4 ᠰᠠᠷ᠎ᠠ ᠶᠢᠨ 15 — 16 ᠤ ᠡᠳᠦᠷ᠂ ᠵᠦᠸᠧᠽᠢ ᠰᠢᠶᠠᠨ ᠰᠣᠶᠣᠯ ᠤᠨ ᠴᠡᠴᠡᠷᠯᠢᠭ ᠤᠨ ᠺᠢᠨᠣ᠋ | ᠵᠦᠴᠦᠭᠡ ᠶᠢᠨ ᠲᠢᠶᠠᠲᠷ ᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ᠃ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠠᠨ ᠺᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ | ᠰᠡᠳᠦᠪᠲᠦ ᠲᠠᠶᠢᠯᠤᠮᠵᠢ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ᠂ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ 2021 ᠣᠨ ᠤ ᠪᠡᠭᠡᠵᠢᠩ ᠥᠪᠥᠷ | ᠮᠣᠩᠭᠤᠯ ᠤᠨ ᠲᠥᠷᠥᠯ ᠵᠦᠢᠯ ᠤᠨ ᠬᠠᠮᠢᠶᠠᠷᠤᠯᠲᠠ ᠵᠢᠴᠢ ᠭᠤᠶᠤᠴᠢᠯᠠᠨ ᠮᠡᠳᠡᠭᠦᠯᠬᠦ ᠵᠡᠷᠭᠡ ᠠᠭᠤᠯᠭ᠎ᠠ ᠶᠢ ᠪᠠᠭᠲᠠᠭᠠᠵᠠᠶ | ᠃ ᠪᠣᠯᠪᠠᠰᠤᠷᠠᠯ ᠤᠨ ᠵᠣᠷᠢᠯᠭ᠎ᠠ ᠨᠢ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠱᠠᠭᠠᠷᠳᠠᠯᠭ᠎ᠠ ᠶᠢ ᠲᠣᠳᠣᠷᠬᠠᠶᠢᠯᠠᠵᠤ | ᠂ ᠡᠭᠦᠷᠭᠡ ᠶᠢ ᠨᠠᠷᠢᠯᠢᠬᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠡᠳᠬᠢᠴᠡ᠂ ᠲᠦᠷᠦ ᠶᠢᠨ ᠪᠤᠳᠤᠯᠭ᠎ᠠ᠂ | ᠠᠷᠭ᠎ᠠ ᠶᠢ ᠴᠢᠨᠠᠭᠰᠢᠳᠠ ᠲᠣᠳᠣᠷᠬᠠᠶᠢᠯᠠᠨ ᠡᠵᠡᠮᠰᠢᠬᠦ ᠶᠢᠨ ᠲᠥᠯᠥᠭᠡ ᠶᠤᠮ᠃ | ᠬᠤᠷᠠᠯ ᠠᠴᠠ᠂ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠬᠢᠵᠢᠭᠦᠯᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠬᠢᠯᠡᠯᠲᠡ ᠶᠢᠨ ᠳᠠᠶᠢᠯᠠᠯᠳᠤᠭᠠᠨ ᠢ | ᠰᠠᠶᠢᠲᠤᠷ ᠬᠢᠬᠦ ᠪᠣᠯ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠶᠠᠪᠤᠳᠠᠯ ᠪᠣᠯᠬᠤ | ᠪᠥᠭᠡᠳ ᠮᠠᠨ ᠤ ᠰᠢᠶᠠᠨ ᠤ ᠡᠯ᠎ᠡ ᠱᠠᠲᠤᠨ ᠤ ᠺᠠᠳ᠋ᠷᠴᠤᠳ ᠤᠨ ᠠᠵᠢᠯ ᠤᠨ ᠴᠢᠳᠠᠪᠤᠷᠢ ᠶᠢ ᠰᠢᠯᠭᠠᠨ ᠦᠵᠡᠬᠦ ᠶᠠᠪᠤᠳᠠᠯ | ᠪᠣᠯᠤᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠬᠥᠬᠡᠮᠳᠦᠭ ᠠᠭᠤᠯᠠ ᠶᠢ ᠰᠢᠨᠲᠠᠷᠠᠰᠢ ᠦᠭᠡᠢ ᠪᠠᠷᠢᠮᠲᠠᠯᠠᠬᠤ | ︾ ᠢᠲᠡᠭᠡᠯ ᠵᠣᠷᠢᠭ ᠢᠶᠠᠷ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠨᠠᠷᠢᠨ ᠨᠢᠮᠪᠠᠢ ᠥᠨᠳᠥᠷ ᠪᠦᠲᠦᠮᠵᠢᠲᠡᠢ ᠡᠯ᠎ᠡ | ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ | ᠲᠦᠮᠡᠨ ᠳᠤ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ︕ | ᠨᠠᠶᠢᠷᠠᠭᠤᠯᠤᠨ ᠤᠷᠴᠢᠭᠤᠯᠤᠭᠴᠢ ᠪᠠᠶᠠᠨᠪᠠᠲᠦ |