ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ︽ᠬᠤᠶᠠᠷ ᠲᠤ | ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ ᠪᠠᠶᠢᠭᠰᠠᠨ ᠠᠴᠠ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ᠂ ᠠᠮᠢ ᠠᠬᠤᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ | ᠴᠢᠨᠡᠭᠡᠯᠢᠭ ᠪᠣᠯᠬᠤ ᠶᠢ ᠪᠡᠶᠡᠯᠡᠭᠦᠯᠬᠦ ᠲᠡᠰᠢ ᠰᠢᠯᠵᠢᠵᠦ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠬᠦ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠰᠢ ᠰᠢᠯᠵᠢᠪᠡ᠃ ᠪᠦᠬᠦ ᠵᠢᠯ ᠳᠤ 2 ᠳ᠋ᠦᠩᠰᠢᠭᠤᠷ | ᠲᠥᠭᠦᠷᠢᠭ ᠤᠨ ᠲᠤᠰᠬᠠᠶ ᠲᠥᠷᠥᠯ ᠤᠨ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠡᠮᠬᠢᠯᠡᠨ | ᠨᠡᠶᠢᠯᠡᠭᠦᠯᠵᠦ᠂ 2500 ᠲᠦᠮᠡᠨ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ | ᠮᠥᠩᠭᠦ ᠶᠢ ᠲᠡᠮᠡᠴᠡᠨ ᠣᠯᠵᠤ᠂ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠳᠤᠮᠳᠠᠳᠤ ᠤᠯᠤᠰ ᠤᠨ | ᠳᠠᠯᠠᠶ ᠶᠢᠨ ᠲᠣᠰᠣᠨ ᠤ ᠪᠡᠯᠡ ᠮᠥᠩᠭᠦ ᠶᠢ 1500 ᠲᠦᠮᠡᠨ ᠲᠥᠭᠦᠷᠢᠭ ᠣᠷᠣᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ᠂ ᠮᠠᠯ ᠠᠵᠤ ᠠᠬᠤᠶ ᠶᠢᠨ ᠦᠢᠯᠡᠳᠪᠦᠷᠢᠯᠡᠯ᠂ ᠤᠰᠤᠨ ᠠᠰᠢᠭᠯᠠᠯᠲᠠ ᠶᠢᠨ ᠬᠥᠭᠵᠢᠯᠲᠡ᠂ ᠣᠶ | ᠰᠢᠭᠤᠶ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠰᠡᠷᠭᠦᠭᠡᠯᠲᠡ᠂ ᠬᠥᠳᠡᠭᠡ ᠲᠣᠰᠬᠤᠨ ᠤ ᠣᠷᠴᠢᠨ ᠠᠬᠤᠶ ᠶᠢᠨ ᠴᠡᠭᠴᠡᠯᠡᠨ ᠵᠠᠰᠠᠯᠲᠠ᠂ ᠬᠥᠳᠡᠭᠡ | ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠤᠨ | ᠥᠭᠡᠷᠡᠴᠢᠯᠡᠯᠲᠡ᠂ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠬᠠᠮᠠᠭᠠᠯᠠᠯᠲᠠ᠂ ᠬᠥᠳᠡᠭᠡ ᠲᠣᠰᠬᠤᠨ ᠤ | ᠵᠢᠭᠤᠯᠴᠢᠯᠠᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠪᠠ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃ | ᠨᠠᠶᠢᠷᠠᠭᠤᠯᠤᠨ ᠤᠷᠴᠢᠭᠤᠯᠤᠭᠴᠢ ᠪᠠᠶᠠᠨᠪᠠᠲᠦ |