ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠴᠢᠨ ᠤ ᠡᠪᠯᠡᠯ ᠤᠨ ᠵᠥᠪᠯᠡᠯ ︽︿ᠲᠠᠪᠤᠨ ᠰᠠᠷ᠎ᠠ ᠶᠢᠨ ᠨᠢᠭᠡᠨ﹀ ᠢ ᠪᠡᠯᠭᠡᠯᠡᠵᠦ᠂ ︿ᠲᠠᠪᠤᠨ ᠰᠠᠷ᠎ᠠ ᠶᠢᠨ ᠳᠥᠷᠪᠡᠨ﹀ ᠢ ᠤᠭᠲᠤᠬᠤ︾ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2021/5/12
    ᠺᠠᠳ᠋ᠷ ᠠᠵᠢᠯᠳᠠᠨ ᠠᠵᠢᠯᠴᠢᠨ ᠤ ᠬᠤᠭᠤᠷᠣᠨᠳᠣᠬᠢ ᠰᠣᠯᠢᠯᠴᠠᠭ᠎ᠠ ᠪᠠ ᠪᠦᠯᠬᠦᠮᠳᠡᠯ ᠢ ᠤᠯᠠᠮ ᠨᠢᠭᠡ ᠠᠯᠬᠤᠮ ᠴᠢᠩᠭᠠᠳᠬᠠᠨ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠺᠠᠳ᠋ᠷ ᠠᠵᠢᠯᠳᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ 4 ᠰᠠᠷ᠎ᠠ ᠶᠢᠨ 28 ᠤ ᠦᠳᠡ ᠶᠢᠨ ᠬᠤᠶᠢᠨ᠎ᠠ᠂ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠴᠢᠨ ᠤ ᠡᠪᠯᠡᠯ ᠤᠨ ᠵᠥᠪᠯᠡᠯ ᠠᠴᠠ ᠪᠦᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠵᠦᠸᠧᠽᠢ ᠰᠢᠶᠠᠨ ᠤ ᠲᠦᠩ ᠯᠧ ᠠᠭᠤᠳᠠᠮ ᠲᠠᠯᠠᠪᠠᠢ ᠳᠤ ︽ᠥᠨᠢ ᠡᠭᠦᠷᠢᠳᠡ ᠨᠠᠮ ᠢᠶᠠᠨ ᠳᠠᠭᠠᠵᠤ᠂ ᠵᠠᠯᠠᠭᠤ ᠨᠠᠰᠤ ᠪᠠᠷ ᠢᠶᠠᠨ ᠡᠬᠡ ᠤᠯᠤᠰ ᠲᠠᠭᠠᠨ ᠵᠣᠷᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠰᠣᠨᠢᠷᠬᠠᠯᠲᠤ ᠲᠠᠮᠢᠷ ᠤᠨ ᠴᠤᠭᠯᠠᠭᠠᠨ ᠬᠢᠵᠦ᠂ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠠᠶᠠᠷᠯᠠᠨ ᠪᠡᠯᠭᠡᠯᠡᠵᠦ᠂ ︽5 · 4︾ ᠤ ᠵᠠᠯᠠᠭᠤᠴᠤᠳ ᠤᠨ ᠪᠠᠶᠠᠷ ᠢ ᠳᠤᠷᠠᠰᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠠᠶᠠᠷᠯᠠᠨ ᠤᠭᠲᠤᠪᠠ᠃
   ᠪᠦᠯᠬᠦᠮ ᠤᠨ ᠤᠷᠤᠯᠳᠤᠭᠠᠨ ᠤ ᠵᠦᠢᠯ ᠳᠤ᠂ ᠡᠯ᠎ᠡ ᠳᠤᠭᠤᠶᠢᠯᠠᠩ ᠤᠨ ᠪᠦᠷᠢᠯᠳᠦᠬᠦᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ︾ ᠭᠤᠷᠪᠠᠨ ᠬᠥᠮᠦᠨ ᠤ ᠭᠢᠰᠬᠢᠭᠦᠷ᠂ ᠬᠤᠶᠠᠷ ᠬᠥᠮᠦᠨ ᠭᠤᠷᠪᠠᠨ ᠬᠦᠯ᠂ ᠪᠥᠮᠪᠦᠭᠡ ᠲᠤᠯᠵᠤ ᠭᠦᠶᠦᠬᠦ᠂ ︽ᠰᠡᠳᠬᠢᠯ ᠵᠢᠷᠦᠬᠡ ᠪᠠᠨ ᠬᠤᠯᠪᠣᠬᠤ︾ ᠪᠤᠤᠬᠢ᠊ ᠡᠶ᠎ᠡ ᠤᠷᠤᠯᠳᠤᠭᠠᠨ ᠪᠣᠯᠤᠨ ᠪᠦᠯᠬᠦᠮ ᠤᠨ ᠳᠡᠭᠡᠰᠦ ᠦᠰᠦᠷᠬᠦ ᠤᠷᠤᠯᠳᠤᠭᠠᠨ ᠤ ᠵᠦᠢᠯ ᠳᠤ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠨᠢᠭᠲᠠ ᠬᠠᠮᠵᠢᠯᠴᠠᠵᠤ᠂ ᠡᠯ᠎ᠡ ᠳᠤᠭᠤᠶᠢᠯᠠᠩ ᠤᠨ ᠬᠢᠨ ᠴᠥᠮ ᠰᠢᠯᠢᠳᠡᠭ ᠬᠢᠷᠢ ᠪᠦᠲᠦᠮᠵᠢ ᠣᠯᠵᠠᠢ᠃
   ᠬᠤᠪᠢ ᠬᠥᠮᠦᠨ ᠤ ᠤᠷᠤᠯᠳᠤᠭᠠᠨ ᠤ ᠲᠣᠬᠢᠷᠠᠭᠤᠯᠤᠯᠲᠠ᠄ ᠨᠢᠭᠡ ᠮᠢᠨᠦ᠋ᠲ ᠲᠤ ᠳᠡᠭᠡᠰᠦ ᠦᠰᠦᠷᠬᠦ᠂ ᠨᠢᠭᠡ ᠮᠢᠨᠦ᠋ᠲ ᠲᠤ ᠲᠡᠪᠡᠭ ᠢᠰᠬᠦᠯᠬᠦ ᠪᠠ ᠲᠣᠭᠲᠠᠭᠰᠠᠨ ᠭᠠᠵᠠᠷ ᠲᠤ ᠰᠠᠭᠰᠤᠯᠠᠬᠤ ᠭᠤᠷᠪᠠᠨ ᠵᠦᠢᠯ ᠤᠨ ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠬᠤ ᠲᠠᠮᠢᠷᠴᠢᠳ ᠥᠨᠢ ᠡᠭᠦᠷᠢᠳᠡ ᠣᠷᠣᠯᠴᠠᠵᠤ᠂ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠴᠤᠭ ᠵᠢᠪᠬᠤᠭ᠎ᠠ ᠪᠠᠨ ᠭᠦᠢᠴᠡᠳ ᠪᠠᠳᠠᠷᠠᠭᠤᠯᠤᠨ᠎ᠠ᠃    ᠠᠭᠤᠵᠢᠭᠤ ᠲᠠᠯᠪᠢᠭᠤ ᠮᠥᠷᠲᠡᠭᠡᠨ ᠬᠤᠷᠴᠠ ᠰᠢᠷᠦᠭᠦᠨ ᠤᠷᠤᠯᠳᠤᠭᠠᠨ ᠳᠤ᠂ ᠪᠦᠬᠦ ᠺᠠᠳ᠋ᠷᠴᠤᠳ ᠰᠠᠶᠢᠨ ᠤᠷᠮ᠎ᠠ ᠰᠡᠳᠬᠢᠯᠭᠡ ᠲᠠᠢ ᠤᠷᠤᠯᠳᠤᠭᠠᠨ᠂ ᠡᠷᠡᠰ ᠬᠠᠲᠠᠭᠤ ᠰᠥᠰᠥ ᠵᠣᠷᠢᠭ ᠲᠠᠢ ᠤᠷᠤᠯᠳᠤᠭᠠᠨ ᠳᠤ ᠣᠷᠣᠯᠴᠠᠵᠠᠶ᠃ ᠠᠵᠢᠯᠯᠠᠭ᠎ᠠ ᠶᠢᠨ ᠡᠴᠦᠰ ᠲᠤ᠂ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠴᠢᠨ ᠤ ᠡᠪᠯᠡᠯ ᠠᠴᠠ ᠱᠠᠩᠨᠠᠯ ᠣᠯᠤᠭᠰᠠᠨ ᠪᠣᠶ ᠪᠥᠬᠦᠶ ᠪᠦᠯᠬᠦᠮ ᠨᠡᠶᠢᠲᠡ ᠪᠠ ᠬᠤᠪᠢ ᠬᠥᠮᠦᠨ ᠳᠤ ᠱᠠᠩᠨᠠᠯ ᠣᠯᠭᠤᠭᠰᠠᠨ ᠪᠥᠭᠡᠳ ᠬᠠᠮᠲᠤ ᠶᠢᠨ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠲᠣᠰ ᠤᠳᠠᠭᠠᠨ ᠤ ᠪᠦᠯᠬᠦᠮ ᠤᠨ ᠤᠷᠤᠯᠳᠤᠭᠠᠨ ᠤ ᠵᠦᠶ᠋ᠯ ᠤᠨ ᠤᠷᠤᠯᠳᠤᠭᠠᠨ ᠢ ᠲᠡᠭᠦᠰ ᠠᠮᠵᠢᠯᠲᠠ ᠲᠠᠢ ᠲᠡᠭᠦᠰᠬᠡᠪᠡ᠃
   ᠲᠣᠰ ᠤᠳᠠᠭᠠᠨ ᠤ ᠰᠣᠨᠢᠷᠬᠠᠯᠲᠤ ᠲᠠᠮᠢᠷ ᠤᠨ ᠴᠤᠭᠯᠠᠭᠠᠨ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠺᠠᠳ᠋ᠷᠴᠤᠳ ᠤᠨ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠭᠦᠶ᠋ᠴᠡᠳ ᠢᠯᠡᠷᠡᠭᠦᠯᠵᠦ᠂ ᠣᠯᠠᠨ ᠤ ᠪᠦᠯᠬᠦᠮ ᠨᠡᠶᠢᠲᠡ ᠶᠢᠨ ᠬᠠᠮᠵᠢᠯᠴᠠᠬᠤ ᠠᠵᠢᠯ ᠤᠨ ᠤᠬᠠᠮᠰᠠᠷ ᠢ ᠢᠳᠡᠪᠬᠢᠲᠡᠶ ᠳᠠᠶᠢᠴᠢᠯᠠᠨ᠂ ᠬᠤᠭᠤᠷᠣᠨᠳᠣᠬᠢ ᠣᠶᠢᠯᠠᠭᠠᠯᠴᠠᠭ᠎ᠠ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠪᠡ᠃                  ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2