ᠵᠦᠸᠧᠽᠢ ᠰᠢᠶᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠥᠷᠨᠢᠭᠦᠯᠵᠦ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/4/20
   4 ᠰᠠᠷ᠎ᠠ ᠶᠢᠨ 15 ᠤ ᠡᠳᠦᠷ᠂ ᠵᠦᠸᠧᠽᠢ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃        ᠲᠣᠰ ᠤᠳᠠᠭᠠᠨ ᠤ ᠪᠣᠯᠪᠠᠰᠤᠷᠠᠭᠤᠯᠤᠯ ᠳᠤ᠂ ᠵᠦᠸᠧᠽᠢ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠪᠣᠯᠪᠠᠰᠤᠷᠠᠭᠤᠯᠤᠯ ᠤᠨ ᠯᠧᠺᠲ᠋ᠣᠷ ᠢ ᠣᠨᠴᠠᠭᠠᠶᠢᠯᠠᠨ ᠤᠷᠢᠵᠤ᠂ ᠵᠦᠸᠧᠽᠢ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢᠨ ᠪᠣᠯᠪᠠᠰᠤᠷᠠᠭᠤᠯᠤᠯ ᠬᠢᠯᠭᠡᠬᠦ ᠶᠢᠨ ᠬᠠᠮᠲᠤ ᠵᠢᠷᠦᠬᠡ ᠠᠭᠤᠰᠬᠢ ᠶᠢ ᠰᠡᠷᠭᠦᠭᠡᠬᠦ᠂ ᠰᠢᠷᠬ᠎ᠠ ᠶᠢ ᠠᠪᠤᠷᠬᠠᠤ᠂ ᠰᠠᠨᠠᠭᠠᠨ ᠳᠤ ᠥᠬᠡᠶ ᠭᠡᠮᠲᠦᠯ ᠢ ᠰᠢᠢᠳᠪᠦᠷᠢᠯᠡᠬᠦ ᠵᠡᠷᠭᠡ ᠦᠨᠳᠦᠰᠦᠨ ᠤᠷ᠎ᠠ ᠴᠢᠳᠠᠪᠤᠷᠢ ᠶᠢᠨ ᠲᠠᠯ᠎ᠠ ᠪᠠᠷ ᠪᠣᠯᠪᠠᠰᠤᠷᠠᠭᠤᠯᠤᠯ ᠳᠤ ᠣᠷᠣᠯᠴᠠᠭᠰᠠᠳ ᠲᠠᠢ ᠳᠠᠭᠤᠷᠢᠶᠠᠮᠠᠯ ᠠᠵᠢᠯᠯᠠᠭ᠎ᠠ ᠪᠠ ᠵᠢᠱᠢᠶ᠎ᠡ ᠦᠵᠡᠭᠦᠯᠪᠡ᠃        ᠪᠣᠯᠪᠠᠰᠤᠷᠠᠭᠤᠯᠤᠯ ᠢᠶᠠᠷ ᠳᠡᠮᠵᠢᠨ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠤᠬᠠᠮᠰᠠᠷ ᠢ ᠨᠡᠮᠡᠭᠳᠡᠭᠦᠯᠦᠨ᠂ ᠲᠡᠳᠡᠨ ᠤ ᠭᠡᠨᠡᠳᠲᠡ ᠶᠢᠨ ᠪᠠᠶᠢᠳᠠᠯ ᠲᠣᠬᠢᠶᠠᠯᠳᠤᠬᠤ ᠦᠶ᠎ᠡ ᠶᠢᠨ ᠥᠪᠡᠷ ᠢ ᠪᠠᠨ ᠠᠪᠤᠷᠬᠠᠤ ᠪᠠ ᠪᠤᠰᠤᠳ ᠢ ᠠᠪᠤᠷᠬᠠᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠠᠮᠤᠭ ᠤᠨ ᠲᠡᠷᠢᠭᠦᠨ ᠳᠤ ᠵᠥᠪ ᠣᠨᠣᠪᠴᠢᠲᠠᠶ᠂ ᠪᠦᠲᠦᠮᠵᠢᠲᠡᠶ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠪᠠ ᠠᠮᠢ ᠨᠠᠰᠤ ᠶᠢ ᠠᠪᠤᠷᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃               ᠨᠠᠶᠢᠷᠠᠭᠤᠯᠤᠨ  ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2