ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠵᠦᠸᠧᠽᠢ ᠰᠢᠶᠠᠨ ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠤᠰ ᠠᠵᠢᠯᠯᠠᠭ᠎ᠠ ᠨᠢ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ᠂ | ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠠᠮᠵᠢᠯᠠᠯᠲᠤ ᠠᠮᠤᠷ ᠲᠦᠪᠰᠢᠨ ᠪᠣᠯᠤᠨ | ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠨᠠᠮ ᠪᠠᠶᠢᠭᠤᠯᠤᠭᠳᠠᠭᠰᠠᠨ 100 ᠵᠢᠯ ᠤᠨ | ᠣᠶ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠬᠤ︾ ᠪᠠᠷ ᠭᠤᠣᠯ ᠰᠡᠳᠦᠪ ᠪᠣᠯᠭᠠᠵᠤ᠂ | ᠡᠯᠭᠦᠭᠡ ᠪᠢᠴᠢᠭᠡᠰᠦ ᠡᠯᠭᠦᠬᠦ᠂ ᠺᠠᠳ᠋ᠷᠴᠤᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠠᠰᠠᠭᠤᠨ ᠯᠠᠪᠯᠠᠬᠤ᠂ | ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠤᠯᠤᠰ ᠤᠨ ᠠᠮᠤᠷ | ᠲᠦᠪᠰᠢᠨ ᠤ ᠸᠢᠳᠢᠣ᠋ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠳᠤ ︽ | ᠦᠨᠳᠦᠰᠦᠨ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ | ᠂ ︽ᠢᠷᠭᠡᠨ ᠤ ᠬᠠᠤᠯᠢ ᠶᠢᠨ ᠪᠢᠴᠢᠭ︾᠂ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ | ᠬᠥᠯᠥᠰᠥᠨ ᠠᠵᠢᠯᠴᠢᠨ ᠤ ᠬᠡᠷᠡᠭᠯᠡᠭᠡᠨ ᠤ ᠮᠡᠳᠡᠯᠭᠡ ᠶᠢᠨ ᠭᠠᠷ ᠳᠡᠪᠲᠡᠷ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ᠂ ᠥᠷᠭᠡᠨ ᠤᠯᠠᠨ ᠲᠦᠮᠡᠨ ᠢ ᠤᠯᠤᠰ ᠤᠨ ᠠᠮᠤᠷ ᠲᠦᠪᠰᠢᠨ ᠤ ᠲᠤᠬᠠᠶ ᠲᠠᠨᠢᠯᠲᠠ ᠪᠠᠨ | ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠤᠷᠢᠶᠠᠯᠠᠪᠠ᠃ | | ᠠᠵᠢᠯᠯᠠᠭ᠎ᠠ ᠳᠤ ᠨᠡᠶᠢᠲᠡ 4 ᠤᠬᠠᠭᠤᠯᠬᠤ ᠲᠡᠷᠭᠡ ᠬᠥᠳᠡᠯᠭᠡᠵᠦ᠂ 6 ᠵᠤᠷᠪᠤᠰ ᠬᠠᠤᠯᠢ ᠪᠠᠷ ᠵᠠᠰᠠᠬᠤ ᠬᠥᠨᠳᠡᠯᠡᠨ | ᠪᠢᠴᠢᠭᠡᠰᠦ ᠨᠠᠭᠠᠵᠤ᠂ 600 ᠭᠠᠷᠤᠶ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ 300 ᠭᠠᠷᠤᠶ | ᠤᠬᠠᠭᠤᠯᠭ᠎ᠠ ᠶᠢᠨ ᠭᠠᠷ ᠪᠣᠭᠴᠣ ᠲᠠᠷᠬᠠᠭᠠᠵᠤ᠂ ᠣᠯᠠᠨ ᠲᠦᠮᠡᠨ ᠤ ᠯᠠᠪᠯᠠᠯᠲᠠ ᠶᠢ 50 ᠭᠠᠷᠤᠶ ᠬᠥᠮᠦᠨ ᠤᠳᠠᠭ᠎ᠠ | ᠬᠦᠯᠢᠶᠡᠨ ᠠᠪᠴᠤ᠂ ᠰᠤᠷᠭᠠᠨ ᠬᠥᠮᠦᠵᠢᠯ ᠭᠥᠷᠳᠡᠭᠰᠡᠨ ᠣᠯᠠᠨ ᠲᠦᠮᠡᠨ 2000 ᠭᠠᠷᠤᠶ ᠬᠥᠮᠦᠨ ᠤᠳᠠᠭ᠎ᠠ ᠳᠤ | ᠬᠦᠷᠴᠡᠶ᠃ | ᠨᠠᠶᠢᠷᠠᠭᠤᠯᠤᠨ ᠤᠷᠴᠢᠭᠤᠯᠤᠭᠴᠢ ᠪᠠᠶᠠᠨᠪᠠᠲᠦ |