᠴᠡᠯ ᠢᠶᠠᠷ ᠭᠤᠤᠯ ᠪᠣᠯᠭᠠᠭᠰᠠᠨ ᠵᠢᠭᠤᠯᠴᠢᠯᠠᠯ ᠤᠨ ᠤᠶᠢᠯᠡᠰ ᠢ ᠪᠥᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠯᠢᠨ  ᠬᠤᠤ ᠡᠷᠲᠡᠨ ᠤ ᠴᠠᠶᠢᠵᠠ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠬᠤᠩ ᠵᠤᠤ ᠶᠢᠨ ᠵᠢᠦ ᠯᠦᠩ ᠸᠠᠨ ᠤ ᠦᠵᠡᠮᠵᠢ ᠶᠢᠨ ᠣᠷᠣᠨ ᠬᠢᠭᠡᠳ ᠬᠥᠬᠡᠬᠤᠲᠠ ᠶᠢᠨ ᠱᠧᠩ ᠱᠦᠶ ᠨᠢᠷᠤᠭᠤ ᠶᠢᠨ ᠦᠵᠡᠮᠵᠢ ᠶᠢᠨ ᠣᠷᠣᠨ ᠢ ᠨᠢᠭᠡ ᠴᠣᠠᠠᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠪᠠᠶᠠᠨᠰᠢᠯᠢ ᠪᠠᠯᠭᠠᠰᠤ ᠶᠢᠨ ᠰᠦ ᠬᠠᠶ ᠭᠧᠤ ᠶᠢᠨ ᠴᠢᠨᠡᠭᠡᠯᠢᠭ ᠨᠡᠶᠢᠭᠡᠮ ᠤᠨ ᠵᠢᠱᠢᠶ᠎ᠡ ᠦᠵᠡᠭᠦᠯᠬᠦ ᠲᠣᠰᠬᠤᠨ ᠢ ᠪᠥᠲᠥᠭᠡᠨ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠡᠬᠢᠯᠡᠭᠦᠯᠦᠨ᠎ᠡ᠃ ᠬᠤᠩ ᠵᠤᠤ ᠶᠢᠨ ᠵᠢᠦ ᠯᠦᠩ ᠸᠠᠨ᠂ ᠯᠢᠨ ᠬᠤᠤ ᠡᠷᠲᠡᠨ ᠤ ᠴᠠᠶᠢᠵᠠ ᠬᠤᠶᠠᠷ ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠢ ᠲᠦᠷᠭᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠠᠭᠤᠯᠠ ᠤᠰᠤ ᠤᠢ ᠰᠢᠭᠤᠢ ᠡᠪᠡᠰᠦ ᠪᠡᠯᠴᠢᠭᠡᠷ᠂ ᠬᠤᠪᠢᠰᠬᠠᠯ ᠤᠨ ᠰᠤᠳᠤᠯᠭᠠᠨ ᠤ ᠤᠬᠠᠭᠠᠨ᠂ ᠠᠷᠠᠳ ᠤᠨ ᠣᠷᠣᠨ ᠰᠠᠭᠤᠴᠠ ᠶᠢᠨ ᠵᠠᠩ ᠦᠢᠯᠡ ᠪᠠᠷ ᠵᠣᠷᠢᠯᠲᠠ ᠪᠣᠯᠭᠠᠭᠰᠠᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠵᠠᠮ ᠱᠤᠭᠤᠮ ᠢ ᠰᠠᠶᠢᠲᠤᠷ ᠲᠥᠯᠥᠪᠵᠢᠭᠦᠯᠵᠦ᠂ ᠮᠠᠨ ᠤ ᠰᠢᠶᠠᠨ ᠢᠶᠠᠨ ᠦᠨᠡᠨᠬᠦ ᠨᠡᠶᠢᠰᠯᠡᠯ᠂ ᠲᠥᠪ ᠤᠨ ︽ᠠᠷᠤ ᠲᠠᠯ᠎ᠠ ᠶᠢᠨ ᠴᠡᠴᠡᠷᠯᠢᠭ︾ ᠪᠣᠯᠭᠠᠨ ᠪᠦᠳᠦᠬᠡᠨ ᠪᠠᠶᠢᠭᠤᠯᠤᠨ᠎ᠠ᠃    ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠲᠥᠪ ᠢᠶᠠᠷ ᠲᠦᠰᠢᠭ ᠪᠣᠯᠭᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠤᠶᠢᠯᠡᠴᠢᠯᠡᠭᠡᠨ ᠤ ᠲᠣᠤᠷ ᠬᠤᠲᠠ ᠬᠥᠳᠡᠭᠡ ᠶᠢᠨ ᠠᠷᠠᠯᠵᠢᠶ᠎ᠠ ᠬᠤᠳᠠᠯᠳᠤᠭᠠᠨ ᠤ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠭᠤᠷᠪᠠᠳᠠᠬᠢ ᠡᠲᠡᠭᠡᠳ ᠤᠨ ᠪᠠᠷᠠᠭᠠᠨ ᠤ ᠭᠦᠶ᠋ᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠠᠪᠬᠤ᠂ ᠣᠷᠣᠨ ᠪᠦᠰᠡ ᠶᠢᠨ ᠬᠤᠪᠢᠶᠠᠷᠢᠯᠠᠨ ᠰᠠᠯᠭᠠᠬᠤ ᠪᠠ ᠳᠣᠭᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠳᠡᠮᠵᠢᠨ᠎ᠡ᠃    ︵ᠭᠤᠷᠪᠠ︶ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠶ᠋ᠯᠡᠰ ᠢᠶᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ︽ᠬᠤᠳᠠ ᠶᠢᠨ ᠰᠢᠨᠡᠴᠢᠯᠡᠯᠲᠡ︾ ᠶᠢᠨ ᠠᠵᠢᠯᠯᠠᠭ᠎ᠠ ᠶᠢ ᠡᠬᠢᠯᠡᠭᠦᠯᠵᠦ᠂ ᠬᠤᠳᠠ ᠪᠠᠯᠭᠠᠰᠤᠨ ᠤ ᠴᠢᠳᠠᠮᠵᠢ ᠶᠢᠨ ᠲᠡᠭᠦᠯᠳᠡᠷᠵᠢᠯ᠂ ᠲᠦᠷᠢ ᠲᠥᠷᠬᠦ ᠶᠢᠨ ᠳᠡᠭᠡᠭᠰᠢᠯᠡᠯᠲᠡ ᠶᠢ ᠶᠡᠭᠡ ᠪᠠᠷ ᠲᠦᠯᠬᠢᠨ ᠠᠬᠢᠭᠤᠯᠤᠨ᠎ᠠ᠃ ᠬᠤᠳᠠ ᠶᠢᠨ ᠲᠣᠭᠤᠷᠢᠭ ᠤᠨ ᠵᠠᠮ᠂ ᠤᠰᠤ ᠬᠠᠩᠭᠠᠬᠤ᠂ ᠤᠰᠤ ᠵᠠᠯᠠᠬᠤ᠂ ᠪᠣᠷᠣᠭᠠᠨ ᠪᠠ ᠪᠣᠬᠢᠷᠲᠤᠯ ᠢ ᠰᠠᠯᠭᠠᠬᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠨ᠎ᠡ᠃ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠳᠣᠲᠣᠷ᠎ᠠ 23 ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠬᠦ ᠪᠠᠷ ᠲᠥᠯᠥᠪᠯᠡᠵᠦ᠂ 2330 ᠡᠷᠦᠬᠡ ᠳᠤ ᠠᠰᠢᠭ ᠬᠦᠷᠲᠡᠭᠡᠨ᠎ᠡ᠃ ᠹᠦ᠋  ᠵᠦᠸᠧ ᠵᠢᠶᠠ ᠶᠤᠸᠠᠨ ᠴᠡᠴᠡᠷᠯᠢᠭ ᠤᠨ 710 ᠡᠷᠦᠬᠡ ᠰᠠᠭᠤᠭᠠᠯᠢ ᠠᠷᠠᠳ ᠤᠨ ᠰᠠᠷᠠᠪᠴᠢᠨ ᠠᠴᠠ ᠭᠠᠷᠴᠤ ᠠᠰᠠᠷ ᠲᠤ ᠣᠷᠣᠬᠤ ᠶᠢ ᠪᠡᠶᠡᠯᠡᠭᠦᠯᠪᠡ᠃ ᠯᠦᠩ ᠱᠠᠨ ᠤ ᠰᠠᠶᠢᠬᠠᠨ ᠬᠦᠷᠢᠶᠡᠯᠡᠩ ᠤᠨ ᠡᠷᠬᠢᠨ ᠲᠣᠭᠤᠷᠢᠨ ᠵᠢᠴᠢ ᠬᠠᠭᠤᠴᠢᠨ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠨᠤᠷᠠᠭᠠᠵᠤ ᠨᠡᠭᠦᠯᠭᠡᠬᠦ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃  ᠵᠦᠸᠧᠽᠢ ᠴᠢ ᠰᠢᠶᠠ ᠶᠢᠩ  ᠬᠤᠶᠠᠷ ᠪᠠᠯᠭᠠᠰᠤᠨ ᠳᠤ ᠤᠰᠤ ᠪᠠᠷ ᠤᠬᠢᠶᠠᠬᠤ ᠮᠠᠶ᠋ᠢᠭ ᠤᠨ 4 ᠵᠣᠷᠯᠣᠩ ᠰᠢᠨ᠎ᠡ ᠪᠠᠷ ᠪᠠᠶᠢᠭᠤᠯᠤᠨ᠎ᠠ᠃ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ 4.61 ᠺᠢᠯᠣᠮᠧᠲᠷ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠵᠠᠰᠠᠵᠤ᠂ ᠵᠦᠸᠧᠽᠢ ᠱᠠᠨ ᠪᠠᠯᠭᠠᠰᠤᠨ ᠤ ᠰᠠᠭᠤᠭᠠᠯᠢ ᠠᠷᠠᠳ ᠤᠨ ᠤᠰᠤ ᠬᠠᠩᠭᠠᠬᠤ ᠬᠡᠷᠡᠭᠴᠡᠭᠡ ᠶᠢ ᠬᠠᠩᠭᠠᠬᠤ ᠪᠠᠷ ᠲᠥᠯᠥᠪᠯᠡᠵᠦ ᠪᠠᠶᠢᠨ᠎ᠠ᠃ ᠬᠤᠳᠠ ᠶᠢᠨ ᠲᠣᠭᠤᠷᠢᠭ ᠤᠨ ᠮᠤᠬᠤᠷ ᠵᠠᠮ ᠢ ᠨᠡᠪᠲᠡᠷᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 4 × 70 ᠰᠠᠶ᠎ᠠ ᠸᠠᠲ ᠤᠨ ᠢᠯᠴᠢ ᠶᠢᠨ ᠡᠬᠢ ᠰᠤᠷᠪᠤᠯᠵᠢ ᠶᠢᠨ ᠤᠶᠢᠯᠡᠳᠪᠦᠷᠢ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠨ᠂ ᠠᠷᠠᠳ ᠤᠨ ᠠᠮᠢᠳᠤᠷᠠᠯ ᠤᠨ ᠬᠦᠨᠳᠦ ᠶᠡᠭᠡ ᠲᠦᠭᠰᠢᠭᠦᠷᠢ ᠶᠢ ᠬᠦᠴᠦᠯᠡᠨ ᠠᠷᠢᠯᠭᠠᠨ᠎ᠠ᠃ ᠬᠤᠷᠢᠭᠤᠯ ᠤᠨ ᠭᠠᠵᠠᠷ ᠤᠨ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠭᠦᠯᠭᠡᠬᠦ ᠠᠵᠢᠯ ᠢ ᠡᠬᠢᠯᠡᠭᠦᠯᠦᠨ ᠬᠡᠷᠡᠭᠵᠢᠭᠦᠯᠦᠨ᠎ᠡ᠃   ᠬᠤᠳᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠤᠳᠠ ᠶᠢᠨ ᠲᠤᠭᠠᠵᠢᠭᠤᠯᠤᠭᠰᠠᠨ ᠬᠠᠮᠢᠶᠠᠷᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠭᠦᠯᠦᠨ ᠬᠡᠷᠡᠭᠵᠢᠭᠦᠯᠦᠨ᠎ᠡ᠃ ᠬᠤᠭ ᠨᠣᠪᠰᠢ ᠶᠢ ᠲᠦᠷᠦᠯ ᠬᠤᠪᠢᠶᠠᠨ ᠵᠠᠰᠠᠬᠤ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠭᠤᠷᠪᠠᠨ ᠬᠦᠪᠡᠭᠡ ᠲᠤᠯᠤᠭᠠᠨ ᠣᠷᠣᠨ︾ ᠤ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠴᠡᠭᠴᠡᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠢ ᠰᠠᠶᠢᠲᠤᠷ ᠲᠥᠯᠥᠪᠵᠢᠭᠦᠯᠦᠨ ᠪᠠᠶᠢᠭᠤᠯᠤᠨ᠎ᠠ᠃ ᠣᠷᠣᠰᠢᠭᠤᠯᠭ᠎ᠠ ᠶᠢᠨ ᠭᠠᠵᠠᠷ ᠢ ᠨᠡᠭᠦᠯᠭᠡᠬᠦ ᠠᠵᠢᠯ ᠢ ᠵᠢᠯ ᠤᠨ ᠳᠣᠲᠣᠷ᠎ᠠ ᠳᠠᠭᠤᠰᠬᠠᠨ᠎ᠠ᠃     ︵ᠳᠥᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠵᠢᠯᠣᠭᠤᠳᠣᠯᠭ᠎ᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠦᠨ᠎ᠡ    ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ ᠵᠦᠢᠯ ᠳᠤ ᠨᠢᠭᠡ ᠲᠣᠣᠷ ᠨᠢᠭᠡ ᠴᠣᠩᠬᠤᠨ ᠳᠤ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠢᠭᠡ ᠴᠤᠭᠴᠠᠵᠢᠭᠰᠠᠨ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠨᠢᠭᠤᠷ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ ᠬᠡᠪᠴᠢᠶ᠎ᠡ ᠶᠢ ︽ᠨᠢᠭᠡ ᠲᠠᠮᠠᠭ᠎ᠠ ᠶᠢ ᠬᠠᠮᠢᠶᠠᠷᠬᠤ ᠬᠢᠨᠠᠨ ᠵᠥᠪᠰᠢᠶᠡᠷᠡᠯ︾ ᠢ ᠲᠤᠷᠰᠢᠨ ᠬᠡᠷᠡᠭᠵᠢᠭᠦᠯᠵᠦ᠂ ᠠᠵᠤ ᠠᠬᠤᠶᠢᠯᠠᠯ ᠡᠷᠬᠢᠯᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠪᠠᠷᠢᠯᠭ᠎ᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠢ ᠲᠤᠰ ᠲᠤᠰ 1 ᠪᠤᠯᠤᠨ 3 ᠪᠠ 60 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠤᠴᠢᠷ ᠶᠠᠪᠤᠳᠠᠯ ᠢ ᠴᠥᠭᠡᠳᠬᠡᠬᠦ᠂ ᠵᠠᠩᠭᠢᠯᠠᠭ᠎ᠠ ᠶᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ︽ᠬᠠᠮᠤᠭ ᠤᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠪᠡ᠃   ᠤᠶᠢᠯᠡᠴᠢᠯᠡᠭᠡᠨ ᠤ ᠦᠵᠡᠯ ᠤᠬᠠᠮᠰᠠᠷ ᠢ ᠶᠡᠬᠡᠪᠡᠷ ᠳᠡᠭᠡᠭᠰᠢᠯᠡᠭᠦᠯᠦᠨ᠎ᠡ᠃ ᠨᠢᠭᠡ ᠭᠤᠤᠯᠳᠠᠯᠭ᠎ᠠ ᠲᠠᠢ ᠲᠥᠷᠥᠯ ᠵᠦᠶ᠋ᠯ ᠳᠤ ᠨᠢᠭᠡ ᠢᠵᠢ ᠲᠤᠰᠬᠠᠶ ᠠᠩᠭᠢ ᠶᠢᠨ ᠠᠵᠢᠯ ᠤᠨ ᠲᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠠᠷᠠᠭᠴᠢ ᠮᠠᠶ᠋ᠢᠭ ᠤᠨ ︽ᠨᠢᠭᠡ ᠳᠤ ᠨᠢᠭᠡ︾ ᠳᠣᠲᠣᠨᠣ ᠦᠶ᠋ᠯᠡᠴᠢᠯᠡᠭᠡ ᠬᠠᠩᠭᠠᠬᠤ ᠪᠠᠷ ᠴᠢᠷᠮᠠᠶᠢᠵᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠤᠶᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠶ᠋ᠳᠪᠦᠷᠢᠯᠡᠵᠦ ᠥᠭᠭᠦᠨ᠎ᠡ᠃ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠤᠷᠲᠠᠯ ᠢ ᠰᠢᠯᠢᠳᠡᠭᠵᠢᠭᠦᠯᠦᠨ ᠴᠡᠭᠴᠡᠯᠡᠨ ᠵᠠᠰᠠᠬᠤ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠵᠡᠯ ᠰᠠᠨᠠᠭ᠎ᠠ᠂ ᠣᠪᠣᠷ ᠰᠤᠷᠲᠠᠯ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠬᠦᠴᠦ ᠣᠷᠣᠭᠤᠯᠵᠤ᠂ ᠡᠯ᠎ᠡ ᠵᠦᠶ᠋ᠯ ᠤᠨ ︽ᠡᠪᠬᠡᠮᠡᠯ ᠡᠭᠦᠳᠡ᠂ ᠰᠢᠯ ᠡᠭᠦᠳᠡ᠂ ᠡᠷᠭᠢᠯᠳᠦᠭᠡ ᠡᠭᠦᠳᠡ︾ ᠶᠢ ᠲᠦᠢᠯᠪᠤᠷᠢᠲᠠᠶ ᠡᠪᠳᠡᠵᠦ᠂ ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠡᠯᠧᠮᠧᠨ᠋ᠲ ᠤᠨ ᠬᠠᠩᠭᠠᠯᠭ᠎ᠠ ᠶᠢ ᠬᠦᠴᠦᠯᠡᠨ ᠰᠢᠯᠢᠳᠡᠭᠵᠢᠭᠦᠯᠦᠨ᠎ᠡ᠃ ᠪᠠᠯᠠ ᠮᠥᠩᠭᠦ ᠤᠯᠬᠤ ᠪᠠᠷ ᠢᠳᠡᠪᠬᠢᠲᠡᠶ ᠴᠢᠷᠮᠠᠶᠢᠵᠤ᠂ ᠴᠢ ᠰᠢᠶᠠ ᠶᠢᠩ ᠠᠵᠤ  ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠭᠠᠵᠠᠷ ᠰᠢᠷᠣᠶ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠬᠦᠴᠦᠨ ᠵᠦᠶ᠋ᠯ ᠤᠨ ᠪᠠᠲᠤᠯᠠᠭ᠎ᠠ ᠶᠢ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠲᠠᠲᠠᠬᠤ ᠬᠦᠴᠦᠨ ᠪᠠ ᠳᠠᠭᠠᠭᠠᠴᠠ ᠶᠢ ᠳᠡᠭᠡᠭᠰᠢᠯᠡᠭᠦᠯᠦᠨ᠎ᠡ᠃ ᠭᠠᠵᠠᠷ ᠬᠡᠷᠡᠭᠯᠡᠬᠦ ᠭᠦᠢᠴᠡᠳᠬᠡᠬᠦ ᠲᠤᠭ᠎ᠠ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠬᠥᠰᠢᠮᠡᠯ ᠠᠵᠤ ᠠᠬᠤᠶᠢᠯᠠᠯ ᠪᠣᠯᠤᠨ ᠲᠠᠷᠠᠬᠠᠶ ᠪᠤᠲᠠᠷᠬᠠᠶ ᠪᠣᠬᠢᠷ ᠠᠵᠤ ᠠᠬᠤᠶᠢᠯᠠᠯ  ᠢ ᠢᠯᠭᠠᠷᠠᠭᠤᠯᠬᠤ ᠡᠷᠴᠢᠮ  ᠢ ᠨᠡᠮᠡᠭᠳᠡᠭᠦᠯᠦᠨ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ ᠂ ᠡᠨᠧᠷᠭᠢ ᠠᠷᠪᠢᠯᠠᠵᠤ ᠬᠤᠷᠣᠭᠳᠠᠭᠤᠯᠭ᠎ᠠ ᠶᠢ ᠪᠠᠭᠠᠰᠬᠠᠬᠤ᠂ ᠤᠰᠤ ᠬᠡᠷᠡᠭᠯᠡᠬᠦ ᠶᠢ ᠬᠢᠵᠠᠭᠠᠷᠯᠠᠬᠤ ᠶᠢ ᠴᠢᠬᠤᠯᠠᠴᠢᠯᠠᠭᠰᠠᠨ ᠤᠷᠢᠲᠠᠯ  ᠤᠨ ᠳᠣᠣᠷ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠱᠠᠩᠨᠠᠬᠤ ᠠᠷᠭ᠎ᠠ ᠶᠢ ᠲᠣᠭᠲᠠᠭᠠᠨ᠂ ᠰᠢᠨᠵᠢᠯᠡᠬᠦ ᠤᠬᠠᠭᠠᠨ ᠮᠡᠷᠭᠡᠵᠢᠯ   ᠤᠨ ᠠᠭᠤᠯᠤᠭᠳᠠᠴᠠ ᠪᠠᠷ ᠥᠨᠳᠥᠷ᠂ ᠬᠥᠭᠵᠢᠯᠲᠡ ᠶᠢᠨ ᠢᠷᠡᠭᠡᠳᠦᠶ ᠪᠠᠷ ᠥᠷᠭᠡᠨ ᠨᠢᠭᠡ ᠪᠦᠯᠦᠭ ᠰᠠᠶᠢᠨ ᠲᠥᠷᠥᠯ ᠵᠦᠢᠯ  ᠢ ᠣᠷᠣᠭᠤᠯᠬᠤ ᠪᠠᠷ ᠴᠢᠷᠮᠠᠶᠢᠬᠤ ᠬᠡᠷᠡᠭᠲᠡᠶ᠃    ︵ᠲᠠᠪᠤ︶ ᠬᠠᠮᠠᠭᠠᠯᠠᠵᠤ ᠵᠠᠰᠠᠬᠤ ᠪᠠᠷ ᠵᠠᠩᠭᠢᠯᠠᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ  ᠲᠦᠷᠭᠡᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃     ᠤᠰᠤᠨ  ᠤ ᠡᠬᠢ ᠪᠠᠶᠠᠯᠢᠭ   ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠥᠷᠢᠮ  ᠢ ᠨᠠᠶᠢᠳᠠᠪᠤᠷᠢᠵᠢᠭᠤᠯᠤᠨ᠎ᠠ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠬᠡᠮᠵᠢᠶ᠎ᠡ ᠪᠠᠷ ᠶᠠᠪᠤᠬᠤ︾ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠪᠣᠬᠢᠷᠲᠤᠯ ᠤᠨ ᠡᠬᠢ ᠡᠭᠦᠰᠦᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠤᠰᠤᠨ ᠤ ᠴᠢᠳᠠᠮᠵᠢᠳᠣ ᠣᠷᠣᠨ ᠢ ᠰᠢᠯᠢᠳᠡᠭᠵᠢᠭᠦᠯᠦᠨ ᠳᠣᠭᠢᠷᠠᠭᠤᠯᠬᠤ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠴᠢᠨᠠᠷ ᠰᠠᠶᠢᠲᠠᠶ ᠪᠡᠶᠡᠯᠡᠭᠦᠯᠵᠦ᠂ ᠶᠡᠭᠡ  ᠲᠦᠷᠭᠡᠨ ᠭᠤᠤᠯ ᠤᠨ ᠭᠤᠤᠯ ᠰᠠᠯᠪᠤᠷᠢ ᠤᠷᠤᠰᠬᠠᠯ ᠤᠨ ᠤᠰᠤᠨ ᠤ ᠴᠢᠨᠠᠷ ᠢ ᠵᠢᠯ ᠲᠤᠷᠰᠢ ᠰᠢᠯᠢᠳᠡᠭ ᠰᠠᠶᠢᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠳᠣᠲᠣᠷ᠎ᠠ ᠳ᠋ᠠ ᠢᠦᠶ ᠱᠤ ᠾᠧ ᠭᠤᠤᠯ᠂ ᠵᠢᠶ ᠴᠢᠩ ᠶᠢᠩ ᠾᠧ ᠭᠤᠤᠯ᠂ ᠯᠦᠸᠧ ᠵᠢᠶᠤᠤ ᠫᠦ ᠾᠧ ᠭᠤᠤᠯ ᠢ ᠵᠠᠰᠠᠬᠤ ᠢᠨᠵᠧᠨᠧᠷᠢᠩ ᠢ ᠳᠠᠭᠤᠰᠬᠠᠵᠤ᠂ ᠵᠢᠶ ᠴᠢᠩ ᠰᠢᠶᠠ ᠬᠠᠪᠴᠢᠯ ᠤᠨ ᠤᠰᠤᠨ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠠᠷᠢᠶᠠᠯᠠᠩ   ᠤᠨ ᠤᠰᠤᠨ ᠦᠨ᠎ᠡ  ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃     ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠠᠵᠢᠯ ᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠵᠦᠢᠯᠡᠰ ᠢ ᠬᠢᠨᠠᠨ ᠵᠥᠪᠰᠢᠶᠡᠷᠡᠬᠦ ᠶᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠰᠤᠷᠪᠤᠯᠵᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠡᠨᠧᠷᠭᠢ ᠶᠢᠨ ᠰᠤᠷᠪᠤᠯᠵᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠵᠠᠪᠠᠯ ᠪᠠᠲᠤᠯᠠᠭ᠎ᠠ ᠲᠠᠢ ᠪᠠᠷ ᠪᠡᠶᠡᠯᠡᠭᠦᠯᠬᠦ ᠬᠡᠷᠡᠭᠲᠡᠶ᠃ ᠠᠵᠤ ᠤᠶᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠤᠶᠢᠯᠡᠳᠪᠦᠷᠢ ᠶᠢᠨ ᠵᠤᠤᠬ᠎ᠠ ᠶᠢᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠡᠭᠦᠰᠭᠡᠬᠦ ᠭᠤᠤᠯ ᠵᠠᠩᠭᠢᠯᠠᠭ᠎ᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠪᠡᠰᠦᠪᠡᠨ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠬᠥᠷᠥᠰᠥ ᠰᠢᠷᠣᠶ ᠶᠢᠨ ᠪᠣᠬᠢᠷᠲᠤᠯ ᠢ ᠬᠠᠮᠤᠭ ᠤᠨ ᠶᠡᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ᠂ ᠠᠰᠢᠭᠯᠠᠬᠤ ᠪᠠ ᠰᠢᠶ᠋ᠳᠪᠦᠷᠢᠯᠡᠬᠦ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠵᠠᠯᠭᠠᠮᠵᠢ ᠬᠠᠮᠢᠶᠠᠷᠤᠯᠲᠠ ᠶᠢ ᠰᠠᠶᠢᠲᠤᠷ ᠬᠢᠨ᠎ᠡ᠃     ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠶᠢ ᠢᠳᠡᠪᠬᠢᠲᠡᠶ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠵᠤ ᠮᠠᠯᠵᠢᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠵᠢᠯ ᠤᠨ ᠳᠣᠲᠣᠷ᠎ᠠ ᠣᠶ ᠰᠢᠭᠤᠶ ᠡᠪᠡᠰᠦᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠭᠦᠷᠭᠡ ᠶᠢ 5.43 ᠲᠦᠮᠡᠨ ᠮᠥ ᠪᠡᠶᠡᠯᠡᠭᠦᠯᠦᠨ᠎ᠡ᠃ ᠤᠢ ᠰᠢᠭᠤᠶ ᠡᠪᠡᠰᠦ ᠪᠡᠯᠴᠢᠭᠡᠷ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃    ︵ᠵᠢᠷᠭᠤᠭ᠎ᠠ︶ ᠠᠷᠠᠳ ᠲᠦᠮᠡᠨ ᠢ ᠳᠡᠭᠡᠳᠦᠯᠡᠬᠦ ᠪᠠᠷ ᠦᠨᠳᠦᠰᠦ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ   ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠲᠦᠮᠡᠨ ᠳᠤ ᠠᠰᠢᠭ ᠲᠤᠰᠠ ᠣᠯᠭᠤᠬᠤ ᠬᠡᠷᠡᠭᠲᠡᠢ᠃    ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠬᠥᠳᠡᠯᠮᠦᠷᠢ ᠶᠢᠨ ᠬᠦᠴᠦᠨ ᠢ ᠨᠠᠷᠢᠯᠢᠭ ᠣᠨᠣᠴᠠᠲᠠᠶ ᠪᠠᠷ ᠤᠶᠢᠯᠠᠭᠠᠨ ᠲᠣᠬᠢᠷᠠᠭᠤᠯᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠠᠵᠢᠯ ᠣᠯᠭᠤᠬᠤ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠠᠵᠢᠯ ᠣᠯᠭᠤᠬᠤ ᠦᠶ᠋ᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠤᠨ᠎ᠠ᠃ ᠵᠢᠯ ᠤᠨ ᠳᠣᠲᠣᠷ᠎ᠠ ᠬᠤᠲᠠ ᠪᠠᠯᠭᠠᠰᠤᠨ ᠤ 810 ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯᠯᠠᠭᠠᠨ ᠤ ᠲᠥᠯᠥᠪᠯᠡᠭᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ᠂ ᠨᠡᠶᠢᠭᠡᠮ ᠤᠨ ᠠᠵᠢᠯᠴᠢᠨ ᠬᠡᠷᠡᠭᠯᠡᠬᠦ ᠳᠠᠭᠠᠳᠬᠠᠯ ᠳᠤ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ ᠵᠡᠷᠭᠡ ᠣᠨᠴᠠ ᠬᠦᠴᠢᠷᠳᠡᠯᠲᠡᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠨ᠎ᠡ᠃   ︽ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠭᠰᠢ ᠶᠢ ᠵᠦᠢ ᠵᠣᠬᠢᠰᠲᠠᠶ ᠪᠠᠷ ᠰᠢᠯᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠬᠤ ᠠᠷᠭ᠎ᠠ ᠮᠠᠶ᠋ᠢᠭ ᠪᠠ ᠠᠷᠭ᠎ᠠ ᠪᠠᠨ ᠰᠠᠶᠢᠵᠢᠷᠠᠭᠤᠯᠵᠤ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠬᠢᠨᠠᠮᠠᠭᠠᠶ ᠰᠠᠶᠢᠲᠤᠷ ᠬᠢᠨ᠎ᠡ᠃    ︽ᠡᠷᠡᠭᠦᠯ ᠮᠡᠨᠳᠦ  ᠵᠦᠸᠧᠽᠢ︾ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠨᠡᠶᠢᠭᠡᠮ ᠤᠨ ᠬᠦᠴᠦᠨ ᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠪᠠ ᠨᠡᠶᠢᠳᠡᠮ ᠬᠠᠷᠠᠭᠠᠯᠵᠠᠬᠤ ᠨᠠᠶᠢᠳᠠᠨ ᠬᠥᠮᠦᠵᠢᠭᠦᠯᠬᠦ ᠤᠶᠢᠯᠡᠴᠢᠯᠡᠭᠡᠨ ᠤ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠤᠨ᠎ᠠ᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠥᠮᠦᠨ᠂ ᠪᠣᠳᠠᠰ ᠢ ᠵᠡᠷᠭᠡᠪᠡᠷ ᠰᠡᠷᠭᠡᠶᠢᠯᠡᠬᠦ ᠲᠣᠭᠲᠠᠴᠠ ᠶᠢ ᠴᠢᠩᠭᠠᠷᠠᠭᠤᠯᠤᠨ᠂ ᠰᠢᠶᠠᠨ ᠤ ᠬᠡᠪᠴᠢᠶᠡᠨ ᠳᠤ ᠬᠢᠵᠢᠭ ᠤᠨ ᠪᠠᠶᠢᠳᠠᠯ ᠥᠬᠡᠶ ᠪᠠᠶᠢᠬᠤ ᠶᠢ ᠪᠠᠲᠤᠯᠠᠨ᠎ᠠ᠃ ᠤᠶᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠭᠡᠷᠡᠴᠢᠯᠡᠬᠦ ᠪᠠ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠢᠳᠡᠭᠡᠨ ᠪᠠ ᠡᠮ ᠤᠨ ᠵᠦᠶ᠋ᠯ ᠤᠨ ᠠᠮᠤᠷ ᠲᠦᠪᠰᠢᠨ ᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠬᠢᠨᠠᠮᠠᠭᠠᠶ ᠥᠷᠨᠢᠭᠦᠯᠵᠦ᠂ ᠠᠷᠠᠳ ᠣᠯᠠᠨ ᠤ ︽ᠢᠳᠡᠭᠡᠨ ᠳᠡᠭᠡᠨ ᠰᠠᠨᠠᠭ᠎ᠠ ᠠᠮᠤᠷ︾ ᠪᠠᠶᠢᠬᠤ ᠶᠢ ᠦᠨᠡᠨᠬᠦ ᠪᠠᠲᠤᠯᠠᠨ᠎ᠠ᠃    ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠭᠤᠣᠯ ᠰᠡᠳᠦᠪ ᠤᠨ ᠲᠣᠭᠤᠷᠢᠨ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠡᠷᠬᠢᠯᠡᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠠᠨ ᠳ᠋ᠤᠤ ᠶᠢᠩ ᠤᠨ ᠡᠷᠲᠡᠨ ᠤ ᠬᠤᠳᠠ ᠶᠢᠨ ᠪᠠᠭᠤᠷᠢ ᠶᠢ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠴᠡᠷᠢᠭ ᠠᠴᠠ ᠬᠠᠯᠠᠭᠳᠠᠭᠰᠠᠳ ᠲᠤ ᠦᠶ᠋ᠯᠡᠴᠢᠯᠡᠬᠦ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠢᠷᠠᠭᠤ ᠠᠯᠳᠠᠷ ᠤᠨ ᠬᠦᠷᠢᠶᠡᠯᠡᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠤᠢ ᠪᠣᠯᠭᠠᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠶ᠋ᠯᠡᠳᠦᠯᠭᠡᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠤᠨ ᠴᠣᠯᠠ ᠶᠢ ᠨᠠᠷᠢᠨ ᠨᠢᠮᠪᠠᠶ ᠬᠠᠶᠢᠷᠠᠯᠠᠨ ᠬᠠᠮᠠᠭᠠᠯᠠᠨ᠎ᠠ᠃  ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠭᠠᠵᠠᠷ ᠬᠥᠳᠡᠯᠦᠯᠲᠡ᠂ ᠰᠣᠨᠢᠨ ᠮᠡᠳᠡᠭᠡ ᠷᠠᠳᠢᠣ᠋ ᠲᠧᠯᠸᠢᠰ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠬᠤᠯᠪᠣᠭ᠎ᠠ ᠶᠢᠨ ᠨᠠᠰᠤᠲᠠᠶᠢᠴᠤᠳ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠯᠠᠯ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠨ᠎ᠠ᠃ ᠨᠡᠶᠢᠭᠡᠮ ᠤᠨ ᠪᠤᠰᠤᠳ ᠡᠯ᠎ᠡ ᠵᠦᠢᠯ ᠤᠨ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃    ︵ᠳᠣᠯᠤᠭ᠎ᠠ︶ ᠤᠯᠤᠰ ᠲᠥᠷᠥ ᠶᠢᠨ ᠪᠠᠶᠢᠭᠤᠯᠤᠯᠲᠠ ᠪᠠᠷ ᠭᠤᠤᠯ ᠰᠢᠵᠢᠮ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠵᠠᠰᠠᠭ ᠤᠨ ᠣᠷᠳᠣᠨ ᠤ ᠤᠶᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ   ᠰᠢᠨ᠎ᠡ ᠪᠠᠶᠢᠳᠠᠯ᠂ ᠰᠢᠨ᠎ᠡ ᠡᠭᠦᠷᠭᠡ ᠪᠣᠯᠤᠨ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠪᠢᠳᠡ ᠢᠮᠠᠭᠲᠠ ᠨᠠᠮ ᠳᠠᠭᠠᠨ ᠦᠨᠡᠨᠴᠢ ᠪᠠᠶᠢᠬᠤ᠂ ᠤᠬ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠥᠨᠳᠥᠷ ᠭᠠᠷᠤᠭ᠎ᠠ᠂ ᠨᠡᠩ ᠰᠢᠯᠢᠳᠡᠭ ᠦᠢᠯᠡᠴᠢᠯᠡᠭᠡᠨ ᠤ ᠲᠠᠯ᠎ᠠ ᠪᠠᠷ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃   ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠬᠢᠬᠦ ᠬᠡᠷᠡᠭᠲᠡᠢ ᠪᠠᠶᠢᠬᠤ ᠶᠢ ᠡᠷᠡᠰ ᠪᠡᠶᠡᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠴᠢᠩᠭ᠎ᠠ ᠬᠡᠷᠡᠭᠵᠢᠭᠦᠯᠦᠨ᠎ᠡ᠃ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠭᠦᠢᠴᠡᠳ ᠬᠡᠷᠡᠭᠯᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃   ᠠᠷᠠᠳ ᠤᠨ ᠲᠥᠯᠥᠭᠡ ᠲᠦᠷᠦ ᠪᠠᠷᠢᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠵᠠᠰᠠᠭ ᠤᠨ ᠣᠷᠳᠣᠨ ᠤ ᠪᠠᠶᠢᠭᠤᠯᠤᠮᠵᠢ ᠶᠢ ᠬᠡᠷᠬᠢᠨ ᠥᠭᠡᠷᠡᠴᠢᠯᠡᠵᠦ᠂ ᠡᠭᠦᠷᠭᠡ ᠴᠢᠳᠠᠪᠤᠷᠢ ᠶᠢ ᠬᠡᠷᠬᠢᠨ ᠬᠤᠪᠢᠷᠠᠭᠤᠯᠤᠭᠰᠠᠨ ᠴᠤ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠬᠡᠵᠢᠶᠡᠳᠡ ᠬᠤᠪᠢᠷᠠᠬᠤ ᠦᠭᠡᠢ ᠶᠤᠮ᠃ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠲᠥᠪᠯᠡᠷᠡᠯ ᠤᠨ ᠴᠡᠭ᠂ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠡᠯ᠎ᠡ ᠲᠦᠷᠦᠯ ᠤᠨ ᠬᠠᠮᠲᠤᠯᠢᠭ ᠪᠠ ᠡᠯ᠎ᠡ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠠᠰᠠᠭᠤᠳᠠᠯ ᠢ ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠬᠢᠵᠢᠭ ᠤᠨ ᠪᠠᠶᠢᠳᠠᠯ᠂ ᠠᠮᠤᠷ ᠲᠦᠪᠰᠢᠨ᠂ ᠥᠷᠢ ᠥᠭᠴᠡᠭᠡ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠠᠮᠤᠭᠤᠯᠠᠩ ᠪᠡᠯᠡ ᠮᠥᠩᠭᠦ ᠶᠢ ᠴᠢᠷᠮᠠᠶᠢᠨ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃   ᠥᠨᠳᠥᠷ ᠪᠦᠲᠦᠮᠵᠢᠲᠡᠢ ᠪᠠᠷ ᠵᠠᠰᠠᠭ ᠶᠠᠪᠤᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠵᠠᠰᠠᠭ ᠪᠠᠷᠢᠬᠤ ᠶᠢᠨ ᠴᠢᠬᠤᠯᠠ ᠵᠦᠢᠯ ᠨᠢ ᠨᠠᠶᠢᠳᠠᠪᠤᠷᠢᠵᠢᠭᠤᠯᠬᠤ ᠳᠤ ᠪᠤᠢ᠃ ᠪᠢᠳᠡ ︽ᠨᠠᠢᠮᠠᠨ ᠵᠦᠢᠯ ᠤᠨ ᠴᠢᠳᠠᠪᠤᠷᠢ︾ ᠪᠠᠨ ᠴᠢᠩᠭᠠᠷᠠᠭᠤᠯᠵᠤ᠂ ︽ᠲᠤᠯᠤᠭᠠᠨ ᠵᠦᠢᠯ ᠤᠨ ᠴᠢᠳᠠᠪᠤᠷᠢ︾ ᠪᠠᠨ ᠳᠡᠭᠡᠭᠰᠢᠯᠡᠭᠦᠯᠦᠨ᠂ ︽ᠲᠤᠰᠤᠯ ᠤᠰᠤ ᠴᠢᠯᠠᠭᠤ ᠶᠢ ᠴᠤᠭᠤᠯᠬᠤ︾᠂ ︽ᠳᠠᠷᠦ᠋ᠢᠬᠠᠨ ᠭᠦᠢᠴᠡᠳᠬᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠃   ᠵᠠᠰᠠᠭ ᠢ ᠴᠢᠩᠭ᠎ᠠ ᠵᠠᠰᠠᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠬᠡᠷᠡᠭᠲᠡᠢ᠃ ︽ᠳᠥᠷᠪᠡᠨ ᠰᠤᠷᠲᠠᠯ︾ ᠢ ᠬᠦᠴᠦᠯᠡᠨ ᠴᠡᠭᠴᠡᠯᠡᠨ ᠵᠠᠰᠠᠵᠤ᠂ ᠠᠯᠢᠪᠠ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠲᠥᠪ ᠴᠢᠬᠡᠴᠢ ᠬᠡᠪ ᠰᠤᠷᠲᠠᠯ ᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃  ᠲᠥᠯᠥᠭᠡᠯᠡᠭᠴᠢᠳ ᠡ︕ ᠠᠶᠠᠨ ᠵᠠᠮ ᠳᠤ ᠲᠡᠮᠡᠴᠡᠯ ᠪᠠᠶᠢᠬᠤ ᠯᠠ ᠬᠡᠷᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠰᠢᠭᠡ ᠶᠢ ᠰᠡᠬᠦᠵᠦ᠂ ᠨᠡᠩ ᠭᠤᠶᠤ ᠰᠠᠶᠢᠬᠠᠨ ᠦᠵᠡᠮᠵᠢ ᠳᠠᠷᠠᠭᠠᠴᠢ ᠶᠢᠨ ᠠᠯᠬᠤᠮ ᠳᠠᠭᠠᠨ ᠡᠬᠢᠯᠡᠨ᠎ᠡ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠣᠳᠣᠬᠢᠴᠢᠯᠠᠯᠲᠠ ᠶᠢᠨ ᠰᠢᠨ᠎ᠡ ᠭᠠᠷᠮᠠᠭᠠᠢ ᠪᠡᠯᠡ ᠮᠥᠩᠭᠦ ᠶᠢ ᠲᠦᠷᠭᠡᠨ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠤᠭᠲᠤᠶ᠎ᠠ︕
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2