2020 ᠣᠨ ᠳᠤ ᠳᠡᠭᠡᠳᠦ ᠱᠠᠲᠤᠨ ᠠᠴᠠ ᠮᠠᠨ ᠤ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 5000 ᠮᠥ ᠪᠠᠭᠤᠯᠭᠠᠪᠠ᠃ ᠣᠳᠣᠬᠠᠨ ᠳᠤ᠂ ᠲᠣᠰ ᠲᠥᠷᠥᠯ ᠵᠦᠢᠯ ᠢ | 3 ᠰᠠᠷ᠎ᠠ ᠶᠢᠨ 24 ᠤ ᠡᠳᠦᠷ᠂ ᠪᠣᠶ ᠪᠥᠬᠦᠶ ᠪᠠᠷᠢᠮᠵᠢᠶᠠᠲᠤ ᠬᠡᠰᠡᠭ ᠤᠨ ᠪᠠᠷᠢᠯᠭ᠎ᠠ ᠶᠢᠨ ᠠᠩᠭᠢ ᠴᠥᠮ ᠲᠠᠯᠠᠪᠠᠶ ᠳᠤ | ᠣᠷᠣᠵᠤ᠂ ᠲᠥᠷᠥᠯ ᠵᠦᠢᠯ ᠢ ᠵᠢᠩᠬᠢᠨᠢ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ ᠪᠠᠶᠢᠨ᠎ᠠ᠃ 4 ᠰᠠᠷ᠎ᠠ ᠶᠢᠨ | ᠰᠡᠭᠦᠯᠴᠢ ᠠᠴᠠ ᠡᠮᠦᠨ᠎ᠡ ᠪᠠᠷᠢᠯᠭ᠎ᠠ ᠶᠢ ᠪᠦᠬᠦᠨ ᠢ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠤᠢ︔ 2021 | ᠣᠨ ᠳᠤ ᠳᠡᠭᠡᠳᠦ ᠱᠠᠲᠤᠨ ᠠᠴᠠ ᠮᠠᠨ ᠤ ᠰᠢᠶᠠᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 3 ᠲᠦᠮᠡᠨ ᠮᠥ ᠪᠠᠭᠤᠯᠭᠠᠵᠤ᠂ ᠵᠢᠷᠤᠭ ᠲᠥᠯᠥᠪᠯᠡᠭᠡ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ 5 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ | ᠵᠢᠷᠤᠭ ᠲᠥᠯᠥᠪᠯᠡᠭᠡ ᠶᠢᠨ ᠬᠢᠨᠠᠨ ᠲᠣᠭᠲᠠᠭᠠᠯᠲᠠ ᠶᠢ 8 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ 9 | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠦᠨ᠂ ᠵᠢᠯ ᠤᠨ ᠡᠴᠦᠰ ᠠᠴᠠ ᠡᠮᠦᠨ᠎ᠡ ᠪᠠᠷᠢᠯᠭ᠎ᠠ ᠶᠢᠨ | ᠠᠵᠢᠯ ᠢ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠣᠶ᠃ | ᠨᠠᠶᠢᠷᠠᠭᠤᠯᠤᠨ ᠤᠷᠴᠢᠭᠤᠯᠤᠭᠴᠢ ᠪᠠᠶᠠᠨᠪᠠᠲᠦ |