ᠵᠦᠸᠧᠽᠢ ᠰᠢᠶᠠᠨ ᠤ ᠡᠯ᠎ᠡ ᠶᠡᠭᠡ ᠦᠵᠡᠮᠵᠢ ᠶᠢᠨ ᠣᠷᠣᠨ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠢᠳᠡᠪᠬᠢᠲᠡᠶ ᠪᠠᠷ ᠪᠡᠯᠡᠳᠬᠡᠯ ᠬᠢᠪᠠ
ᠨᠡᠶᠢᠲᠡᠯᠡᠭᠰᠡᠨ ᠴᠠᠭ᠄
2021/4/22
    ᠵᠦᠸᠧᠽᠢ ᠰᠢᠶᠠᠨ ᠤ ᠬᠢᠨ ᠨᠢᠭᠡᠨᠲᠡ ᠦᠵᠡᠮᠵᠢ ᠶᠢᠨ ᠣᠷᠣᠨ ᠢ ᠪᠠᠶᠢᠭᠤᠯᠵᠤ᠂ ᠲᠥᠬᠦᠭᠡᠷᠦᠮᠵᠢ ᠪᠠᠨ ᠢᠳᠡᠪᠬᠢᠲᠡᠶ ᠲᠡᠭᠦᠯᠳᠡᠷᠵᠢᠭᠦᠯᠵᠦ᠂ ᠪᠡᠯᠡᠳᠬᠡᠯ ᠠᠵᠢᠯ ᠢᠶᠠᠨ ᠡᠬᠢᠯᠡᠭᠦᠯᠬᠦ ᠪᠠᠷ ᠪᠡᠯᠡᠳᠬᠡᠵᠦ᠂ ᠰᠢᠶᠠᠨ ᠤ ᠳᠣᠲᠣᠷᠠᠬᠢ ᠦᠵᠡᠮᠵᠢ ᠶᠢᠨ ᠣᠷᠣᠨ ᠢ 5 ᠰᠠᠷ᠎ᠠ ᠳᠤ ᠪᠦᠬᠦᠨ ᠢ ᠪᠠᠶᠢᠭᠤᠯᠵᠤ᠂ ᠬᠡᠪ ᠤᠨ ᠪᠠᠶᠢᠳᠠᠯ ᠢᠶᠠᠷ ᠠᠵᠢᠯ ᠢᠶᠠᠨ ᠡᠬᠢᠯᠡᠭᠦᠯᠦᠨ᠎ᠡ᠃     ᠣᠳᠣᠬᠠᠨ ᠳᠤ᠂ ᠮᠠᠨ ᠤ ᠰᠢᠶᠠᠨ ᠤ 3A ᠲᠠᠰ ᠠᠴᠠ ᠳᠡᠭᠡᠭᠰᠢᠬᠢ 4 ᠵᠢᠭᠤᠯᠴᠢᠯᠠᠯ ᠤᠨ ᠦᠵᠡᠮᠵᠢ ᠶᠢᠨ ᠣᠷᠣᠨ ︵ᠬᠤᠩ ᠱᠢ ᠶᠠ᠂ ᠵᠢᠦ ᠯᠦᠩ ᠸᠠᠨ᠂ ᠯᠢᠨ  ᠬᠤ᠋ ᠡᠷᠲᠡᠨ ᠤ  ᠴᠠᠶᠢᠵᠠ᠂ ᠳ᠋ᠦᠩ ᠬᠤᠤ ᠯᠠᠶ ᠹᠦ᠋ ᠮᠢᠨ ᠠᠭᠤᠯᠠᠨ ᠲᠣᠰᠬᠤᠨ︶ ᠣᠲᠣ ᠶᠠᠭ ᠳᠣᠲᠣᠭᠠᠳᠤ ᠶᠢᠨ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢᠶᠠᠨ ᠴᠡᠪᠡᠷᠯᠡᠵᠦ᠂ 5 ᠰᠠᠷ᠎ᠠ ᠶᠢᠨ 1 ᠤ ᠡᠳᠦᠷ ᠠᠴᠠ ᠬᠡᠪ ᠤᠨ ᠪᠠᠶᠢᠳᠠᠯ ᠢᠶᠠᠷ ᠠᠵᠢᠯ ᠡᠬᠢᠯᠡᠭᠦᠯᠬᠦ ᠪᠠᠷ ᠪᠡᠯᠡᠳᠬᠡᠵᠦ ᠪᠣᠶ︔ ᠬᠦᠢᠲᠡᠨ ᠰᠢᠯᠢ ᠲᠠᠯ᠎ᠠ ᠨᠤᠲᠤᠭ ᠤᠨ ᠭᠤᠷᠪᠠᠨ ᠮᠠᠯᠴᠢᠨ ᠠᠶᠢᠯ ᠤᠨ ᠵᠤᠭᠠᠴᠠᠯ ︵ᠾᠧ ᠲᠠᠢ ᠶᠢᠨ ᠵᠤᠭᠠᠴᠠᠯ ᠤᠨ ᠠᠮᠠᠷᠠᠯᠲᠠ ᠶᠢᠨ ᠲᠣᠰᠬᠤᠨ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ᠂ ᠶᠡᠷᠡ ᠶᠢᠰᠦᠨ ᠪᠤᠯᠠᠭ ᠤᠨ ᠠᠮᠠᠷᠠᠯᠲᠠ ᠶᠢᠨ ᠲᠣᠰᠬᠤᠨ︶ 5 ᠰᠠᠷ᠎ᠠ ᠶᠢᠨ 20 ᠤ ᠡᠳᠦᠷ ᠠᠵᠢᠯ ᠡᠬᠢᠯᠡᠬᠦ ᠪᠠᠷ ᠲᠥᠯᠥᠪᠯᠡᠵᠦ ᠪᠤᠢ︔ ᠱᠦᠨ ᠹᠠ ᠶᠢᠨ ᠲᠠᠷᠢᠶᠠᠴᠢᠨ ᠠᠶᠢᠯ ᠤᠨ ᠬᠦᠷᠢᠶᠡᠯᠡᠩ᠂ ᠹᠦ᠋ ᠬᠠᠢ ᠱᠠᠨ ᠵᠤᠸᠠᠩ᠂ ᠯᠢᠨ ᠮᠤᠤ ᠶᠤᠸᠠᠨ ᠭᠤᠷᠪᠠᠨ ᠠᠶᠢᠯ ᠤᠨ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠨᠢᠭᠡᠨᠲᠡ ᠠᠵᠢᠯ ᠢᠶᠠᠨ ᠡᠬᠢᠯᠡᠭᠦᠯᠵᠡᠢ᠃                             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2