ᠵᠦᠸᠧᠽᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠪᠣᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/22
    ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽︿ᠪᠥᠬᠦ ᠣᠷᠣᠨ ᠤ ︿ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠤᠨ ᠬᠥᠮᠦᠨ︾ ᠪᠣᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠵᠢᠭᠦᠯᠬᠦ ᠲᠥᠰᠦᠯ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠵᠦᠸᠧᠽᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠤᠨ ᠬᠥᠮᠦᠨ︾ ᠪᠣᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ    ᠨᠢᠭᠡ ᠳᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠪᠦᠯᠢ︾ ᠶᠢᠨ ᠠᠵᠢᠯᠯᠠᠭ᠎ᠠ ᠶᠢ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠷᠠᠯ ᠳᠡᠭᠡᠷ᠎ᠡ ᠲᠣᠰᠬᠤᠨ ᠳᠤ ᠰᠠᠭᠤᠬᠤ ᠠᠵᠢᠯ ᠤᠨ ᠠᠩᠭᠢ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠤᠰᠬᠠᠶ ︽ᠦᠨᠳᠦᠰᠦᠲᠡᠨ ᠨᠦᠭᠦᠳ ᠪᠦᠯᠬᠦᠮᠳᠡᠪᠡᠯ ᠨᠢᠭᠡ ᠬᠡᠷ ᠪᠦᠯᠢ︾ ᠪᠠᠷ ᠬᠦᠷᠴᠦ ᠲᠣᠬᠤᠨᠢᠭᠤᠯᠬᠤ ᠲᠥᠯᠥᠪᠯᠡᠭᠡ ᠶᠢ ᠶᠠᠷᠢᠯᠴᠠᠨ ᠲᠣᠭᠲᠠᠭᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠲᠣᠰ ᠲᠣᠰ ᠵᠦᠸᠧᠽᠢ ᠱᠠᠨ ᠪᠠᠯᠭᠠᠰᠤᠨ ᠤ ᠭᠤᠸᠠᠩ ᠰᠢᠩ ᠴᠧᠩ ᠲᠣᠰᠬᠤᠨ ᠲᠠᠢ ᠨᠢᠭᠡ ᠡᠷᠦᠬᠡ ᠲᠣᠰᠬᠤᠨ ᠤ ᠠᠷᠠᠳ ᠲᠠᠢ ︽ᠣᠷᠤᠭ ᠪᠠᠷᠢᠯᠳᠤᠭᠰᠠᠨ︾ ᠪᠠᠶᠢᠨ᠎ᠠ᠃    ᠬᠤᠶᠠᠷ ᠲᠤ᠂ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠭᠤᠸᠠᠩ ᠰᠢᠩ ᠴᠧᠩ ᠲᠣᠰᠬᠤᠨ ᠤ ᠠᠷᠠᠳ ᠤᠨ ᠵᠥᠪᠯᠡᠯ ᠲᠠᠢ ᠢᠳᠡᠪᠬᠢᠲᠡᠢ ᠤᠯᠤᠯᠴᠠᠵᠤ᠂ ᠣᠳᠣᠬᠠᠨ ᠤ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠦᠨᠳᠦᠰᠦᠨ ᠪᠠᠶᠢᠳᠠᠯ ᠢ ᠣᠶᠢᠯᠠᠭᠠᠬᠤ ᠶᠢᠨ ᠬᠠᠮᠲᠤ ᠭᠤᠸᠠᠩ ᠰᠢᠩ ᠴᠧᠩ ᠲᠣᠰᠬᠤᠨ ᠤ ᠨᠠᠮ ᠤᠨ ᠡᠭᠦᠷ ᠲᠠᠢ ᠬᠠᠮᠲᠤᠷᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠰᠤᠳᠤᠯᠤᠨ ᠶᠠᠷᠢᠯᠴᠠᠵᠤ ᠰᠣᠯᠢᠯᠴᠠᠬᠤ ᠶᠢ ᠥᠷᠨᠢᠭᠦᠯᠵᠦ᠂ ᠬᠠᠷᠢᠯᠴᠠᠨ ᠲᠤᠷᠰᠢᠯᠭ᠎ᠠ ᠪᠠᠨ ᠰᠤᠷᠤᠯᠴᠠᠨ ᠲᠤᠯᠢᠳᠠᠵᠤ᠂ ᠰᠤᠷᠤᠯᠴᠠᠬᠤ ᠪᠠᠷ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ᠃    ᠭᠤᠷᠪᠠ ᠳᠤ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠭᠤᠸᠠᠩ ᠰᠢᠩ ᠴᠧᠩ ᠲᠣᠰᠬᠤᠨ ᠳᠤ ᠭᠦᠨᠵᠡᠭᠡᠶᠢᠷᠡᠨ ᠠᠶᠢᠯ ᠡᠷᠦᠬᠡ ᠪᠠᠷ ᠰᠤᠷᠪᠤᠯᠵᠢᠯᠠᠵᠤ᠂ ︽ᠲᠥᠷᠥᠯ ᠰᠠᠳᠤᠨ︾ ᠤ ᠦᠵᠡᠯ ᠰᠠᠨᠠᠭᠠᠨ ᠤ ᠬᠥᠳᠡᠯᠦᠯ ᠪᠠᠶᠢᠳᠠᠯ᠂ ᠭᠡᠷ ᠪᠦᠯᠢ ᠶᠢᠨ ᠪᠠᠶᠢᠳᠠᠯ ᠵᠢᠴᠢ ᠨᠠᠮ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠭᠦᠢᠴᠡᠳ ᠣᠶᠢᠯᠠᠭᠠᠬᠤ ᠶᠢᠨ ᠬᠠᠮᠲᠤ ︽ᠲᠥᠷᠥᠯ ᠰᠠᠳᠤᠨ︾ ᠳᠤ ᠲᠤᠰ ᠲᠤᠰ ᠭᠤᠯᠢᠷ᠂ ᠲᠤᠲᠤᠷᠭ᠎ᠠ 1 ᠤᠭᠤᠲᠠ ᠬᠦᠷᠭᠡᠭᠰᠡᠨ ᠪᠥᠭᠡᠳ ︽ᠲᠥᠷᠥᠯ ᠰᠠᠳᠤᠨ︾ ᠳᠤ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ︽ᠲᠥᠷᠥᠯ ᠰᠠᠳᠤᠨ︾ ᠤ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠴᠢᠩᠭᠠᠳᠬᠠᠨ᠂ ︽ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ︾ ᠤ ᠠᠵᠢᠯᠯᠠᠭ᠎ᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠭᠰᠠᠨ ᠪᠠᠶᠢᠨ᠎ᠠ᠃                             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2