ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ 2021 ᠣᠨ ᠤ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/22
   4 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠰᠢᠶᠤᠤ ᠵᠢᠶᠦ᠋ᠨ 2021 ᠣᠨ ᠤ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠣ ᠯᠢ ᠰᠤᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠥᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠤᠨ ᠺᠦᠶ ᠬᠤᠷᠠᠯ ᠳᠤ ᠣᠷᠣᠯᠴᠠᠵᠠᠶ᠃    ᠬᠤᠷᠠᠯ ᠠᠴᠠ 2020 ᠣᠨ ᠤ ᠶᠠᠳᠠᠭᠤ ᠶᠢ ᠲᠡᠳᠬᠦᠬᠦ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ᠂ 2021 ᠣᠨ ᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠪᠣᠯᠤᠨ 2020 ᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠪᠣᠯᠤᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢᠨ ᠲᠦᠷᠦᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠵᠠᠷᠯᠠᠨ ᠮᠡᠳᠡᠭᠳᠡᠪᠡ︔ ᠬᠤᠷᠠᠯ ᠠᠴᠠ ᠮᠠᠨ ᠤ ᠰᠢᠶᠠᠨ ᠤ 2021 ᠣᠨ ᠤ ᠠᠩᠬᠠᠳᠠᠭᠴᠢ ᠪᠦᠯᠦᠭ ᠤᠨ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠬᠢᠨᠠᠨ ᠵᠥᠪᠯᠡᠪᠡ︔ 2021 ᠣᠨ ᠤ ᠤᠷᠮᠠᠰᠢᠭᠤᠯᠤᠨ ᠵᠣᠷᠢᠭᠵᠢᠭᠤᠯᠬᠤ ᠠᠵᠢᠯ ᠤᠨ ᠪᠠᠶᠢᠷᠢ ᠶᠢᠨ ᠲᠤᠬᠢᠷᠠᠭᠤᠯᠤᠯᠳᠠ ᠶᠢᠨ ᠲᠥᠰᠦᠯ ᠢ ᠬᠢᠨᠠᠨ ᠵᠥᠪᠯᠡᠪᠡ︔ ᠮᠠᠨ ᠤ ᠰᠢᠶᠠᠨ ᠤ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠪᠠᠶᠢᠴᠠᠭᠠᠯᠲᠠ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠪᠡ︔ 2021 ᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ︽ᠵᠢᠵᠢᠭ ᠲᠡᠵᠢᠭᠡᠨ ᠦᠷᠡᠵᠢᠭᠦᠯᠬᠦ  ᠤᠶᠢᠯᠡᠰ︾ ᠢ ᠬᠥᠭᠵᠢᠭᠦᠯᠬᠦ ᠶᠢᠨ ᠬᠡᠷᠡᠭᠵᠢᠭᠦᠯᠬᠦ ᠲᠥᠰᠦᠯ ᠪᠠ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠪᠡ᠃    ᠸᠠᠩ ᠰᠢᠶᠤᠤ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠲᠡᠷᠡ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠣᠳᠣᠬᠠᠨ ᠤ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠳᠡᠭᠡ ᠲᠣᠰᠬᠤᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠮᠥᠨ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠳᠤᠲᠠᠭᠤᠳᠠᠯ ᠢᠶᠠᠨ ᠯᠠᠪᠳᠠᠭᠤᠨ ᠪᠠᠲᠤᠲᠠᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ ᠰᠠᠭᠤᠷᠢ ᠶᠢ ᠪᠠᠲᠤᠳᠬᠠᠵᠤ᠂ ᠰᠠᠭᠤᠷᠢ ᠶᠢ ᠪᠠᠲᠤᠳᠬᠠᠵᠤ᠂ ᠤᠯᠠᠨ ᠲᠦᠮᠡᠨ ᠳᠤ ᠦᠨᠡᠨᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                             ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2