| ᠨᠢᠭᠡ᠂ ᠶᠠᠭᠤ ᠶᠢ ᠡᠷᠬᠡ ᠬᠠᠷᠢᠭᠤᠴᠠᠯᠭ᠎ᠠ ᠶᠢᠨ ᠳᠠᠩᠰᠠ ᠭᠡᠬᠦ ᠪᠤᠢ | ᠨᠢᠭᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠬᠡᠷᠡᠭᠵᠢᠭᠦᠯᠦᠭᠰᠡᠨ᠂ | ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ᠂ ᠡᠭᠦᠷᠭᠡ ᠶᠢ ᠰᠢᠭᠤᠳ | ᠨᠥᠯᠥᠭᠡᠯᠡᠬᠦ ᠵᠠᠰᠠᠭ ᠵᠠᠬᠢᠷᠭᠠᠨ ᠤ ᠡᠷᠬᠡ ᠵᠢᠴᠢ ᠲᠡᠭᠦᠨ ᠢ ᠲᠣᠭᠲᠠᠭᠠᠭᠰᠠᠨ ᠬᠠᠷᠢᠭᠤᠴᠠᠯᠭ᠎ᠠ ᠶᠢᠨ ᠪᠡᠶᠡᠴᠢ ᠴᠣᠭᠴᠠ᠂ | ᠬᠠᠷᠢᠭᠤᠴᠠᠯᠭ᠎ᠠ ᠶᠢᠨ ᠵᠦᠢᠯᠡᠰ᠂ ᠨᠡᠬᠡᠮᠵᠢᠯᠡᠭᠰᠡᠨ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠨ ᠶᠠᠪᠤᠴᠠ | ᠵᠡᠷᠭᠡ ᠶᠢ ᠦᠨᠳᠦᠰᠦᠯᠡᠨ ᠲᠣᠳᠣᠷᠬᠠᠶ ᠵᠢᠭᠰᠠᠭᠠᠵᠤ ᠭᠠᠷᠭᠠᠭᠰᠠᠨ ᠲᠣᠳᠣᠷᠬᠠᠶ ᠬᠠᠭᠤᠳᠠᠰᠤ ᠶᠢ ᠲᠣᠳᠣᠷᠬᠠᠶ | ᠵᠢᠭᠰᠠᠭᠠᠨ᠎ᠠ᠃ ᠵᠠᠰᠠᠭ ᠵᠠᠬᠢᠷᠭᠠᠨ ᠤ ᠡᠷᠬᠡ ᠳᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ | ᠂ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠰᠢᠳᠬᠡᠯ᠂ ᠵᠠᠰᠠᠭ | ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠰᠤᠯᠤᠯᠳᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ | ᠵᠠᠬᠢᠷᠭᠠᠨ ᠤ ᠬᠢᠨᠠᠯᠲᠠ ᠪᠠᠶᠢᠴᠠᠭᠠᠯᠲᠠ ᠪᠠ ᠪᠤᠰᠤᠳ ᠵᠠᠰᠠᠭ ᠵᠠᠬᠢᠷᠭᠠᠨ ᠤ ᠡᠷᠬᠡ ᠪᠠᠭᠲᠠᠨ᠎ᠠ᠃ | ᠬᠤᠶᠠᠷ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠬᠦ ᠶᠢᠨ ᠠᠬᠤᠶ ᠪᠠᠶᠢᠳᠠᠯ ᠪᠠ | ᠠᠴᠢ ᠬᠤᠯᠪᠣᠭᠳᠠᠯ | 2015 ᠣᠨ ᠳᠤ ᠲᠥᠪ ᠤᠨ ᠠᠯᠪᠠᠨ ᠠᠵᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ ᠶᠢᠨ | ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠲᠥᠪ ᠠᠯᠪᠠᠨ | ᠲᠠᠷᠬᠠᠭᠠᠭᠰᠠᠨ ︹ 2015 ︺ 21 ᠳ᠋ᠦᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠲᠤ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ | ᠮᠥᠴᠢᠷ ᠤᠨ ᠡᠷᠬᠡ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠵᠦ᠂ ᠡᠷᠬᠡ ᠶᠢᠨ ᠲᠣᠳᠣᠷᠬᠠᠶ | ᠬᠠᠭᠤᠳᠠᠰᠤ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ ᠭᠡᠵᠦ | ᠱᠠᠭᠠᠷᠳᠠᠪᠠ᠃ ᠡᠷᠬᠡ ᠶᠢᠨ ᠨᠠᠷᠢᠨ ᠲᠠᠩᠰᠠ ᠶᠢ ᠪᠠᠶᠢᠭᠤᠯᠬᠤ ᠶᠢᠨ ᠬᠠᠮᠲᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ | ᠪᠠᠶᠢᠯᠭᠠᠬᠤ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠡᠷᠬᠡ ᠲᠤᠰᠢᠶᠠᠯ ᠯᠤᠭ᠎ᠠ ᠵᠣᠬᠢᠴᠠᠯᠳᠤᠭᠰᠠᠨ | ᠬᠠᠷᠢᠭᠤᠴᠠᠯᠭ᠎ᠠ ᠶᠢᠨ ᠵᠤᠶᠢᠯᠡᠰ ᠢ ᠨᠢᠭᠡᠳ ᠨᠢᠭᠡ ᠪᠠᠷ ᠢᠯᠭᠠᠷᠠᠭᠤᠯᠤᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠪᠠᠶᠢᠭᠤᠯᠬᠤ ᠬᠡᠷᠡᠭᠲᠡᠶ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ᠴᠢᠬᠤᠯᠠ ᠥᠭᠡᠷᠡᠴᠢᠯᠡᠯᠲᠡ ᠶᠢᠨ ᠡᠭᠦᠷᠭᠡ ᠮᠥᠨ᠂ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ | ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠭᠤᠷᠪᠠ᠂ ᠲᠣᠰ ᠤᠳᠠᠭ᠎ᠠ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠭᠰᠡᠨ | ᠰᠢᠯᠲᠠᠭᠠᠨ | 1.2019 ᠣᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠡᠯ᠎ᠡ ᠱᠠᠲᠤᠨ ᠤ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠮᠠᠰᠢ | ᠶᠡᠭᠡ ᠬᠤᠪᠢᠷᠠᠯᠲᠠ ᠭᠠᠷᠴᠤ᠂ ᠡᠭᠦᠷᠭᠡᠯᠡᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠲᠤ ᠶᠡᠭᠡ | ᠬᠡᠮᠵᠢᠶᠡᠨ ᠤ ᠲᠣᠬᠢᠷᠠᠭᠤᠯᠤᠯᠲᠠ ᠬᠢᠪᠠ᠃ | 2. 2018 ᠣᠨ ᠠᠴᠠ ᠨᠠᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠨ ᠬᠡᠰᠡᠭ ᠵᠠᠰᠠᠭ | ᠵᠠᠬᠢᠷᠭᠠᠨ ᠤ ᠡᠷᠬᠡ ᠶᠢ ᠵᠠᠯᠭᠠᠭ᠎ᠠ ᠪᠠᠷ ᠬᠦᠴᠦᠨ ᠥᠬᠡᠶ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠪᠠ᠃ | 2019 ᠣᠨ ᠤ 12 ᠰᠠᠷ᠎ᠠ ᠳᠤ ᠥᠪᠡᠷᠲᠡᠭᠡᠨ ᠵᠠᠰᠠᠬᠤ ᠣᠷᠣᠨ ︽ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ︵2019 ᠣᠨ︶ ᠪᠠ ᠵᠠᠰᠠᠭ ᠵᠠᠬᠢᠷᠭᠠᠨ ᠤ ᠡᠷᠬᠡ ᠶᠢᠨ | ᠵᠤᠶᠢᠯᠡᠰ ᠤᠨ ᠭᠠᠷᠴᠠᠭ ᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | 1364 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠪᠠ ︵ᠬᠠᠤᠯᠢ | ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠭᠲᠠᠭᠠᠨ᠎ᠠ︶᠂ ︽ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ 2020 ᠣᠨ ᠤ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠪᠠ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ︾ | ︵ᠤᠯᠠᠭᠠᠨᠴᠠᠪ ᠬᠤᠲᠠ ᠲᠠᠷᠬᠠᠭᠠᠭᠰᠠᠨ ︹ 2020 ︺ 102 ᠳ᠋ᠤᠭᠠᠷ ᠲᠣᠭᠠᠲᠤ︶ ᠳᠤ 962 ᠵᠦᠢᠯ ᠤᠨ | ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠪᠠ ︵ᠬᠠᠤᠯᠢ ᠬᠡᠷᠡᠭᠵᠢᠭᠦᠯᠬᠦ | ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠭᠲᠠᠭᠠᠨ᠎ᠠ︶ ᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠪᠠ | ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠭᠲᠠᠭᠠᠨ᠎ᠠ︶᠃ | 3. ᠵᠠᠰᠠᠭ ᠵᠠᠬᠢᠷᠭᠠᠨ ᠤ ᠡᠷᠬᠡ ᠶᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠬᠦ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ︽ | ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠮᠥᠨ᠂ ᠵᠦᠸᠧᠽᠢ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠃ | ᠳᠥᠷᠪᠡ᠂ ᠡᠮᠬᠢᠯᠡᠨ ᠳᠢᠭᠯᠡᠬᠦ ᠵᠠᠷᠴᠢᠮ ᠵᠢᠴᠢ ᠪᠣᠳᠠᠲᠠᠶ ᠬᠢᠬᠦ ᠠᠷᠭ᠎ᠠ | ︵ᠨᠢᠭᠡ︶ ᠡᠮᠬᠢᠯᠡᠨ ᠪᠠᠭᠠᠰᠬᠠᠵᠤ ᠪᠠᠭᠠᠰᠬᠠᠬᠤ ᠵᠠᠷᠴᠢᠮ | 1. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠨᠢᠭᠡᠨᠲᠡ ᠬᠦᠴᠦᠨ ᠥᠬᠡᠶ ᠪᠣᠯᠭᠠᠬᠤ ᠪᠠᠷ | ᠲᠣᠳᠣᠷᠬᠠᠶᠢᠯᠠᠭᠰᠠᠨ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠨ᠎ᠠ᠃ | 2. ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠦᠴᠦᠨ ᠥᠬᠡᠶ | ᠪᠣᠯᠭᠠᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠨ᠎ᠠ᠃ | 3. ︽ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠰᠠᠭᠤᠷᠢ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠵᠢᠷᠤᠮᠵᠢᠯ︾ ᠳᠤ ᠥᠯᠥ ᠨᠡᠶᠢᠴᠡᠬᠦ ᠵᠠᠰᠠᠭ ᠵᠠᠬᠢᠷᠭᠠᠨ ᠤ ᠡᠷᠬᠡ ᠶᠢ ᠴᠥᠮ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠨᠠᠶᠢᠷᠠᠭᠤᠯᠤᠨ ᠣᠷᠣᠭᠤᠯᠬᠤ ᠥᠬᠡᠶ᠃ | 4 ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠣᠭᠲᠠᠭᠠᠯ ᠢ ᠦᠨᠳᠦᠰᠦᠯᠡᠨ ᠨᠡᠶᠢᠯᠡᠭᠦᠯᠵᠦ ᠪᠣᠯᠬᠤ ᠵᠦᠢᠯᠡᠰ ᠢ | ᠨᠡᠶᠢᠯᠡᠭᠦᠯᠬᠦ᠃ | ︵ᠬᠤᠶᠠᠷ︶ ᠪᠣᠳᠠᠲᠠᠶ ᠬᠢᠬᠦ ᠠᠷᠭ᠎ᠠ | 1. ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ | ᠦᠶ᠋ᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠠᠯᠪᠠᠨ | ᠬᠡᠷ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ︽ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ | ᠳᠣᠭᠢᠷᠠᠭᠤᠯᠬᠤ ᠪᠠ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠡᠮᠬᠢᠯᠡᠬᠦ ᠠᠵᠢᠯ ᠢ ᠥᠷᠨᠢᠭᠦᠯᠬᠦ | ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ | ᠲᠣᠪᠴᠢᠶ᠎ᠠ ᠨᠢ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠵᠦᠸᠧᠽᠢ ᠰᠢᠶᠠᠨ ᠤ ᠲᠣᠰ ᠱᠠᠲᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠵᠢᠴᠢ ᠵᠦᠸᠧᠽᠢ ᠰᠢᠶᠠᠨ ᠤ ᠡᠯ᠎ᠡ ᠰᠢᠶᠠᠩ ᠪᠠᠯᠭᠠᠰᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ | 2. ᠰᠢᠶᠠᠨ ᠤ ᠲᠣᠰ ᠱᠠᠲᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠰᠢᠶᠠᠩ ᠪᠠᠯᠭᠠᠰᠤ ᠠᠵᠢᠯ ᠤᠨ | ᠱᠠᠭᠠᠷᠳᠠᠯᠭ᠎ᠠ ᠶᠣᠰᠣᠭᠠᠷ ᠲᠣᠰ ᠰᠠᠯᠠᠭ᠎ᠠ ᠮᠥᠴᠢᠷ᠂ ᠲᠣᠰ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠡᠷᠬᠡ ᠶᠢᠨ | ᠵᠤᠶᠢᠯᠡᠰ ᠢ ᠵᠤᠷᠪᠤᠰ ᠳᠠᠷᠠᠭᠠᠯᠠᠨ ᠡᠮᠬᠢᠯᠡᠨ ᠳᠢᠭᠯᠡᠵᠦ᠂ ᠲᠣᠰ ᠲᠣᠰ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠰᠢᠶᠠᠩ ᠪᠠᠯᠭᠠᠰᠤ ᠶᠢᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠪᠦᠷᠢᠯᠳᠦᠭᠦᠯᠦᠨ᠎ᠡ᠃ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ | ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠡᠮᠬᠢᠯᠡᠨ | ᠲᠣᠬᠢᠷᠠᠭᠤᠯᠤᠭᠰᠠᠨ ᠤ ᠳᠠᠷᠠᠭᠠᠬᠢ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠠᠩᠬ᠎ᠠ ᠠᠯᠬᠤᠮ ᠬᠢᠨᠠᠨ | ᠬᠠᠷᠭᠤᠭᠤᠯᠬᠤ ᠶᠢᠨ ᠬᠠᠮᠲᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠳᠤ ᠬᠠᠷᠢᠭᠤ ᠲᠤᠰᠬᠠᠵᠤ ᠵᠠᠰᠠᠪᠤᠷᠢ | ᠣᠷᠣᠭᠤᠯᠤᠨ ᠨᠤᠲᠠᠯᠠᠭᠤᠯᠤᠨ᠎ᠠ᠃ | 3.ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠤᠷᠢᠶᠠᠩᠭᠤᠶᠢᠯᠠᠵᠤ ᠭᠠᠷᠭᠠᠭᠰᠠᠨ | ᠰᠢᠶᠠᠨ ᠤ ᠲᠤᠰ ᠱᠠᠲᠤᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠭᠠᠷᠴᠠᠭ ᠪᠠ ᠡᠯ᠎ᠡ ᠰᠢᠶᠠᠩ | ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠭᠠᠷᠴᠠᠭ ᠢ ᠡᠯ᠎ᠡ ᠰᠠᠯᠠᠭ᠎ᠠ ᠮᠥᠴᠢᠷ ᠠᠴᠠ | ᠰᠠᠨᠠᠯ ᠬᠤᠷᠢᠶᠠᠭᠰᠠᠨ ᠤ ᠲᠠᠷᠠᠭ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠬᠠᠤᠯᠢ | ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠯᠭᠡᠨ᠎ᠡ᠃ | 4.ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠢ | ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠰᠢᠶᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠵᠤ ᠪᠠᠲᠤᠯᠠᠭᠤᠯᠬᠤ ᠶᠢᠨ ᠬᠠᠮᠲᠤ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠦᠨ᠎ᠡ᠃ | ᠲᠠᠪᠤ᠂ ᠰᠢᠶᠠᠨ ᠰᠢᠶᠠᠩ ᠬᠤᠶᠠᠷ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠠᠭᠤᠯᠭ᠎ᠠ | 29 ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠤᠳᠠᠯ ᠢ ᠨᠡᠶᠢᠲᠡ 5253 ᠡᠮᠬᠢᠯᠡᠨ | ᠭᠠᠷᠭᠠᠵᠠᠶ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ 164 ᠵᠦᠢᠯ᠂ ᠵᠠᠰᠠᠭ ᠵᠠᠬᠢᠷᠭᠠᠨ ᠤ ᠰᠢᠳᠬᠡᠯ 4351 | ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 40 ᠵᠦᠢᠯ᠂ ᠵᠠᠰᠠᠭ ᠵᠠᠬᠢᠷᠭᠠᠨ ᠤ ᠲᠠᠲᠠᠪᠤᠷᠢᠯᠠᠯᠲᠠ 4 ᠵᠦᠢᠯ᠂ ᠵᠠᠰᠠᠭ | ᠵᠠᠬᠢᠷᠭᠠᠨ ᠤ ᠥᠭᠭᠦᠯᠲᠡ 27 ᠵᠦᠢᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ 360 ᠵᠦᠢᠯ᠂ ᠵᠠᠰᠠᠭ | ᠵᠠᠬᠢᠷᠭᠠᠨ ᠤ ᠱᠠᠩᠨᠠᠯ 33 ᠵᠦᠢᠯ᠂ ᠵᠠᠰᠠᠭ ᠵᠠᠬᠢᠷᠭᠠᠨ ᠤ ᠲᠠᠰᠤᠯᠤᠯᠲᠠ 1 ᠵᠦᠢᠯ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠠᠷᠭ᠎ᠠ ᠬᠡᠮᠵᠢᠶ᠎ᠡ 120 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠬᠡᠷᠡᠭᠵᠢᠭᠦᠯᠦᠯᠲᠡ 33 | ᠵᠦᠢᠯ᠂ ᠪᠤᠰᠤᠳ ᠵᠠᠰᠠᠭ ᠵᠠᠬᠢᠷᠭᠠᠨ ᠤ ᠡᠷᠬᠡ 120 ᠵᠦᠢᠯ ᠪᠣᠶ᠃ | 8 ᠰᠢᠶᠠᠩ ᠪᠠᠯᠭᠠᠰᠤ ᠨᠡᠶᠢᠲᠡ 65 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠡᠮᠬᠢᠯᠡᠨ ᠭᠠᠷᠭᠠᠵᠤ᠂ | ᠡᠭᠦᠨ ᠳᠤ 6 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ᠂ 1 ᠵᠦᠢᠯ ᠤᠨ ᠵᠠᠰᠠᠭ ᠵᠠᠬᠢᠷᠭᠠᠨ ᠤ ᠨᠤᠲᠠᠯᠠᠯᠲᠠ᠂ 5 | ᠵᠦᠢᠯ ᠤᠨ ᠵᠠᠰᠠᠭ ᠵᠠᠬᠢᠷᠭᠠᠨ ᠤ ᠲᠥᠯᠥᠪᠦᠷᠢ᠂ 53 ᠵᠦᠢᠯ ᠤᠨ ᠵᠠᠰᠠᠭ ᠵᠠᠬᠢᠷᠭᠠᠨ ᠤ ᠰᠢᠳᠬᠡᠯ ᠥᠭᠪᠡ᠃ | ᠵᠢᠷᠭᠤᠭ᠎ᠠ᠂ ᠦᠷᠭᠦᠯᠵᠢᠯᠡᠨ ᠬᠢᠬᠦ ᠴᠢᠬᠤᠯᠠ ᠲᠠᠢ ᠠᠵᠢᠯ | 1. ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ︵ | ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠭᠲᠠᠭᠠᠨ᠎ᠠ︶ ᠵᠠᠰᠠᠭ ᠵᠠᠬᠢᠷᠭᠠᠨ ᠤ ᠡᠷᠬᠡ ᠶᠢᠨ | ᠵᠤᠶᠢᠯᠡᠰ ᠢ ᠵᠠᠯᠭᠠᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠳᠣᠷᠣᠭᠰᠢ ᠪᠠᠭᠤᠯᠭᠠᠵᠤ ᠳᠡᠶᠢᠯᠬᠦ᠂ ᠵᠠᠯᠭᠠᠨ ᠠᠪᠴᠤ | ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ | 2. ᠰᠢᠶᠠᠨ ᠰᠢᠶᠠᠩ ᠬᠤᠶᠠᠷ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠᠷ ᠰᠠᠭᠤᠷᠢ ᠪᠣᠯᠭᠠᠨ᠎ᠠ᠃ | ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠨᠤᠭᠤᠳ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ ᠪᠠ | ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ | ᠰᠦᠯᠵᠢᠶᠡᠨ ᠳᠡᠭᠡᠷ᠎ᠡ ᠭᠦᠶ᠋ᠴᠡᠳᠬᠡᠬᠦ ᠶᠢ ᠠᠬᠢᠭᠤᠯᠵᠤ᠂ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠬᠦᠴᠦᠨ ᠴᠢᠳᠠᠪᠤᠷᠢ | ᠪᠠ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠶ᠋ᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | 3. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ | ᠴᠠᠭᠠᠵᠠ ᠬᠠᠤᠯᠢ ᠲᠦᠷᠢᠮ ᠢ ᠲᠣᠭᠲᠠᠭᠠᠬᠤ᠂ ᠬᠦᠴᠦᠨ ᠥᠬᠡᠶ ᠪᠣᠯᠭᠠᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠤᠨ ᠲᠣᠬᠢᠷᠠᠭᠤᠯᠤᠯᠲᠠ ᠶᠢᠨ | ᠪᠠᠶᠢᠳᠠᠯ ᠢ ᠦᠨᠳᠦᠰᠦᠯᠡᠨ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠨᠢ ᠲᠣᠰ ᠰᠠᠯᠠᠭ᠎ᠠ ᠮᠥᠴᠢᠷ᠂ ᠲᠣᠰ | ᠰᠢᠶᠠᠩ ᠪᠠᠯᠭᠠᠰᠤ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠴᠠᠭ ᠲᠤᠬᠠᠶ ᠳᠤᠨᠢ ᠳᠣᠭᠢᠷᠠᠭᠤᠯᠤᠨ | ᠰᠢᠨᠡᠳᠬᠡᠬᠦ ᠶᠢᠨ ᠬᠠᠮᠲᠤ᠂ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠪ | ᠴᠢᠩᠭ᠎ᠠ ᠴᠢᠨᠠᠷ᠂ ᠬᠡᠪᠰᠢᠮᠡᠭᠡᠶ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ ᠬᠠᠮᠠᠭᠠᠯᠠᠬᠤ ᠬᠡᠷᠡᠭᠲᠡᠶ᠃ | | ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ | 2021 ᠣᠨ ᠤ 2 ᠰᠠᠷ᠎ᠠ ᠶᠢᠨ 9 |