2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ | ︵ᠤᠯᠤᠰ ᠤᠨ ᠵᠠᠰᠠᠭ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ | ᠠᠩᠭᠢ 3 ᠰᠠᠷ᠎ᠡ ᠶᠢᠨ 1 ᠤ ᠦᠳᠠ ᠶᠢᠨ ᠡᠮᠤᠨ᠎ᠡ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠠ᠃ | ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ | ᠲᠠᠯᠪᠢᠬᠤ ᠳᠠᠭᠠᠨ᠂ ᠦᠡᠭᠭᠡᠷᠡᠭᠰᠡᠨ ᠳᠤ᠂ ᠤᠳᠤ ᠡᠰᠡᠬᠦᠯ᠎ᠡ ᠢᠷᠡᠭᠡᠳᠤᠢ ᠳᠤ ᠭᠡᠰᠡᠨ ᠴᠦ᠂ ᠨᠠᠮ ᠤᠨ ᠢᠷᠡᠭᠤ | ᠠᠯᠳᠠᠷᠳᠤ ᠤᠯᠠᠮᠵᠢᠯᠠᠯ ᠪᠠ ᠰᠢᠯᠢᠳᠡᠭ ᠰᠠᠶᠢᠨ ᠰᠤᠷᠳᠠᠯ ᠨᠢ ᠴᠦᠮ ᠪᠢᠳᠠᠨ ᠤ ᠬᠦᠴᠢᠷ ᠪᠡᠷᠭᠡᠰᠢᠶᠠᠯ ᠠᠴᠠ ᠠᠶᠤᠬᠤ | ᠦᠭᠡᠢ᠂ ᠡᠷᠡᠮᠡᠭᠡᠶᠢᠯᠡᠨ ᠤᠷᠤᠬᠰᠢᠯᠠᠬᠤ ᠶᠢ ᠤᠷᠮᠠᠰᠢᠭᠤᠯᠤᠨ ᠵᠤᠷᠢᠬᠵᠢᠭᠤᠯᠬᠤ ᠡᠷᠬᠢᠮ ᠨᠠᠨᠳᠢᠨ ᠤᠶᠤᠨ ᠰᠠᠨᠠᠭᠠᠨ ᠤ | ᠦᠪ ᠬᠦᠷᠦᠩᠭᠡ ᠮᠦᠨ᠃ ᠵᠠᠯᠠᠭᠤ ᠺᠠᠳ᠋ᠷᠴᠤᠳ ᠪᠤᠯ ᠨᠠᠮ ᠪᠠ ᠤᠯᠤᠰ ᠤᠨ ᠠᠵᠢᠯ ᠦᠢᠯᠡᠰ ᠤᠨ ᠵᠠᠯᠭᠠᠮᠵᠢᠯᠠᠬᠴᠢ | ᠮᠦᠨ᠂ ᠡᠷᠬᠡᠪᠰᠢ ᠨᠠᠮ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠤᠨ ᠦᠨᠡᠨᠴᠢ ᠰᠢᠳᠤᠷᠭᠤ | ᠵᠠᠯᠭᠠᠮᠵᠢᠯᠠᠬᠴᠢ ᠪᠤᠯᠬᠤ ᠪᠠᠷ ᠵᠤᠷᠢᠭ ᠰᠢᠭᠤᠳᠴᠤ᠂ ᠰᠦᠰᠤ ᠵᠤᠷᠢᠭ᠂ ᠲᠠᠰᠪᠤᠷᠢ ᠲᠠᠪᠴᠢᠶᠡᠷᠢ᠂ ᠪᠡᠶ᠎ᠡ ᠪᠠᠨ ᠪᠠᠷᠢᠬᠤ | ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮᠳᠤ | ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠲᠡᠷᠢᠬᠦᠨ ᠤ ᠬᠢ ᠶᠢ | ᠡᠭᠦᠳᠬᠦ ᠪᠠᠷ ᠡᠷᠡᠮᠡᠭᠡᠶᠢᠯᠡᠨ ᠲᠡᠮᠡᠴᠡᠵᠤ᠂ ᠭᠠᠪᠢᠶ᠎ᠡ ᠪᠠᠶᠢᠭᠤᠯᠤᠨ ᠦᠢᠯᠡᠰ ᠪᠦᠳᠦᠭᠡᠵᠤ᠂ ᠨᠠᠮ ᠳᠠᠭᠠᠨ ᠤᠰᠤᠯᠳᠠᠬᠤ | ᠦᠭᠡᠢ᠂ ᠠᠷᠠᠳ ᠲᠦᠮᠡᠨ ᠳᠤ ᠤᠰᠤᠯᠳᠠᠬᠤ ᠦᠭᠡᠢ᠂ ᠴᠠᠭ ᠦᠶ᠎ᠡ ᠳᠤ ᠤᠰᠤᠯᠳᠠᠬᠤ ᠦᠭᠡᠢ ᠠᠮᠵᠢᠯᠳᠠ ᠪᠦᠳᠦᠮᠵᠢ | ᠭᠠᠷᠭᠠᠬᠤ ᠪᠠᠷ ᠴᠢᠷᠮᠠᠶᠢᠬᠤ ᠭᠡᠷᠡᠭᠳᠠᠢ ᠭᠡᠵᠤ ᠴᠢᠬᠤᠯᠠᠴᠢᠯᠠᠪᠠ᠃ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠤᠪᠴᠢᠶᠠᠨ ᠤ ᠪᠠᠶᠢᠡᠭᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ | ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠵᠠᠢ᠃ | | 3 ᠰᠠᠷ᠎ᠠ ᠶᠢᠨ 1 ᠤ ᠡᠳᠦᠷ᠂ 2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ | ᠺᠠᠳ᠋ᠷᠴᠤᠳ ᠤᠨ ᠪᠤᠯᠪᠠᠰᠤᠷᠠᠯ ᠤᠨ ᠠᠩᠭᠢ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠠ᠃ ᠨᠠᠮ ᠤᠨ | ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠢ ᠰᠡᠭᠦᠳᠡᠷᠯᠡᠪᠡ | ᠰᠢ ᠶᠢᠨ ᠫᠢᠩ᠂ ᠮᠠᠨ ᠤ ᠨᠠᠮ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠬᠤᠪᠢᠰᠬᠠᠯ᠂ ᠪᠦᠳᠦᠭᠡᠨ | ᠪᠠᠶᠢᠭᠤᠯᠤᠯᠳᠠ᠂ ᠦᠭᠡᠷᠡᠴᠢᠯᠡᠯᠳᠠ ᠶᠢᠨ ᠠᠭᠤᠤ ᠶᠡᠭᠡ ᠠᠮᠵᠢᠯᠳᠠ ᠪᠦᠳᠤᠮᠵᠢ ᠶᠢ ᠤᠯᠤᠬᠰᠡᠨ ᠤ ᠮᠠᠰᠢ ᠴᠢᠬᠤᠯᠠ | ᠨᠢᠭᠡ ᠰᠢᠯᠳᠠᠭᠠᠨ ᠪᠤᠯ ᠲᠠᠷᠤᠢ ᠮᠠᠨ ᠤ ᠨᠠᠮ ᠤᠷᠳᠤ ᠬᠤᠭᠤᠴᠠᠭᠠᠨ ᠤ ᠦᠢᠯᠡᠳᠤᠯᠭᠡ ᠶᠢᠨ ᠲᠤᠮᠳᠠ ᠢᠵᠢ ᠪᠦᠷᠢᠨ | ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠢ ᠪᠤᠶᠢᠵᠢᠭᠤᠯᠤᠨ ᠪᠠᠷᠢᠮᠳᠠᠯᠠᠬᠰᠠᠨ ᠶᠠᠪᠤᠳᠠᠯ ᠪᠤᠯᠤᠨ᠎ᠡ᠃ | ᠡᠳᠡᠭᠡᠷ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠪᠤᠯ ᠮᠠᠨ ᠤ ᠨᠠᠮ ᠤᠨ ᠰᠢᠨᠵᠢ ᠴᠢᠨᠠᠷ ᠪᠠ | ᠵᠤᠷᠢᠯᠳᠠ ᠶᠢᠨ ᠲᠦᠪᠯᠡᠷᠡᠩᠭᠦᠢ ᠢᠯᠡᠷᠡᠯ᠂ ᠮᠠᠨ ᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠬᠳᠠᠬᠤ ᠢᠯᠡ | ᠲᠤᠳᠤ ᠤᠨᠴᠠᠯᠢᠭ ᠪᠤᠯᠤᠨ᠎ᠡ᠃ ᠨᠠᠮ ᠤᠯᠠᠨ ᠲᠦᠮᠡᠨ ᠤ ᠲᠠᠮᠵᠢᠯᠭᠡ ᠪᠠ ᠬᠦᠷᠢᠶᠠᠯᠠᠯ ᠢ ᠤᠯᠬᠤ ᠬᠡᠪᠡᠯ ᠡᠷᠬᠡᠪᠰᠢ | ᠨᠠᠮ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ ᠢ ᠬᠡᠵᠢᠶ᠎ᠡ ᠡᠭᠦᠷᠢᠲᠡ ᠪᠠᠳᠠᠷᠠᠭᠤᠯᠬᠤ ᠭᠡᠷᠡᠭᠳᠠᠢ | ᠭᠡᠵᠤ ᠴᠢᠬᠤᠯᠠᠴᠢᠯᠠᠪᠠ᠃ | ᠰᠢ ᠶᠢᠨ ᠫᠢᠩ᠂ ᠤᠳᠤᠬᠠᠨ ᠤ ᠲᠠᠯᠠᠭᠡᠢ ᠶᠢᠷᠳᠢᠨᠴᠤ ᠳᠤ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ | ᠬᠤᠪᠢᠰᠤᠯᠳᠠ ᠶᠠᠭ ᠲᠦᠷᠭᠡᠰᠴᠦ ᠪᠠᠶᠢᠨ᠎ᠡ᠂ ᠮᠠᠨ ᠤ ᠤᠯᠤᠰ ᠶᠠᠭ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ | ᠰᠡᠷᠬᠦᠨ ᠮᠠᠨᠳᠤᠯᠳᠠ ᠶᠢ ᠪᠠᠶᠠᠯᠡᠬᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠨ᠎ᠡ᠂ ᠴᠢᠨᠡᠭᠡᠯᠢᠭ | ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠠᠭᠤᠤ ᠶᠡᠭᠡ ᠲᠡᠤᠭᠡᠳᠤ ᠴᠢᠨᠠᠷᠳᠠᠢ ᠠᠮᠵᠢᠯᠳᠠ ᠪᠦᠳᠦᠮᠵᠢ ᠶᠢ ᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠦᠬᠦ ᠲᠠᠯ᠎ᠡ ᠪᠠᠷ ᠢᠯᠠᠯᠳᠠ ᠤᠯᠵᠤ᠂ | ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠯᠭᠤᠮ | ᠤᠷᠤᠬᠰᠢᠳᠠᠢ ᠡᠬᠢᠯᠡᠭᠦ ᠶᠢᠨ ᠵᠡᠷᠭᠡ ᠪᠠᠷ ᠮᠠᠨ ᠤ ᠤᠷᠤᠬᠰᠢᠯᠠᠯᠳᠠ ᠶᠢᠨ ᠵᠠᠮ ᠲᠡᠭᠡᠷ᠎ᠡ ᠮᠦᠨ ᠬᠦ ᠮᠠᠰᠢ ᠤᠯᠠᠨ ᠬᠦᠴᠢᠷ | ᠪᠤᠭᠤᠮᠳᠠ ᠪᠠ ᠦᠷᠢᠰᠦᠯᠳᠤᠭᠡᠨ ᠲᠤᠯᠭᠠᠷᠠᠵᠤ ᠪᠠᠶᠢᠨ᠎ᠡ᠃ ᠠᠶᠤᠯ ᠲᠦᠭᠰᠢᠬᠦᠷᠢ ᠤᠯᠠᠮ ᠶᠡᠭᠡ᠂ ᠦᠷᠢᠰᠦᠯᠳᠤᠭᠡᠨ | ᠤᠯᠠᠮ ᠠᠷᠪᠢᠨ᠂ ᠡᠬᠦᠷᠭᠡ ᠤᠯᠠᠮ ᠬᠦᠨᠳᠤ ᠪᠤᠯᠬᠤ ᠲᠤᠳᠤᠮ ᠨᠠᠮ ᠤᠨ ᠰᠤᠷᠳᠠᠯ ᠤᠨ ᠪᠠᠶᠢᠭᠤᠯᠤᠯᠳᠠ ᠶᠢ ᠤᠯᠠᠮ | ᠴᠢᠩᠭᠠᠳᠬᠠᠵᠤ᠂ ᠰᠠᠶᠢᠨ ᠰᠤᠷᠳᠠᠯ ᠢᠶᠠᠷ ᠡᠷᠴᠢ ᠵᠤᠷᠢᠭ ᠢᠶᠠᠨ ᠬᠦᠪᠴᠢᠯᠡᠵᠤ᠂ ᠲᠡᠮᠡᠴᠡᠯ ᠤᠨ ᠵᠤᠷᠢᠭ ᠢᠶᠠᠨ | ᠬᠦᠭᠵᠢᠭᠡᠨ᠂ ᠲᠦᠷᠢ ᠲᠦᠷᠬᠦ ᠪᠠᠨ ᠱᠤᠭᠤᠵᠤ᠂ ᠠᠷᠠᠳ ᠤᠨ ᠰᠡᠳᠬᠢᠯ ᠢ ᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ | ᠃ | ᠰᠢ ᠶᠢᠨ ᠫᠢᠩ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠤᠯ ᠡᠪ ᠬᠠᠮᠳᠤᠴᠤᠳ ᠤᠨ ᠲᠡᠷᠢᠬᠦᠨ ᠴᠢᠬᠤᠯᠠ | ᠤᠯᠤᠰ ᠲᠦᠷᠦ ᠶᠢᠨ ᠵᠠᠩ ᠴᠢᠨᠠᠷ ᠮᠦᠨ᠃ᠮᠠᠨ ᠤ ᠨᠠᠮ ᠬᠦᠭᠵᠢᠯᠳᠠ ᠶᠢᠨ ᠵᠠᠮ ᠳᠠᠭᠠᠨ ᠲᠤᠭ᠎ᠠ ᠲᠤᠮᠰᠢ ᠦᠭᠡᠢ | ᠬᠦᠴᠢᠷ ᠪᠡᠷᠭᠡᠰᠢᠶᠠᠯ ᠪᠠ ᠬᠠᠯᠠ ᠵᠤᠪᠠᠯᠠᠩ ᠢ ᠦᠡᠭᠭᠡᠷᠡᠬᠦᠯᠦᠭᠰᠡᠨ ᠪᠤᠯᠪᠠᠴᠤ ᠶᠠᠮᠠᠷᠪᠡ ᠬᠦᠴᠢᠷ ᠪᠡᠷᠭᠡᠰᠢᠶᠠᠯ ᠭᠡᠳ | ᠴᠦᠮ ᠪᠢᠳᠠᠨ ᠢ ᠲᠠᠷᠤᠵᠤ ᠲᠠᠶᠢᠯᠦᠭᠰᠡᠨ ᠦᠭᠡᠢ᠂ ᠶᠠᠮᠠᠷᠪᠡ ᠲᠠᠶᠢᠰᠤᠨ ᠴᠦᠮ ᠪᠢᠳᠠᠨ ᠢ ᠢᠯᠡᠵᠤ ᠲᠠᠶᠢᠯᠦᠭᠰᠡᠨ | ᠦᠭᠡᠢ᠂ ᠡᠨᠡ ᠨᠢ ᠲᠠᠷᠤᠢ ᠲᠦᠭ ᠲᠦᠮᠡᠨ ᠨᠠᠮ ᠤᠨ ᠭᠡᠰᠢᠬᠦᠨ ᠤ ᠦᠨᠡᠨᠴᠢ ᠰᠢᠳᠤᠷᠭᠤ ᠳᠤ ᠲᠦᠰᠢᠭᠯᠡᠭᠰᠡᠨ ᠶᠤᠮ᠃ | ᠨᠠᠮ ᠳᠠᠭᠠᠨ ᠦᠨᠡᠨᠴᠢ ᠰᠢᠳᠤᠷᠭᠤ ᠪᠠᠶᠢᠬᠤ ᠳᠤ᠂ ᠡᠷᠬᠡᠪᠰᠢ ᠨᠢᠭᠡ ᠰᠡᠳᠬᠢᠯ ᠨᠢᠭᠡ ᠵᠤᠷᠢᠭ ᠢᠶᠠᠷ᠂ ᠢᠮᠠᠬᠳᠠ | ᠲᠤᠭᠤᠰᠢᠯᠠᠭᠤᠯᠬᠤ ᠭᠡᠷᠡᠭᠳᠠᠢ᠂ ᠡᠷᠬᠡᠪᠰᠢ ᠬᠡᠯᠡᠬᠦ ᠬᠢᠬᠦ ᠨᠢ ᠨᠢᠭᠡᠳᠤᠯᠳᠠᠢ᠂ ᠮᠡᠳᠡᠬᠦ ᠭᠢᠬᠦ ᠨᠢᠭᠡᠳᠤᠯᠳᠠᠢ ᠪᠠᠶᠢᠬᠤ | ᠭᠡᠷᠡᠭᠳᠠᠢ᠂ ᠶᠠᠮᠠᠷᠪᠡ ᠦᠶ᠎ᠡ ᠳᠤ ᠶᠠᠮᠠᠷᠪᠠ ᠪᠠᠶᠢᠳᠠᠯ ᠲᠤᠤᠷ᠎ᠡ ᠴᠦᠮ ᠰᠡᠳᠬᠢᠯ ᠢᠶᠠᠨ ᠬᠤᠪᠢᠷᠠᠭᠤᠯᠬᠤ ᠦᠭᠡᠢ᠂ | ᠵᠤᠷᠢᠭ ᠢᠶᠠᠨ ᠰᠤᠯᠠᠷᠠᠭᠤᠯᠬᠤ ᠦᠭᠡᠢ᠂ ᠵᠠᠩ ᠵᠢᠷᠤᠮ ᠢᠶᠠᠨ ᠭᠤᠲᠤᠭᠠᠬᠤ ᠦᠭᠡᠢ ᠪᠠᠶᠢᠬᠤ ᠭᠡᠷᠡᠭᠳᠠᠢ᠃ ᠵᠠᠯᠠᠭᠤ | ᠺᠠᠳ᠋ᠷᠴᠤᠳ ᠠᠬᠠᠮᠡᠳ ᠨᠢᠭᠡ ᠦᠶ᠎ᠡ ᠶᠢᠨ ᠬᠢᠨ ᠪᠠ ᠦᠷᠡᠭᠳᠡᠭᠰᠡᠨ ᠪᠠᠭᠠᠳᠤᠷᠴᠤᠳ ᠢᠶᠠᠷ ᠲᠤᠯᠢ ᠪᠤᠯᠭᠠᠵᠤ᠂ ᠡᠰᠡᠷᠬᠦ | ᠲᠠᠯ᠎ᠡ ᠶᠢᠨ ᠨᠠᠶᠢᠳᠡᠯᠢᠭ ᠵᠢᠱᠢᠶ᠎ᠡ ᠪᠠᠷ ᠴᠡᠭᠡᠷᠯᠡᠯ ᠪᠤᠯᠭᠠᠵᠤ᠂ ᠲᠠᠰᠤᠷᠠᠯᠳᠠ ᠦᠭᠡᠢ ᠢᠳᠡᠭᠡᠯ ᠪᠢᠰᠢᠷᠠᠯ ᠤᠨ | ᠰᠠᠭᠤᠷᠢ ᠪᠠᠨ ᠪᠠᠳᠤ ᠴᠤᠬᠴᠠᠯᠠᠵᠤ᠂ ᠤᠶᠤᠨ ᠰᠠᠨᠠᠭᠠᠨ ᠤ ᠺᠠᠯᠼ ᠢᠶᠠᠨ ᠨᠦᠬᠦᠪᠤᠷᠢᠯᠡᠨ᠂ ᠦᠵᠡᠯ ᠰᠠᠨᠠᠭᠠᠨ ᠤ | ᠵᠢᠯᠤᠭᠤ ᠪᠠᠨ ᠯᠠᠪᠳᠠᠭᠤᠨ ᠡᠵᠡᠮᠳᠡᠵᠤ᠂ ᠡᠷᠡᠰ ᠪᠠᠳᠤ ᠬᠦᠰᠡᠯᠡᠩ ᠢᠳᠡᠭᠡᠯ ᠪᠢᠰᠢᠷᠠᠯ ᠢᠶᠠᠷ ᠢᠶᠠᠨ ᠨᠠᠮ ᠳᠠᠭᠠᠨ ᠦᠨᠡᠨᠴᠢ | ᠰᠢᠳᠤᠷᠭᠤ ᠪᠠᠶᠢᠬᠤ ᠰᠡᠳᠬᠢᠯ ᠢᠶᠠᠨ ᠬᠠᠳᠠᠭᠤᠵᠢᠭᠤᠯᠬᠤ ᠭᠡᠷᠡᠭᠳᠠᠢ᠃ ᠤᠯᠤᠰ ᠲᠦᠷᠦ ᠶᠢᠨ ᠲᠠᠪᠳᠠᠨ | ᠪᠤᠯᠪᠠᠰᠤᠷᠠᠭᠤᠯᠤᠯᠳᠠ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ | ᠠᠮᠢᠳᠤᠷᠠᠯ ᠤᠨ ᠴᠢᠩᠭ᠎ᠠ ᠪᠤᠯᠪᠠᠰᠤᠷᠠᠯ ᠢ ᠬᠦᠯᠢᠶᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠤᠶᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ | ᠲᠡᠭᠡᠭᠰᠢᠯᠡᠬᠦᠯᠵᠤ᠂ ᠦᠪᠡᠷ ᠤᠨ ᠤᠯᠤᠰ ᠲᠦᠷᠦ ᠶᠢᠨ ᠴᠢᠳᠠᠪᠤᠷᠢ ᠪᠠᠨ ᠡᠬᠦᠷᠭᠡᠯᠡᠵᠤ ᠪᠠᠶᠢᠭ᠎ᠠ ᠠᠵᠢᠯ ᠤᠨ ᠲᠤᠰᠢᠶᠠᠯ | ᠬᠠᠷᠢᠭᠤᠴᠠᠯᠭ᠎ᠠ ᠲᠠᠢ ᠪᠠᠨ ᠲᠤᠬᠢᠷᠠᠯᠴᠠᠭᠤᠯᠬᠤ ᠭᠡᠷᠡᠭᠳᠠᠢ᠃ ᠨᠠᠮ ᠤᠨ ᠰᠠᠨᠠᠭᠠᠰᠢᠷᠠᠯ ᠢ ᠬᠤᠪᠢᠶᠠᠯᠴᠠᠵᠤ᠂ ᠤᠯᠤᠰ ᠤᠨ | ᠲᠦᠯᠦᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠠᠷᠠᠳ ᠲᠦᠮᠡᠨ ᠳᠤ ᠬᠤᠪᠢ ᠨᠠᠮᠠᠷᠢ ᠦᠵᠡᠬᠦᠯᠵᠤ᠂ | ᠵᠤᠷᠢᠬᠳᠠᠢ ᠪᠠᠷ ᠬᠦᠴᠢᠷ ᠵᠤᠪᠠᠭᠤᠷᠢ ᠶᠢ ᠬᠦᠯᠢᠶᠡᠵᠤ᠂ ᠬᠦᠴᠢᠷ ᠪᠡᠷᠭᠡᠰᠢᠶᠠᠯ ᠢ ᠬᠦᠯᠢᠶᠡᠵᠤ᠂ ᠬᠦᠨᠳᠤ ᠡᠬᠦᠷᠭᠡ ᠶᠢ | ᠡᠬᠦᠷᠭᠡᠯᠡᠨ᠂ ᠠᠶᠤᠯ ᠲᠦᠭᠰᠢᠬᠦᠷᠢ ᠶᠢ ᠳᠠᠭᠠᠭᠠᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠤᠳᠠᠳᠤ | ᠠᠵᠢᠯᠯᠠᠭ᠎ᠠ ᠪᠠᠷ ᠢᠶᠠᠨ ᠦᠢᠯᠡᠳᠦᠯᠭᠡᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠶᠠᠮᠠᠷ ᠦᠶ᠎ᠡ ᠳᠤ ᠤᠨᠤᠯ ᠦᠢᠯᠡᠳᠦᠯᠭᠡ ᠶᠢ ᠤᠶᠠᠯᠳᠤᠭᠤᠯᠬᠤ ᠶᠢ ᠰᠠᠶᠢᠳᠤᠷ ᠪᠠᠷᠢᠮᠳᠠᠯᠡᠪᠡᠯ᠂ ᠨᠠᠮ ᠪᠠ | ᠠᠷᠠᠳ ᠲᠦᠮᠡᠨ ᠤ ᠠᠵᠢᠯ ᠦᠢᠯᠡᠰ ᠲᠠᠷᠤᠢ ᠲᠠᠰᠤᠷᠠᠯᠳᠠ ᠦᠭᠡᠢ ᠢᠯᠠᠯᠳᠠ ᠤᠯᠵᠤ ᠴᠢᠳᠠᠨ᠎ᠡ︔ ᠡᠰᠡᠷᠬᠦ ᠪᠠᠷ ᠪᠤᠯᠪᠠᠯ | ᠂ ᠨᠠᠮ ᠪᠠ ᠠᠷᠠᠳ ᠲᠦᠮᠡᠨ ᠤ ᠠᠵᠢᠯ ᠦᠢᠯᠡᠰ ᠬᠤᠬᠢᠷᠠᠯ ᠳᠤ ᠤᠴᠠᠷᠠᠵᠤ᠂ ᠴᠢᠨᠠᠬᠰᠢᠯᠡᠨ ᠬᠦᠨᠳᠤ ᠨᠤᠴᠢᠳᠠᠢ | ᠨᠤᠭᠤᠷᠠᠯ ᠳᠤ ᠤᠴᠠᠷᠠᠬᠤ ᠪᠤᠯᠤᠨ᠎ᠡ ᠭᠡᠳᠡᠭ ᠢ ᠮᠠᠨ ᠤ ᠨᠠᠮ ᠤᠨ ᠲᠡᠤᠭᠡ ᠲᠠᠬᠢᠨ ᠲᠠᠪᠳᠠᠨ ᠭᠡᠷᠡᠴᠢᠯᠡᠪᠡ᠃ ᠤᠨᠤᠯ ᠢ | ᠪᠤᠳᠠᠳᠠᠢ ᠲᠠᠢ ᠤᠶᠠᠯᠳᠤᠭᠤᠯᠬᠤ ᠶᠢᠨ ᠤᠷᠢᠳᠠᠯ ᠨᠢ ᠤᠨᠤᠯ ᠢ ᠰᠠᠶᠢᠳᠤᠷ ᠰᠤᠷᠤᠯᠴᠠᠵᠤ ᠲᠤᠭᠤᠷᠠᠳᠠᠯ᠎ᠡ ᠮᠡᠳᠡᠵᠤ᠂ | ᠦᠵᠡᠯ ᠰᠠᠨᠠᠭᠠᠨ ᠤ ᠤᠭ ᠶᠤᠰᠤ ᠶᠢ ᠡᠵᠡᠮᠰᠢᠬᠦ ᠶᠠᠪᠤᠳᠠᠯ ᠪᠤᠯᠤᠨ᠎ᠡ᠃ | ᠵᠠᠯᠠᠭᠤ ᠺᠠᠳ᠋ᠷᠴᠤᠳ ᠮᠠᠷᠺᠰ ᠤᠨ ᠦᠵᠡᠯ ᠤᠨ ᠦᠨᠳᠤᠰᠤᠨ ᠤᠭ ᠶᠤᠰᠤ ᠢᠯᠠᠩᠭᠤᠶ᠎ᠡ ᠰᠢᠨ᠎ᠡ ᠴᠠᠭ ᠦᠶ᠎ᠡ ᠶᠢᠨ | ᠨᠠᠮ ᠤᠨ ᠰᠢᠨ᠎ᠡ ᠶᠢ ᠡᠬᠦᠳᠦᠭᠰᠡᠡ ᠤᠨᠤᠯ ᠤᠨ ᠦᠷ᠎ᠡ ᠪᠦᠳᠦᠭᠡᠯ ᠢ ᠰᠢᠷᠭᠠᠭᠤ ᠬᠠᠳᠠᠭᠤᠵᠢᠯᠳᠠᠢ ᠰᠤᠳᠤᠯᠵᠤ᠂ | ᠡᠬᠦᠨ ᠤ ᠲᠤᠮᠳᠠ ᠠᠭᠤᠯᠤᠬᠳᠠᠵᠤ ᠪᠠᠶᠢᠭ᠎ᠠ ᠵᠤᠬᠰᠤᠯᠳᠠ ᠦᠵᠡᠯᠳᠠ ᠠᠷᠭ᠎ᠠ᠂ ᠶᠤᠰᠤ ᠵᠦᠢ ᠬᠦᠨ ᠤᠬᠠᠭᠠᠨ ᠢ | ᠴᠢᠷᠮᠠᠶᠢᠨ ᠡᠵᠡᠮᠰᠢᠵᠤ᠂ ᠦᠭᠡ ᠶᠢ ᠨᠢ ᠤᠶᠢᠢᠯᠠᠭᠠᠬᠤ ᠪᠠᠷ ᠪᠠᠷᠠᠬᠤ ᠦᠭᠡᠢ ᠨᠡᠩ ᠴᠤ ᠤᠳᠬ᠎ᠠ ᠶᠢ ᠨᠢ ᠤᠶᠢᠢᠯᠠᠭᠠᠵᠤ᠂ | ᠲᠡᠶᠢᠮᠦ ᠭᠡᠬᠦ ᠶᠢ ᠮᠡᠳᠡᠬᠦ ᠪᠠᠷ ᠪᠠᠷᠠᠬᠤ ᠦᠭᠡᠢ ᠨᠡᠩ ᠴᠦ ᠴᠤᠬᠤᠮ ᠶᠠᠭᠠᠬᠢᠭᠠᠳ ᠲᠡᠶᠢᠮᠦ ᠪᠤᠯᠬᠤ ᠶᠢ ᠮᠡᠳᠡᠬᠦ ᠭᠡᠷᠡᠭᠲᠡᠢ | ᠃ ᠨᠠᠮ ᠤᠨ ᠰᠢᠨ᠎ᠡ ᠶᠢ ᠡᠬᠦᠳᠦᠭᠰᠡᠡ ᠤᠨᠤᠯ ᠤᠨ ᠦᠷ᠎ᠡ ᠪᠦᠳᠤᠭᠡᠯ ᠢ ᠬᠦᠨᠵᠡᠭᠡᠢ ᠰᠤᠷᠤᠯᠴᠠᠵᠤ᠂ ᠤᠷᠢᠳᠤᠬᠢ | ᠬᠤᠶᠢᠳᠤᠬᠢ ᠶᠢ ᠨᠡᠪᠳᠡᠷᠡᠬᠦᠯᠦᠨ ᠰᠤᠷᠤᠯᠴᠠᠵᠤ᠂ ᠴᠠᠭ ᠲᠤᠬᠠᠢ ᠳᠤᠨᠢ ᠲᠠᠭᠠᠵᠤ ᠰᠤᠷᠤᠯᠴᠠᠨ᠂ ᠨᠠᠮ ᠤᠨ ᠰᠢᠨᠵᠢᠯᠡᠬᠦ | ᠤᠬᠠᠭᠠᠨᠴᠢ ᠤᠨᠤᠯ ᠢᠶᠠᠷ ᠦᠵᠡᠯ ᠰᠠᠨᠠᠭ᠎ᠠ ᠠᠷᠭ᠎ᠠ ᠬᠡᠮᠵᠢᠶ᠎ᠡ ᠪᠠᠨ ᠰᠢᠯᠢᠳᠡᠭᠵᠢᠬᠦᠯᠵᠤ᠂ ᠦᠵᠡᠯ ᠰᠠᠨᠠᠭᠠᠨ ᠤ | ᠲᠦᠭᠡᠷᠢᠭᠳᠡᠯ ᠢᠶᠠᠨ ᠰᠢᠢᠳᠪᠤᠷᠢᠯᠡᠵᠤ᠂ ᠦᠪᠡᠷ ᠤᠨ ᠪᠡᠶ᠎ᠡ ᠶᠢᠨ ᠦᠵᠡᠯ ᠰᠠᠨᠠᠭ᠎ᠠ ᠰᠤᠷᠳᠠᠯ ᠪᠠ ᠤᠶᠤᠨ ᠰᠠᠨᠠᠭᠠᠨ ᠤ | ᠪᠠᠶᠢᠳᠠᠯ ᠢᠶᠠᠨ ᠰᠢᠯᠭᠠᠨ ᠪᠠᠶᠢᠴᠠᠭᠠᠵᠤ᠂ ᠵᠦᠪ ᠶᠢᠷᠳᠢᠨᠴᠤ ᠶᠢᠨ ᠦᠵᠡᠯᠳᠠ᠂ ᠠᠮᠢᠳᠤᠷᠠᠬᠤᠢ ᠶᠢᠨ ᠦᠵᠡᠯᠳᠠ᠂ | ᠦᠷᠳᠡᠭ ᠤᠨ ᠦᠵᠡᠯᠳᠠ ᠪᠠ ᠡᠷᠭᠡ ᠶᠢᠨ ᠦᠵᠡᠯᠳᠠ᠂ ᠵᠠᠰᠠᠭ ᠤᠨ ᠠᠮᠵᠢᠯᠳᠠ ᠶᠢᠨ ᠦᠵᠡᠯᠳᠠ᠂ ᠠᠵᠢᠯ ᠦᠢᠯᠡᠰ ᠤᠨ | ᠦᠵᠡᠯᠳᠠ ᠶᠢ ᠪᠠᠳᠤ ᠪᠤᠢ ᠪᠤᠯᠭᠠᠵᠤ᠂ ᠦᠪᠡᠷ ᠤᠨ ᠢᠶᠠᠨ ᠰᠡᠳᠬᠢᠬᠦᠢ ᠶᠢᠨ ᠠᠷᠭ᠎ᠠ ᠬᠡᠯᠪᠡᠷᠢ ᠪᠡ ᠤᠶᠤᠨ ᠰᠠᠨᠠᠭᠠᠨ ᠤ | ᠶᠢᠷᠳᠢᠨᠴᠤ ᠪᠠᠨ ᠠᠵᠢᠯ ᠦᠢᠯᠡᠰ ᠤᠨ ᠬᠦᠭᠵᠢᠯᠳᠠ ᠶᠢᠨ ᠭᠡᠷᠡᠭᠴᠡᠭᠡ ᠯᠦᠭᠡ ᠨᠡᠩ ᠰᠠᠶᠢᠨ ᠲᠤᠬᠢᠷᠠᠯᠴᠠᠭᠤᠯᠬᠤ ᠭᠡᠷᠡᠭᠳᠠᠢ | ᠃ ᠦᠨᠡᠨ ᠠᠴᠠ ᠵᠦᠪ ᠢ ᠡᠷᠢᠬᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠤ᠂ ᠪᠤᠳᠠᠳᠠᠢ ᠠᠴᠠ | ᠡᠬᠦᠰᠴᠤ ᠠᠵᠢᠯ ᠦᠢᠯᠡᠰ ᠪᠠ ᠠᠵᠢᠯ ᠢᠶᠠᠨ ᠲᠦᠯᠦᠪᠵᠢᠬᠦᠯᠤᠨ᠂ ᠠᠷᠭ᠎ᠠ ᠤᠬᠠᠭᠠᠨ᠂ ᠲᠦᠷᠦ ᠶᠢᠨ ᠪᠤᠳᠤᠯᠭ᠎ᠠ᠂ | ᠲᠦᠰᠦᠯ ᠳᠤᠷᠠᠳᠬᠤ ᠳᠠᠭᠠᠨ ᠪᠤᠳᠠᠳᠤ ᠪᠠᠶᠢᠳᠠᠯ ᠲᠠᠢ ᠨᠠᠶᠢᠴᠠᠬᠦᠯᠵᠤ᠂ ᠪᠤᠰᠤᠳᠴᠢ ᠵᠢᠮ᠎ᠡ ᠶᠤᠰᠤ ᠲᠠᠢ ᠨᠡᠶᠢᠴᠡᠬᠦᠯᠤᠨ | ᠂ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠲᠠᠢ ᠨᠡᠶᠢᠴᠡᠬᠦᠯᠵᠤ᠂ ᠪᠦᠳᠦᠭᠡᠯᠴᠢ ᠴᠢᠨᠠᠷᠳᠠᠢ ᠠᠵᠢᠯ ᠢᠶᠠᠷ ᠨᠠᠮ ᠤᠨ | ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠶᠢᠵᠢᠭᠤᠯᠬᠤ ᠭᠡᠷᠡᠭᠳᠠᠢ᠃ ᠦᠨᠡᠨ ᠬᠦ | ᠠᠳᠬᠤᠵᠤ ᠪᠤᠳᠠᠳᠠᠢ ᠠᠵᠢᠯᠯᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠠᠯᠢᠪᠠ ᠠᠵᠢᠯ ᠢ ᠪᠤᠳᠠᠳᠠᠢ | ᠬᠢᠵᠤ᠂ ᠪᠤᠳᠠᠳᠠᠢ ᠦᠷ᠎ᠡ ᠪᠦᠳᠦᠮᠵᠢ ᠭᠠᠷᠭᠠᠬᠤ ᠬᠡᠷᠡᠭᠲᠡᠢ᠂ ᠲᠡᠭᠡᠭᠦᠷ ᠰᠠᠨᠠᠭᠠᠷᠬᠠᠵᠤ᠂ ᠪᠤᠳᠠᠳᠤ ᠪᠠᠶᠢᠳᠠᠯ ᠡᠴᠠᠰᠠᠯᠵᠤ | ᠪᠤᠯᠬᠤ ᠦᠭᠡᠢ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠬᠦ ᠭᠡᠷᠡᠭᠳᠠᠢ᠃ ᠰᠢᠳᠤᠷᠭᠤ ᠬᠦᠮᠦᠨ | ᠪᠤᠯᠬᠤ᠂ ᠦᠨᠡᠨᠴᠢ ᠦᠭᠡ ᠬᠡᠯᠡᠬᠦ᠂ ᠶᠠᠪᠤᠳᠠᠯ ᠢ ᠰᠢᠳᠤᠷᠭᠤ ᠬᠢᠬᠦ ᠪᠠᠷ ᠠᠮᠢᠳᠤᠷᠠᠬᠤᠢ ᠶᠢᠨ ᠵᠢᠷᠤᠮᠯᠠᠯ ᠪᠤᠯᠭᠠᠬᠤ | ᠭᠡᠷᠡᠭᠳᠠᠢ᠂ ᠢᠩᠭᠢᠪᠡᠯ ᠰᠠᠶ᠋ᠢ ᠦᠨᠡᠨ ᠬᠦ ᠯᠠᠪᠳᠠᠭᠤᠨ ᠪᠠᠲᠤᠲᠠᠢ ᠬᠤᠯᠠ ᠠᠶᠠᠯᠠᠵᠤ ᠴᠢᠳᠠᠨ᠎ᠡ ᠭᠡᠵᠤ ᠵᠢᠭᠠᠵᠤ ᠭᠠᠷᠭᠠᠪᠠ | ᠃ | ᠰᠢ ᠶᠢᠨ ᠫᠢᠩ᠂ ᠠᠷᠠᠳ ᠲᠦᠮᠡᠨ ᠪᠤᠯ ᠮᠠᠨ ᠤ ᠨᠠᠮ ᠤᠨ ᠬᠦᠴᠤᠨ ᠴᠢᠳᠠᠯ ᠤᠨ ᠡᠬᠢ ᠪᠤᠯᠠᠬ ᠮᠦᠨ᠂ ᠮᠠᠨ ᠤ | ᠨᠠᠮ ᠤᠨ ᠦᠨᠳᠤᠰᠤ ᠰᠠᠭᠤᠷᠢ ᠠᠷᠠᠳ ᠲᠦᠮᠡᠨ ᠳᠤ ᠪᠤᠢ᠂ ᠠᠮᠢᠨ ᠰᠤᠳᠠᠰᠤ ᠠᠷᠠᠳ ᠲᠦᠮᠡᠨ ᠳᠤ ᠪᠤᠢ᠂ ᠡᠷᠬᠡᠪᠰᠢ | ᠠᠷᠠᠳ ᠲᠦᠮᠡᠨ ᠢ ᠰᠡᠳᠬᠢᠯ ᠵᠢᠷᠦᠭᠡᠨ ᠳᠡᠭᠡᠨ ᠳᠡᠭᠡᠳᠦᠯᠡᠵᠦ᠂ ᠢᠮᠠᠬᠳᠠ ᠤᠯᠠᠨ ᠲᠦᠮᠡᠨ ᠤ ᠪᠤᠳᠤᠵᠦ ᠪᠠᠶᠢᠭ᠎ᠠ | ᠵᠦᠢᠯ ᠢ ᠪᠤᠳᠤᠯᠬᠢᠯᠠᠬᠤ ᠭᠡᠷᠡᠭᠲᠡᠢ᠃ ᠡᠪ ᠬᠠᠮᠳᠤ ᠨᠠᠮ ᠤᠨ ᠺᠠᠳ᠋ᠷ ︽ᠠᠷᠠᠳ ᠲᠦᠮᠡᠨ ᠤ ᠲᠠᠷᠤᠭ᠎ᠠ ᠪᠤᠯᠬᠤ ︾ ᠶᠢ | ᠪᠠᠷᠢᠮᠳᠠᠯᠠᠵᠤ᠂ ᠦᠪᠡᠷ ᠢ ᠪᠠᠨ ᠪᠠᠰᠠ ᠡᠬᠡᠯ ᠠᠷᠠᠳ ᠢᠶᠠᠷ ᠦᠵᠡᠬᠦ ᠭᠡᠷᠡᠭᠲᠡᠢ᠂ ᠬᠠᠷᠢᠨ ᠲᠠᠷᠤᠭ᠎ᠠ ᠪᠤᠯᠤᠭᠠᠳ ᠯᠤᠤᠶᠧ | ᠪᠤᠯᠬᠤ ᠶᠢ ᠪᠤᠳᠤᠵᠦ ᠪᠤᠯᠬᠤ ᠦᠭᠡᠢ᠂ ᠡᠨᠡ ᠲᠠᠯ᠎ᠠ ᠪᠠᠷ ᠵᠠᠯᠠᠭᠤ ᠺᠠᠳ᠋ᠷᠴᠤᠳ ᠡᠬᠢᠨ ᠠᠴᠠ ᠪᠠᠨ ᠳᠤᠳᠤᠷᠬᠠᠢ ᠮᠡᠳᠡᠵᠦ᠂ | ᠨᠠᠰᠤᠨ ᠲᠤᠷᠰᠢᠳᠠ ᠪᠠᠳᠤ ᠴᠡᠬᠡᠵᠢᠯᠡᠬᠦ ᠭᠡᠷᠡᠭᠳᠠᠢ᠃ ᠵᠠᠯᠠᠭᠤ ᠺᠠᠳ᠋ᠷᠴᠤᠳ ᠪᠠᠶ᠎ᠠ ᠲᠤᠬᠳᠠᠨᠢᠵᠦ ᠨᠡᠶᠢᠬᠡᠮ ᠲᠡᠭᠡᠷ᠎ᠠ | ᠭᠠᠷᠬᠤ ᠭᠡᠰᠡᠨ ᠦᠭᠡᠢ ᠡᠰᠡᠬᠦᠯ᠎ᠡ ᠵᠠᠰᠠᠬ ᠪᠠᠷᠢᠵᠤ ᠠᠵᠢᠯ ᠬᠢᠬᠦ ᠬᠡᠰᠡᠨ ᠦᠭᠡᠢ᠂ ᠶᠠᠭᠤᠨ ᠤ ᠤᠷᠢᠳ ︽ᠪᠢ ᠬᠡᠨ | ᠪᠤᠯᠬᠤ᠂ ᠬᠡᠨ ᠤ ᠲᠦᠯᠤᠬᠡ᠂ ᠬᠡᠨ ᠳᠤ ᠲᠦᠰᠢᠭᠯᠡᠬᠦ︾ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ︽ᠠᠮᠢ | ᠪᠠᠶ᠎ᠠ ᠪᠠᠨ ᠪᠤᠳᠤᠬᠤ ᠦᠬᠡᠢ᠂ ᠠᠷᠠᠳ ᠲᠦᠮᠡᠨ ᠳᠤ ᠤᠰᠤᠯᠳᠠᠬᠤ ᠦᠬᠡᠢ︾ ᠵᠤᠷᠢᠬ ᠰᠠᠨᠠᠭᠠᠨ ᠤ ᠠᠬᠤᠢ ᠪᠠᠶᠢᠳᠠᠯ ᠢ | ᠲᠠᠰᠤᠷᠠᠯᠳᠠ ᠦᠬᠡᠢ ᠬᠦᠬᠡᠬᠡᠴᠡᠯᠳᠤᠬᠦ ᠭᠡᠷᠡᠭᠳᠠᠢ᠃ ᠠᠷᠠᠳ ᠲᠦᠮᠡᠨ ᠢᠶᠠᠷ ᠪᠠᠭᠰᠢ ᠪᠤᠯᠭᠠᠵᠤ᠂ ᠲᠤᠷᠠᠲᠠᠶ᠎ᠠ ᠪᠠᠭ᠎ᠠ | ᠰᠤᠷᠤᠬᠴᠢ ᠪᠤᠯᠵᠤ᠂ ᠢᠯᠠᠩᠭᠤᠶ᠎ᠠ ᠢᠯᠡᠬᠦᠤ ᠬᠡᠳᠤᠨ ᠰᠡᠳᠬᠢᠯ ᠤᠨ ᠦᠬᠡ ᠪᠠᠨ ᠶᠠᠷᠢᠬᠤ ᠦᠨᠳᠤᠰᠤᠨ ᠱᠠᠳᠤᠨ ᠤ | ᠨᠠᠶᠢᠵᠠ ᠲᠠᠢ ᠨᠠᠶᠢᠵᠠᠯᠠᠪᠠᠯ ᠰᠠᠶ᠋ᠢ ᠦᠨᠡᠨ ᠪᠠᠶᠢᠳᠠᠯ ᠢ ᠤᠶᠢᠢᠯᠠᠭᠠᠬᠤ ᠳᠤ ᠠᠰᠢᠬᠳᠠᠢ᠂ ᠠᠵᠢᠯ ᠢᠶᠠᠨ ᠰᠠᠶᠢᠳᠤᠷ | ᠬᠢᠬᠦ ᠳᠤ ᠠᠰᠢᠬᠳᠠᠢ ᠶᠤᠮ᠃ ᠮᠠᠨ ᠤ ᠨᠠᠮ ᠤᠨ ᠠᠷᠠᠳ ᠲᠦᠮᠡᠨ ᠳᠤ ᠠᠵᠠ ᠵᠢᠷᠭᠠᠯ ᠤᠯᠭᠤᠵᠤ᠂ ᠦᠨᠳᠦᠰᠦᠳᠡᠨ ᠤ | ᠰᠡᠷᠬᠦᠨ ᠮᠠᠨᠳᠤᠯᠳᠠ ᠶᠢ ᠪᠡᠶᠡᠯᠡᠬᠦᠯᠬᠦ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠶᠢ ᠪᠡᠳᠤ ᠴᠡᠬᠡᠵᠢᠯᠠᠵᠤ᠂ ᠨᠠᠮ ᠤᠨ | ᠠᠷᠠᠳ ᠲᠦᠮᠡᠨ ᠤ ᠲᠦᠯᠤᠬᠡ ᠪᠦᠬᠦ ᠰᠡᠳᠬᠢᠯ ᠪᠦᠬᠦ ᠵᠤᠷᠢᠬ ᠢᠶᠠᠷ ᠢᠶᠠᠨ ᠤᠶᠢᠢᠯᠡᠴᠢᠯᠡᠬᠦ ᠦᠨᠳᠤᠰᠤᠨ ᠵᠤᠷᠢᠯᠳᠠ ᠶᠢ | ᠢᠮᠠᠬᠳᠠ ᠪᠠᠳᠤ ᠰᠠᠬᠢᠵᠦ᠂ ᠦᠪ ᠦᠨᠡᠨ ᠰᠠᠨᠠᠭ᠎ᠠ ᠰᠡᠳᠬᠢᠯᠭᠡ ᠲᠠᠢ ᠪᠠᠷ ᠤᠯᠠᠨ ᠲᠦᠮᠡᠨ ᠤ ︽ᠪᠠᠴᠢᠮᠲᠠᠵᠤ | ᠪᠡᠷᠬᠡᠲᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ᠤᠯᠠᠨ ᠲᠦᠮᠡᠨ ᠳᠤ ᠨᠡᠩ | ᠤᠯᠠᠨ᠂ ᠨᠡᠩ ᠰᠢᠭᠤᠳ᠂ ᠨᠡᠩ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠤᠯᠭᠤᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠡᠪ ᠬᠠᠮᠳᠤᠴᠤᠳ ᠦᠪᠡᠷ ᠤᠨ ᠰᠢᠬᠦᠮᠵᠢᠯᠠᠯ ᠦᠷᠨᠢᠬᠦᠯᠵᠤ ᠪᠠᠶᠢᠭ᠎ᠠ ᠶᠢᠨ ᠦᠨᠳᠤᠰᠤᠨ | ᠬᠦᠳᠡᠯᠬᠡᠬᠦ ᠬᠦᠴᠤᠨ ᠨᠢ ᠨᠠᠮᠴᠢ ᠴᠢᠨᠠᠷ ᠠᠴᠠ ᠢᠷᠡᠵᠤ᠂ ᠨᠠᠮ ᠪᠤᠯᠤᠨ ᠠᠷᠠᠳ ᠲᠦᠮᠡᠨ ᠤ ᠤᠶᠢᠢᠯᠡᠰ ᠲᠤ ᠲᠡᠭᠡᠳᠤ | ᠬᠡᠮᠵᠢᠶ᠎ᠠ ᠪᠠᠷ ᠬᠠᠷᠢᠭᠤᠴᠠᠬᠤ ᠵᠤᠷᠢᠭ ᠰᠠᠨᠠᠭᠠᠨ ᠠᠴᠠ ᠢᠷᠡᠯᠳᠠᠢ᠃ ᠵᠠᠯᠠᠭᠤ ᠺᠠᠳ᠋ᠷᠴᠤᠳ︽ᠦᠪᠡᠷ ᠢ ᠪᠠᠨ ᠴᠢᠩᠭ᠎ᠠ | ᠬᠢᠵᠠᠭᠠᠷᠯᠠᠵᠤ᠂ ᠬᠦᠷᠦᠯᠴᠡᠬᠦ ᠦᠭᠡᠢ ᠲᠠᠯ᠎ᠠ ᠭᠠᠷᠬᠤ ᠠᠴᠠ ᠬᠢᠴᠢᠶᠡᠬᠦ︾ ᠤᠬᠠᠮᠰᠠᠷ ᠢᠶᠠᠷ ᠦᠷᠬᠦᠯᠵᠢ ᠨᠠᠮ ᠤᠨ ᠤᠨᠤᠯ | ᠂ ᠨᠠᠮ ᠤᠨ ᠲᠦᠷᠢᠮ ᠨᠠᠮ ᠤᠨ ᠲᠤᠭᠳᠠᠭᠠᠯ ᠨᠠᠮ ᠤᠨ ᠰᠠᠬᠢᠯᠭ᠎ᠠ ᠪᠠᠳᠤ ᠲᠠᠢ ᠬᠠᠷᠭᠤᠭᠤᠯᠵᠤ᠂ ᠤᠬ ᠰᠠᠨᠠᠭ᠎ᠠ ᠡᠬᠦᠷᠬᠡ | ᠬᠠᠷᠢᠭᠤᠴᠠᠯᠭ᠎ᠠ ᠲᠠᠢ ᠬᠠᠷᠭᠤᠭᠤᠯᠵᠤ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ | ᠬᠠᠷᠭᠤᠭᠤᠯᠵᠤ᠂ ᠦᠪᠡᠷ ᠤᠨ ᠪᠠᠶ᠎ᠠ ᠲᠡᠭᠡᠷᠡᠬᠢ ᠲᠤᠳᠠᠬᠳᠠᠯ ᠪᠤᠯᠤᠨ ᠬᠦᠷᠤᠯᠴᠡᠬᠦ ᠦᠬᠡᠢ ᠲᠠᠯ᠎ᠠ ᠪᠠᠨ | ᠰᠠᠨᠠᠭᠠᠴᠢᠯᠠᠭ᠎ᠠ ᠠᠴᠠ ᠪᠠᠨ ᠡᠷᠢᠨ ᠪᠠᠶᠢᠴᠠᠭᠠᠵᠤ᠂ ᠵᠤᠷᠢᠬᠳᠠᠢ ᠵᠠᠯᠠᠷᠠᠭᠤᠯᠬᠤ ᠭᠡᠷᠡᠭᠳᠠᠢ᠃ ᠨᠠᠮ᠂ ᠠᠵᠢᠯ ᠤᠶᠢᠢᠯᠡᠰ᠂ | ᠨᠦᠬᠦᠳ ᠲᠡᠭᠡᠨ ᠲᠡᠭᠡᠳᠤ ᠬᠡᠮᠵᠢᠶ᠎ᠠ ᠪᠠᠷ ᠬᠠᠷᠢᠭᠤᠴᠠᠬᠤ ᠵᠤᠷᠢᠬ ᠰᠠᠨᠠᠭ᠎ᠠ ᠪᠠᠷ ᠵᠤᠷᠢᠬᠳᠠᠢ ᠰᠢᠬᠦᠮᠵᠢᠯᠠᠯ ᠦᠷᠨᠢᠬᠦᠯᠵᠤ᠂ | ᠨᠦᠬᠦᠳ ᠢᠶᠠᠨ ᠬᠠᠪᠰᠤᠷᠤᠨ ᠲᠤᠳᠠᠬᠳᠠᠯ ᠢ ᠨᠢ ᠡᠷᠢᠨ ᠭᠠᠷᠭᠠᠵᠤ᠂ ᠠᠯᠳᠠᠭ᠎ᠠ ᠪᠤᠷᠤᠭᠤ ᠶᠢ ᠨᠢ ᠵᠠᠯᠠᠷᠠᠭᠤᠯᠵᠤ᠂ | ᠨᠦᠬᠦᠳ ᠲᠠᠢ ᠪᠠᠨ ᠪᠦᠯᠬᠦᠮᠳᠡᠨ ᠬᠠᠮᠳᠤ ᠪᠠᠷ ᠲᠠᠪᠰᠢᠬᠤ ᠭᠡᠷᠡᠭᠳᠠᠢ᠃ ᠲᠠᠷᠤᠤ ᠬᠢᠴᠢᠶᠠᠩᠬᠦᠢ ᠪᠠᠷ ᠰᠢᠬᠦᠮᠵᠢᠯᠠᠯ ᠢ | ᠬᠦᠯᠢᠶᠠᠨ ᠠᠪᠬᠤ ᠪᠠᠭᠲᠠᠭᠠᠮᠵᠢᠲᠠᠢ ᠬᠡᠭᠦᠳᠡᠭ ᠴᠡᠭᠡᠵᠢ ᠲᠠᠢ ᠪᠤᠯᠵᠤ᠂ ᠠᠭᠤᠵᠢᠭᠤ ᠪᠤᠳᠤᠯ ᠡᠪᠤᠷᠳᠤᠯᠠᠵᠤ᠂ ᠴᠢᠩ | ᠰᠡᠳᠬᠢᠯ ᠠᠴᠠ ᠪᠠᠨ ᠬᠦᠯᠢᠶᠠᠨ ᠠᠪᠴᠤ᠂ ᠪᠠᠶᠢᠪᠠᠯ ᠵᠠᠯᠠᠷᠠᠭᠤᠯᠵᠤ᠂ ᠦᠬᠡᠢ ᠪᠤᠯ ᠬᠢᠴᠢᠶᠠᠬᠦ ᠭᠡᠷᠡᠭᠳᠠᠢ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠵᠤᠷᠢᠭᠳᠠᠢ ᠲᠡᠮᠡᠴᠡᠬᠦ ᠪᠤᠯ ᠮᠠᠨ ᠤ ᠨᠠᠮ ᠤᠨ ᠢᠯᠠ ᠳᠤᠳᠤ ᠬᠡᠪ ᠰᠤᠷᠳᠠᠯ ᠪᠤᠯᠤᠨ᠎ᠠ᠃ ᠮᠠᠨ ᠤ ᠨᠠᠮ | ᠲᠡᠮᠡᠴᠡᠯ ᠢᠶᠠᠷ ᠲᠠᠮᠵᠢᠨ ᠦᠨᠤᠳᠤᠷ ᠲᠤ ᠬᠦᠷᠴᠤ ᠢᠷᠠᠵᠠᠢ᠂ ᠯᠠᠪᠳᠠᠢ ᠲᠡᠮᠡᠴᠡᠯ ᠢᠶᠠᠷ ᠲᠠᠮᠵᠢᠨ ᠰᠠᠷᠠᠭᠤᠯ | ᠢᠷᠡᠬᠡᠳᠤᠢ ᠪᠠᠨ ᠴᠤᠬᠴᠠᠯᠠᠬᠤ ᠶᠤᠮ᠃ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ | ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠵᠤ᠂ ᠰᠢᠨ᠎ᠠ ᠬᠦᠭᠵᠢᠯᠳᠠ ᠶᠢᠨ ᠱᠠᠳᠤᠨ ᠳᠤ ᠰᠠᠭᠤᠷᠢᠯᠠᠵᠤ᠂ | ᠰᠢᠨ᠎ᠠ ᠬᠦᠭᠵᠢᠯᠳᠠ ᠶᠢᠨ ᠤᠶᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ | ᠪᠠᠶᠢᠭᠤᠯᠬᠤ ᠳᠤ ᠲᠤᠯᠭᠠᠷᠠᠬᠤ ᠠᠶᠤᠯ ᠲᠦᠭᠰᠢᠬᠦᠷᠢ ᠪᠤᠯᠤᠨ ᠰᠢᠯᠭᠠᠯᠳᠠ ᠦᠩᠬᠡᠷᠡᠭᠰᠡᠨ ᠠᠴᠠ ᠦᠴᠤᠬᠡᠨ ᠴᠤ | ᠳᠤᠳᠠᠭᠤ ᠦᠬᠡᠢ ᠶᠤᠮ᠃ ᠵᠠᠯᠠᠭᠤ ᠺᠠᠳ᠋ᠷᠴᠤᠳ ᠤᠬᠠᠮᠰᠠᠷ ᠠᠴᠠ ᠪᠠᠨ ᠲᠡᠮᠡᠴᠡᠯ ᠬᠢᠬᠦ ᠪᠤᠯᠪᠠᠰᠤᠷᠠᠯ ᠢᠶᠠᠨ | ᠴᠢᠩᠭᠠᠳᠬᠠᠵᠤ᠂ ᠲᠡᠮᠡᠴᠡᠯ ᠤᠨ ᠲᠤᠮᠳᠠ ᠲᠡᠮᠡᠴᠡᠯ ᠬᠢᠬᠦ ᠶᠢ ᠰᠤᠷᠴᠤ᠂ ᠲᠡᠮᠡᠴᠡᠯ ᠤᠨ ᠲᠤᠮᠳᠠ ᠦᠰᠤᠨ ᠪᠤᠶᠢᠵᠢᠵᠤ | ᠦᠪᠡᠷ ᠢ ᠪᠠᠨ ᠲᠡᠭᠡᠭᠰᠢᠯᠡᠭᠦᠯᠵᠤ᠂ ᠵᠤᠷᠢᠬᠳᠠᠢ ᠲᠡᠮᠡᠴᠡᠬᠦ᠂ ᠴᠢᠳᠠᠮᠠᠭᠠᠢ ᠲᠡᠮᠡᠴᠡᠬᠦ ᠪᠠᠭᠠᠳᠤᠷ ᠪᠤᠯᠬᠤ ᠪᠠᠷ ᠴᠢᠷᠮᠠᠶᠢᠬᠤ | ᠭᠡᠷᠡᠭᠳᠠᠢ᠃ ᠲᠡᠮᠡᠴᠡᠯ ᠤᠨ ᠵᠤᠷᠢᠬ ᠢᠶᠠᠨ ᠡᠷᠴᠢᠯᠠᠵᠤ᠂ ᠰᠢᠨᠲᠠᠷᠠᠰᠢ ᠦᠬᠡᠢ ᠲᠡᠮᠡᠴᠡᠵᠤ᠂ ᠴᠤᠴᠠᠯᠳᠠ ᠦᠬᠡᠢ | ᠤᠷᠤᠬᠰᠢᠯᠠᠬᠤ ᠭᠡᠷᠡᠭᠲᠡᠢ᠂ ᠶᠠᠭᠠᠬᠢᠬᠰᠠᠨ ᠴᠤ ᠵᠢᠭᠠᠬᠠᠨ ᠨᠤᠭᠤᠷᠠᠯ ᠪᠦᠳᠤᠷᠢᠯ ᠳᠤ ᠤᠴᠠᠷᠠᠭᠰᠠᠭᠠᠷ ᠲᠠᠷᠤᠢ | ᠤᠬᠤᠷᠢᠵᠤ ᠪᠤᠯᠬᠤ ᠦᠬᠡᠢ᠂ ᠬᠦᠴᠢᠷᠳᠠᠯ ᠲᠤᠯᠭᠠᠷᠠᠬᠰᠠᠭᠠᠷ ᠲᠠᠷᠤᠢ ᠬᠤᠶᠢᠰᠢ ᠤᠬᠤᠷᠢᠵᠤ ᠪᠤᠯᠬᠤ ᠦᠬᠡᠢ᠃ | ᠲᠡᠮᠡᠴᠡᠯ ᠬᠢᠬᠦ ᠳᠤ ᠴᠢᠳᠠᠮᠠᠭᠠᠶᠢᠢᠷᠠᠵᠦ᠂ ᠲᠡᠮᠡᠴᠡᠯ ᠬᠢᠵᠤ ᠴᠢᠳᠠᠬᠤ ᠭᠡᠷᠡᠭᠳᠠᠢ᠂ ᠪᠠᠭ᠎ᠠ ᠠᠴᠠ ᠶᠡᠭᠡ ᠶᠢ ᠮᠡᠳᠡᠬᠦ | ᠴᠢᠳᠠᠪᠤᠷᠢ ᠪᠠᠨ ᠲᠡᠭᠡᠭᠰᠢᠯᠡᠬᠦᠯᠵᠤ᠂ ᠦᠵᠡᠭᠳᠡᠯ ᠠᠴᠠ ᠮᠦᠨ ᠴᠢᠨᠠᠷ ᠢ ᠨᠡᠪᠳᠡ ᠦᠵᠡᠨ ᠭᠠᠷᠴᠤ᠂ ᠬᠤᠪᠢᠷᠠᠯᠳᠠ ᠶᠢ | ᠤᠨᠤᠴᠠᠳᠠᠢ ᠢᠯᠭᠠᠨ ᠲᠠᠨᠢᠵᠤ᠂ ᠬᠤᠪᠢᠷᠠᠯᠳᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠤ᠂ ᠠᠵᠠ ᠲᠤᠬᠢᠶᠠᠯ ᠢ ᠠᠵᠢᠵᠤ᠂ ᠠᠰᠢᠭᠲᠠᠢ ᠲᠠᠯ᠎ᠠ ᠶᠢ | ᠡᠵᠡᠮᠲᠡᠨ ᠠᠰᠢᠭ ᠦᠭᠡᠢ ᠲᠠᠯ᠎ᠠ ᠠᠴᠠ ᠨᠢ ᠵᠠᠶᠢᠯᠠᠬᠤ ᠭᠡᠷᠡᠭᠳᠠᠢ᠃ ᠪᠠᠶᠢᠯᠳᠤᠬᠤ ᠪᠤᠳᠤᠯᠭ᠎ᠠ ᠶᠢᠨ ᠲᠦᠰᠦᠪᠯᠡᠯ ᠢ | ᠴᠢᠩᠭᠠᠳᠬᠠᠵᠤ᠂ ᠶᠡᠭᠡ ᠬᠠᠨᠳᠤᠰᠢ ᠶᠡᠭᠡ ᠪᠠᠶᠢᠳᠠᠯ ᠢ ᠡᠵᠡᠮᠳᠡᠵᠤ᠂ ᠭᠤᠤᠯ ᠵᠦᠷᠢᠴᠡᠯ ᠪᠤᠯᠤᠨ ᠵᠦᠷᠢᠴᠡᠯ ᠤᠨ ᠭᠤᠤᠯ | ᠲᠠᠯ᠎ᠠ ᠶᠢ ᠠᠳᠬᠤᠵᠤ᠂ ᠬᠦᠨᠳᠤ ᠬᠦᠩᠬᠡᠨ ᠠᠯᠭᠤᠷ ᠪᠠᠴᠢᠮ ᠢ ᠢᠯᠭᠠᠵᠤ᠂ ᠰᠢᠨᠵᠢᠯᠡᠬᠦ ᠤᠬᠠᠭᠠᠨᠴᠢ ᠪᠠᠷ ᠴᠡᠷᠢᠭ | ᠲᠤᠮᠢᠯᠠᠵᠤ ᠵᠢᠬᠰᠠᠭᠠᠯ ᠵᠢᠬᠰᠠᠵᠤ᠂ ᠲᠡᠮᠡᠴᠡᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠬᠦ ᠭᠡᠷᠡᠭᠳᠠᠢ᠃ ᠬᠤᠷᠢᠭ᠎ᠠ | ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠤᠭᠳᠠᠬᠰᠠᠨ ᠬᠤᠭᠤᠴᠠᠭ᠎ᠠ ᠪᠠᠷ ᠠᠶᠤᠯ ᠲᠦᠭᠰᠢᠬᠦᠷᠢ ᠲᠠᠢ ᠬᠦᠴᠤᠨ | ᠵᠦᠢᠯ ᠳᠤ ᠪᠦᠬᠦ ᠲᠠᠯ᠎ᠠ ᠶᠢᠨ ᠵᠢᠬᠰᠠᠭᠠᠨ ᠪᠠᠶᠢᠴᠠᠭᠠᠯᠳᠠ ᠬᠢᠬᠦ ᠭᠡᠷᠡᠭᠳᠠᠢ᠃ ᠬᠠᠯᠠ ᠦᠵᠡᠵᠤ ᠬᠠᠰᠢᠷ ᠪᠤᠯᠵᠤ᠂ | ᠡᠬᠦᠨ ᠠᠴᠠ ᠲᠡᠬᠦᠨ ᠳᠤ ᠬᠦᠷᠴᠤ᠂ ᠨᠢᠬᠡ ᠠᠴᠠ ᠵᠦᠢᠴᠢᠯᠠᠵᠤ ᠨᠦᠬᠦᠬᠡ ᠶᠢ ᠮᠡᠳᠡᠵᠤ᠂ ᠲᠡᠮᠡᠴᠡᠯ ᠤᠨ ᠵᠢᠩᠬᠢᠨᠢ | ᠴᠢᠳᠠᠪᠤᠷᠢ᠂ ᠵᠢᠩᠬᠢᠨᠢ ᠡᠷᠳᠡᠮ ᠢ ᠪᠤᠯᠪᠠᠰᠤᠷᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠯᠠᠭᠤ ᠺᠠᠳ᠋ᠷᠴᠤᠳ ᠰᠢᠷᠭᠠᠭᠤ ᠬᠠᠳᠠᠭᠤᠵᠢᠯᠳᠠᠢ ᠲᠡᠮᠡᠴᠡᠬᠦ ᠪᠤᠤᠬᠢᠶ᠎ᠠ ᠶᠢ ᠲᠤᠰᠤᠨ ᠠᠪᠴᠤ᠂ | ᠴᠤᠴᠠᠯᠳᠠ ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠶᠢᠳᠠᠯ ᠪᠤᠯᠤᠨ ᠦᠨᠢᠳᠠ ᠰᠤᠯᠠᠷᠠᠰᠢ ᠦᠬᠡᠢ ᠤᠶᠤᠨ | ᠰᠠᠨᠠᠭᠠᠨ ᠤ ᠲᠦᠷᠢ ᠪᠠᠶᠢᠳᠠᠯ ᠢᠶᠠᠷ ᠬᠦᠨᠳᠤ ᠡᠬᠦᠷᠬᠡ ᠶᠢ ᠵᠤᠷᠢᠬᠳᠠᠢ ᠡᠬᠦᠷᠬᠡᠯᠠᠵᠤ᠂ ᠬᠠᠳᠠᠭᠤᠵᠢᠯᠳᠠᠢ ᠬᠢᠵᠤ ᠪᠤᠳᠠᠳᠠᠢ | ᠬᠢᠵᠤ᠂ ᠰᠢᠨ᠎ᠠ ᠴᠠᠬ ᠦᠶ᠎ᠡ ᠶᠢᠨ ᠰᠢᠨ᠎ᠠ ᠠᠶᠠᠨ ᠳᠤ ᠨᠠᠮ ᠳᠠᠭᠠᠨ ᠵᠢᠳᠬᠦᠵᠤ ᠤᠯᠤᠰ ᠲᠠᠭᠠᠨ ᠡᠷᠬᠦᠬᠦ ᠲᠡᠮᠡᠴᠡᠯ ᠤᠨ | ᠤᠯᠠ ᠮᠦᠷ ᠢ ᠦᠯᠡᠳᠡᠬᠡᠬᠦ ᠭᠡᠷᠡᠭᠳᠠᠢ᠃ ᠠᠷᠪᠢᠴᠢ ᠪᠤᠷᠤᠭᠵᠢᠭᠤᠨ ᠢ ᠡᠷᠬᠢᠮᠯᠡᠵᠦ᠂ ᠱᠠᠯᠢᠨ ᠪᠦᠷᠢᠯᠬᠡᠬᠦ ᠶᠢ ᠡᠷᠡᠰ | ᠴᠡᠬᠡᠷᠯᠡᠬᠦ ᠪᠤᠯ ᠮᠠᠨ ᠤ ᠨᠠᠮ ᠤᠨ ᠡᠷᠬᠢᠮ ᠨᠠᠨᠳᠢᠨ ᠤᠯᠠᠮᠵᠢᠯᠠᠯ ᠪᠤᠯᠤᠨ᠎ᠠ᠃ ᠤᠳᠤ᠂ ᠮᠠᠨ ᠤ ᠠᠮᠢᠳᠤᠷᠠᠯ ᠤᠨ | ᠨᠦᠬᠦᠴᠠᠯ ᠰᠠᠶᠢᠵᠢᠷᠠᠵᠠᠢ᠂ ᠬᠡᠪᠡᠴᠤ ᠲᠡᠰᠪᠦᠷᠢ ᠬᠠᠳᠠᠭᠤᠵᠢᠯᠳᠠᠢ ᠲᠡᠮᠡᠴᠡᠬᠦ ᠵᠤᠷᠢᠬ ᠰᠠᠨᠠᠭ᠎ᠠ ᠶᠢ ᠦᠷᠬᠦᠯᠵᠢᠯᠠᠨ | ᠪᠠᠷᠢᠮᠳᠠᠯᠠᠵᠤ᠂ ᠡᠷᠭᠡᠪᠰᠢ ᠠᠵᠢᠯᠴᠢ ᠠᠷᠪᠢᠴᠢ ᠪᠠᠷ ᠪᠠᠶ᠎ᠠ ᠪᠠᠨ ᠵᠠᠰᠠᠵᠤ᠂ ᠠᠵᠢᠯᠴᠢ ᠠᠷᠪᠢᠴᠢ ᠪᠠᠷ ᠤᠶᠢᠢᠯᠡᠰ ᠢᠶᠠᠨ | ᠮᠠᠨᠳᠤᠭᠤᠯᠵᠤ᠂ ᠠᠷᠪᠢᠯᠠᠨ ᠭᠠᠮᠨᠠᠬᠤ ᠶᠢ ᠡᠷᠬᠢᠮᠨᠠᠵᠤ᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠪᠦᠳᠤᠬᠡᠬᠦ ᠶᠢ | ᠪᠠᠷᠢᠮᠳᠠᠯᠠᠬᠤ ᠭᠡᠷᠡᠭᠳᠠᠢ᠃ ᠵᠠᠯᠠᠭᠤ ᠺᠠᠳ᠋ᠷᠴᠤᠳ ᠴᠠᠬ ᠢᠮᠠᠬᠳᠠ ᠪᠠᠶ᠎ᠠ ᠪᠠᠨ ᠰᠡᠷᠡᠮᠵᠢᠯᠡᠬᠦᠯᠵᠤ᠂ ᠢᠳᠡᠪᠬᠢᠳᠠᠢ ᠡᠷᠡᠬᠦᠯ | ᠰᠠᠷᠠᠭᠤᠯ ᠠᠮᠢᠳᠤᠷᠠᠯ ᠤᠨ ᠲᠠᠳᠬᠠᠯ ᠲᠠᠢ ᠪᠤᠯᠵᠤ᠂ ᠵᠢᠷᠭᠠᠨ ᠴᠡᠩᠬᠡᠬᠦ ᠦᠵᠡᠯ᠂ ᠱᠠᠯᠢᠨ ᠪᠦᠷᠢᠯᠬᠡᠬᠦ ᠰᠤᠷᠳᠠᠯ ᠢ ᠡᠷᠡᠰ | ᠡᠰᠡᠷᠬᠦᠴᠡᠵᠤ᠂ ᠡᠪ ᠬᠠᠮᠳᠤᠴᠤᠳ ᠤᠨ ᠠᠷᠢᠭᠤᠨ ᠴᠢᠬᠡᠴᠢ ᠤᠯᠤᠰ ᠲᠦᠷᠤ ᠶᠢᠨ ᠮᠦᠨ ᠴᠢᠨᠠᠷ ᠢ ᠦᠨᠢᠳᠠ | ᠬᠠᠳᠠᠭᠠᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃ᠴᠧᠨ ᠰᠢ ᠬᠢᠴᠢᠶᠠᠯ ᠡᠬᠢᠯᠡᠬᠦ ᠶᠤᠰᠤᠯᠠᠯ ᠢ ᠡᠷᠬᠢᠯᠠᠵᠤ᠂ ᠰᠢ ᠶᠢᠨ | ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠶᠢ ᠬᠦᠨᠵᠡᠬᠡᠢ ᠰᠤᠷᠤᠯᠴᠠᠬᠤ ᠶᠢ ᠨᠠᠮ ᠤᠨ ᠲᠡᠤᠬᠡ ᠶᠢ ᠰᠤᠷᠤᠯᠴᠠᠬᠤ᠂ ᠰᠢᠨ᠎ᠠ ᠳᠤᠮᠳᠠᠳᠤ ᠤᠯᠤᠰ ᠤᠨ | ᠲᠡᠤᠬᠡ ᠶᠢ ᠰᠤᠷᠤᠯᠴᠠᠬᠤ᠂ ᠦᠬᠡᠷᠡᠴᠢᠯᠠᠯᠳᠠ ᠨᠡᠬᠡᠬᠡᠯᠳᠠ ᠶᠢᠨ ᠲᠡᠤᠬᠡ ᠶᠢ ᠰᠤᠷᠤᠯᠴᠠᠬᠤ᠂ ᠨᠡᠶᠢᠬᠡᠮ ᠵᠢᠷᠤᠮ ᠤᠨ | ᠬᠦᠭᠵᠢᠯᠳᠠ ᠶᠢᠨ ᠲᠡᠤᠬᠡ ᠶᠢ ᠰᠤᠷᠤᠯᠴᠠᠬᠤ ᠲᠠᠢ ᠤᠶᠠᠯᠳᠤᠭᠤᠯᠵᠤ᠂ ᠨᠠᠮ ᠤᠨ ᠤᠨᠤᠯ ᠤᠨ ᠰᠢᠨ᠎ᠠ ᠡᠬᠦᠳᠦᠯᠲᠡ ᠶᠢᠨ | ᠦᠨᠡᠨ ᠶᠤᠰᠤᠨ ᠤ ᠬᠦᠴᠤᠨ᠂ ᠤᠶᠢᠢᠯᠡᠳᠤᠯᠬᠡ ᠶᠢᠨ ᠬᠦᠴᠤᠨ᠂ ᠬᠡᠪ ᠰᠤᠷᠳᠠᠯ ᠤᠨ ᠬᠦᠴᠤᠨ ᠢ ᠬᠦᠨᠵᠡᠬᠡᠢ | ᠤᠶᠢᠢᠯᠠᠭᠠᠵᠤ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠶᠢᠢᠯᠠᠭᠠᠬᠤ ᠴᠢᠳᠠᠪᠤᠷᠢ᠂ | ᠤᠯᠤᠰ ᠲᠦᠷᠤ ᠶᠢᠨ ᠭᠡᠷᠡᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠤ᠂ ᠨᠠᠮ ᠤᠨ ᠢᠷᠠᠭᠤ | ᠠᠯᠳᠠᠷᠳᠤ ᠤᠯᠠᠮᠵᠢᠯᠠᠯ ᠪᠤᠯᠤᠨ ᠰᠢᠯᠢᠳᠡᠭ ᠰᠤᠷᠳᠠᠯ ᠢ ᠰᠤᠷᠤᠯᠴᠠᠨ ᠪᠠᠳᠠᠷᠠᠭᠤᠯᠬᠤ ᠤᠯᠤᠰ ᠲᠦᠷᠤ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠨᠡᠶᠢᠬᠡᠮ ᠵᠢᠷᠤᠮᠳᠤ | ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ᠂ ᠳᠤᠮᠳᠠᠳᠤ ᠶᠢᠨ ᠦᠨᠳᠤᠰᠤᠳᠠᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠤᠬᠡ ᠴᠦᠬᠦᠷᠡᠰᠢ ᠦᠬᠡᠢ | ᠲᠡᠮᠡᠴᠡᠵᠤ᠂ ᠰᠢᠯᠢᠳᠡᠭ ᠬᠢᠷᠢ ᠪᠦᠳᠤᠮᠵᠢ ᠪᠠᠷ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠤᠬᠳᠤᠬᠤ | ᠭᠡᠷᠡᠭᠳᠠᠢ ᠬᠡᠵᠤ ᠢᠯᠡᠳᠬᠡᠪᠡ᠃ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠠᠯ ᠡᠬᠢᠯᠡᠬᠦ ᠶᠤᠰᠤᠯᠠᠯ ᠳᠤ | ᠤᠷᠤᠯᠴᠠᠪᠠ᠃ | 2021 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠬ ᠵᠠᠬᠢᠷᠭᠠᠨ ᠤ ᠲᠡᠭᠡᠳᠤ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ | ᠠᠩᠬᠢ ᠶᠢᠨ ᠰᠤᠷᠤᠯᠭᠠᠳᠠᠳ ᠬᠢᠴᠢᠶᠠᠯ ᠡᠬᠢᠯᠡᠬᠦ ᠶᠤᠰᠤᠯᠠᠯ ᠳᠤ ᠤᠷᠤᠯᠴᠠᠵᠤ᠂ ᠲᠦᠪ ᠤᠨ ᠬᠤᠯᠪᠤᠬᠳᠠᠯ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠢᠴᠢᠶᠠᠯ ᠡᠬᠢᠯᠡᠬᠦ ᠶᠤᠰᠤᠯᠠᠯ ᠳᠤ ᠰᠤᠯᠠ ᠤᠷᠤᠯᠴᠠᠪᠠ᠃ | |