ᠵᠦᠸᠧᠽᠢ ᠰᠢᠶᠠᠨ ᠨᠢ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/3/2
    ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠣᠨᠴᠠᠯᠢᠭᠲᠤ ᠠᠵᠤ ᠦᠶᠯᠡᠰ ᠲᠠᠢ ᠨᠢᠭᠲᠠ ᠤᠶᠠᠯᠳᠤᠭᠤᠯᠤᠨ᠂ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ᠂ ᠬᠦᠶᠲᠡᠨ ᠰᠡᠷᠢᠭᠦᠨ ᠢᠳᠡᠰᠢᠨ ᠨᠣᠭᠤᠭ᠎ᠠ ᠪᠣᠯᠪᠠᠰᠤᠷᠠᠭᠤᠯᠬᠤ᠂ ᠬᠡᠷᠡᠯ ᠴᠡᠨᠡᠭ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠳᠤ ᠲᠦᠰᠢᠭᠯᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠭᠠᠵᠠᠷ ᠰᠢᠷᠣᠶ᠂ ᠪᠠᠯᠠ ᠮᠥᠩᠭᠦ᠂ ᠡᠳ᠋ ᠬᠥᠷᠥᠩᠭᠡ ᠵᠡᠷᠭᠡ ᠬᠦᠴᠦᠨ ᠵᠦᠶᠯ ᠢᠶᠠᠷ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠡᠵᠡᠩᠨᠡᠯᠲᠡ ᠳᠤ ᠬᠤᠪᠢ ᠣᠷᠣᠬᠤ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠤᠨ᠎ᠠ᠃    ︽ᠲᠣᠪᠶᠤᠭ ᠤᠨ ᠬᠡᠯᠪᠡᠷᠢ︾ ᠪᠠᠷ ᠶᠠᠳᠠᠭᠤ ᠶᠢ ᠲᠡᠳᠬᠦᠬᠦ᠂ ᠰᠠᠶᠢᠨ ᠡᠭᠦᠯᠳᠡᠷ ᠤᠨ ᠨᠥᠬᠦᠪᠥᠷᠢ ᠥᠭᠬᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠵᠠᠬᠢᠶᠠᠯᠠᠭ᠎ᠠ ᠪᠠᠷ ᠬᠤᠳᠠᠯᠳᠤᠨ ᠠᠪᠬᠤ᠂ ᠠᠵᠢᠯ ᠣᠯᠭᠤᠯᠲᠠ ᠶᠢ ᠰᠢᠩᠭᠡᠭᠡᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠠᠷᠢᠶᠠᠴᠢᠨ ᠡᠷᠦᠬᠡ ᠶᠢ ᠠᠵᠤ ᠦᠶᠯᠡᠰ ᠤᠨ ᠬᠡᠯᠬᠢᠶ᠎ᠡ ᠳᠤ ᠪᠠᠲᠤ ᠨᠠᠭᠠᠯᠳᠤᠭᠤᠯᠵᠤ᠂ ᠲᠡᠳᠡᠨ ᠳᠤ ᠨᠠᠩ ᠦᠷᠭᠦᠯᠵᠢᠯᠡᠬᠦ ᠴᠢᠨᠠᠷᠲᠠᠶ᠂ ᠨᠠᠩ ᠲᠣᠭᠲᠠᠭᠤᠨ ᠠᠰᠢᠭ ᠬᠦᠷᠲᠡᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠤ ᠳᠠᠷᠠᠭ᠎ᠠ ᠲᠣᠭᠲᠠᠪᠤᠷᠢᠵᠢᠭᠤᠯᠵᠤ ᠳᠡᠶᠢᠯᠬᠦ᠂ ᠳᠠᠬᠢᠨ ᠶᠠᠳᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃    2021 ᠣᠨ ᠳᠤ ᠶᠠᠳᠠᠭᠤ ᠶᠢ ᠲᠡᠳᠬᠦᠬᠦ 10 ᠲᠥᠷᠥᠯ ᠵᠦᠶᠯ ᠲᠣᠬᠢᠷᠠᠭᠤᠯᠬᠤ ᠪᠠᠷ ᠪᠣᠶ᠂ ᠳᠡᠭᠡᠳᠦ ᠱᠠᠲᠤᠨ ᠠᠴᠠ 15652 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠭᠤᠶᠤᠴᠢᠯᠠᠬᠤ ᠴᠢᠬᠤᠯᠠᠲᠠᠶ ᠪᠠᠶᠢᠨ᠎ᠠ᠃ ᠡᠭᠦᠨ ᠳᠤ᠂ ᠡᠷᠦᠬᠡ ᠳᠤ ᠬᠦᠷᠦᠭᠰᠡᠨ ᠲᠥᠷᠥᠯ ᠵᠦᠶᠯ 2  ᠂ 1500 ᠲᠦᠮᠡᠨ ᠲᠥᠭᠦᠷᠢᠭ ᠂ ᠠᠵᠤ ᠦᠶᠯᠡᠰ ᠤᠨ ᠬᠥᠭᠵᠢᠯᠲᠡ ᠶᠢᠨ ᠲᠥᠷᠥᠯ ᠵᠦᠶᠯ 3᠂ 3047 ᠲᠦᠮᠡᠨ ᠲᠥᠭᠦᠷᠢᠭ᠂ ᠵᠠᠰᠠᠭ ᠵᠠᠬᠢᠷᠭᠠᠨ ᠤ ᠲᠣᠰᠬᠤᠨ ᠤ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠶᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢᠨ ᠲᠥᠷᠥᠯ ᠵᠦᠶᠯ 5᠂ 11105 ᠲᠦᠮᠡᠨ ᠲᠥᠭᠦᠷᠢᠭ ᠪᠣᠶ᠃ ᠣᠳᠣᠬᠠᠨ ᠪᠣᠯᠲᠠᠯ᠎ᠠ᠂ 4016 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠢᠭᠡᠨᠲᠡ ᠪᠣᠳᠠᠲᠠᠶᠢᠵᠢᠭᠤᠯᠪᠠ᠂ ᠡᠭᠦᠨ ᠳᠤ᠂ ᠶᠠᠳᠠᠭᠤ ᠶᠢ ᠲᠡᠳᠬᠦᠵᠦ ᠬᠥᠭᠵᠢᠭᠦᠯᠬᠦ ᠪᠠᠯᠠ ᠮᠥᠩᠭᠦ ᠶᠢᠨ ᠳᠣᠲᠣᠷᠠᠬᠢ 200 ᠲᠦᠮᠡᠨ ᠲᠥᠭᠦᠷᠢᠭ ᠢ ᠶᠠᠳᠠᠭᠤ ᠶᠢ ᠲᠡᠳᠬᠦᠵᠦ ᠡᠷᠭᠢᠯᠡᠬᠦ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠶᠢᠨ ᠳᠠᠮ ᠬᠦᠤ ᠥᠭᠬᠦ ᠲᠥᠷᠥᠯ ᠵᠦᠶᠯ ᠳᠤ ᠬᠡᠷᠡᠭᠯᠡᠵᠦ᠂ 640 ᠲᠦᠮᠡᠨ ᠲᠥᠭᠦᠷᠢᠭ ᠢ ᠡᠯ᠎ᠡ ᠰᠢᠶᠠᠩ ᠪᠠᠯᠭᠠᠰᠤ ᠶᠢᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠥᠷᠥᠯ ᠵᠦᠶᠯ ᠳᠤ ᠬᠡᠷᠡᠭᠯᠡᠵᠦ᠂ 1000 ᠲᠦᠮᠡᠨ ᠲᠥᠭᠦᠷᠢᠭ ᠢ ᠮᠡᠶᠢᠷᠡᠲᠦ ᠬᠤᠭ ᠨᠣᠪᠰᠢ ᠪᠤᠯᠠᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠵᠦ᠂ 1051 ᠲᠦᠮᠡᠨ ᠲᠥᠭᠦᠷᠢᠭ ᠢ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠬᠡᠷᠡᠭᠯᠡᠵᠦ᠂ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ ᠵᠠᠯᠭᠠᠮᠵᠢ ᠠᠵᠤ ᠦᠶᠯᠡᠰ ᠢ ᠲᠡᠳᠬᠦᠬᠦ ᠪᠠᠯᠠ ᠮᠥᠩᠭᠦ 1125 ᠲᠦᠮᠡᠨ ᠲᠥᠭᠦᠷᠢᠭ ᠢ ᠬᠦᠶᠲᠡᠨ ᠰᠡᠷᠢᠭᠦᠨ ᠢᠳᠡᠰᠢᠨ ᠨᠣᠭᠤᠭ᠎ᠠ ᠶᠢᠨ ᠲᠦᠷᠭᠡᠨ ᠬᠥᠯᠳᠡᠭᠡᠬᠦ ᠲᠥᠷᠥᠯ ᠵᠦᠶᠯ ᠳᠤ ᠬᠡᠷᠡᠭᠯᠡᠨ᠎ᠡ᠃       ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2