ᠬᠤᠲᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠮᠠᠨ ᠤ ᠰᠢᠶᠠᠨ ᠳᠤ ᠬᠦᠷᠴᠦ ᠵᠢᠯ ᠤᠨ ᠡᠴᠦᠰ ᠣᠨ ᠤ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠤᠰᠬᠠᠶ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2021/3/2
   2 ᠰᠠᠷ᠎ᠠ ᠶᠢᠨ 2 ᠤᠨ ᠡᠳᠦᠷ᠂ ᠬᠤᠲᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠮᠠᠨ ᠤ ᠰᠢᠶᠠᠨ ᠳᠤ ᠬᠦᠷᠴᠦ ᠵᠢᠯ ᠤᠨ ᠡᠴᠦᠰ ᠣᠨ ᠤ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠤᠰᠬᠠᠶ ᠪᠠᠶᠢᠴᠠᠭᠠᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠰᠢᠶᠠᠨ ᠤ ᠬᠤᠸᠠᠷ ᠫᠤᠤᠵᠢᠩ ᠲᠥᠪᠯᠡᠷᠡᠭᠦᠯᠦᠨ ᠪᠣᠷᠣᠯᠠᠭᠤᠯᠬᠤ ᠴᠡᠭ᠂ ᠳ᠋ᠢᠩ ᠱᠧᠩ ᠠᠭᠤᠳᠠᠮ ᠲᠠᠯᠠᠪᠠᠢ᠂ ᠷᠦᠢ ᠲᠠᠢ ᠵᠣᠴᠢᠳ ᠤᠨ ᠪᠠᠭᠤᠳᠠᠯ᠂ ᠵᠦᠩ ᠰᠢ ᠠᠭᠤᠷᠬᠠᠢ ᠶᠢᠨ ᠦᠢᠯᠡᠰ ᠵᠡᠷᠭᠡ ᠭᠠᠵᠠᠷ ᠲᠤ ᠭᠦᠨᠵᠡᠭᠡᠶᠢᠷᠡᠵᠦ᠂ ᠮᠠᠨ ᠤ ᠰᠢᠶᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠶᠡᠷᠦᠩᠬᠡᠢ ᠪᠠᠶᠢᠳᠠᠯ ᠢ ᠨᠠᠷᠢᠨ ᠣᠶᠢᠯᠠᠭᠠᠪᠠ᠃   ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠤ 2020 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ᠂ ᠮᠠᠨ ᠤ ᠰᠢᠶᠠᠨ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠵᠠᠳᠠᠯᠤᠨ ᠳ᠋ᠦᠩᠨᠡᠵᠦ᠂ 2021 ᠣᠨ ᠳᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠰᠢᠶᠠᠨ ᠤ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃       ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2