ᠰᠢᠶᠡᠨ ᠤ ᠴᠢ ᠰᠢᠶᠠ ᠶᠢᠩ ᠪᠠᠯᠭᠠᠰᠤᠨ ᠤ ᠾᠧ ᠢ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠬᠤᠣᠰ ᠢ ᠪᠠᠶᠢᠭᠤᠯᠵᠤ ᠬᠠᠮᠲᠤ ᠪᠠᠷ ᠪᠠᠶᠢᠭᠤᠯᠵᠤ ᠬᠠᠪᠰᠤᠷᠤᠨ ᠲᠡᠳᠬᠦᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/5/12
    ᠣᠶᠢᠷ᠎ᠠ ᠳᠤ᠂ ᠴᠢ ᠰᠢᠶᠠ ᠶᠢᠩ ᠪᠠᠯᠭᠠᠰᠤᠨ ᠤ ᠾᠧ ᠢ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠨᠢᠭᠡᠳᠦᠭᠡᠷ᠂ ᠬᠤᠶᠠᠳᠤᠭᠠᠷ ᠨᠠᠮ ᠤᠨ ᠡᠭᠦᠷ ᠤᠨ ᠬᠠᠮᠢᠶ᠎ᠠ ᠪᠥᠬᠦᠶ ᠬᠥᠮᠦᠰ ᠢ ᠳᠠᠭᠠᠭᠤᠯᠤᠨ ᠴᠢ ᠰᠢᠶᠠ ᠶᠢᠩ ᠪᠠᠯᠭᠠᠰᠤᠨ ᠤ ᠶᠢᠦ ᠹᠠᠩ ᠶᠢᠩ ᠲᠣᠰᠬᠤᠨ ᠳᠤ ᠬᠦᠷᠴᠦ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠵᠤ ᠬᠠᠪᠰᠤᠷᠤᠨ ᠲᠡᠳᠬᠦᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
   ᠲᠣᠬᠤᠨᠢᠭᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠶᠢᠦ ᠹᠠᠩ ᠶᠢᠩ ᠲᠣᠰᠬᠤᠨ ᠳᠤ ᠬᠦᠷᠴᠦ ᠲᠣᠰᠬᠤᠨ ᠤ ᠠᠷᠠᠳ ᠯᠢ ᠶᠦᠩ ᠸᠠᠩ ᠢ ᠪᠣᠯᠭᠤᠭᠠᠨ ᠦᠵᠡᠪᠡ᠂ ᠯᠢ ᠶᠦᠩ ᠸᠠᠩ 2020 ᠣᠨ ᠤ 9 ᠰᠠᠷ᠎ᠠ ᠳᠤ ᠤᠯᠠᠭᠠᠨ ᠬᠤᠭᠤᠯᠠᠢ ᠶᠢᠨ ᠥᠮᠡᠨ ᠢᠶᠠᠷ ᠣᠨᠣᠰᠢᠯᠠᠭᠳᠠᠵᠤ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠵᠠᠢ᠃ ᠮᠡᠰᠡ ᠵᠠᠰᠠᠯ᠂ ᠬᠢᠮᠢ ᠶᠢᠨ ᠵᠠᠰᠠᠯ ᠬᠢᠭᠰᠡᠨ ᠪᠣᠯᠪᠠᠴᠤ ᠪᠦᠷᠢᠮᠦᠰᠦᠨ ᠡᠳᠡᠭᠡᠷᠡᠭᠡ ᠦᠭᠡᠢ ᠪᠣᠯᠬᠤᠷ ᠲᠣᠭᠲᠠᠭᠰᠠᠨ ᠬᠤᠭᠤᠴᠠᠭ᠎ᠠ ᠲᠠᠢ ᠪᠠᠷ ᠡᠮᠨᠡᠨ ᠵᠠᠰᠠᠬᠤ ᠪᠠ ᠡᠮ ᠤᠤᠭᠤᠵᠤ ᠡᠪᠡᠳᠴᠢᠨ ᠤ ᠪᠠᠶᠢᠳᠠᠯ ᠢ ᠬᠢᠵᠠᠭᠠᠷᠯᠠᠬᠤ ᠬᠡᠷᠡᠭᠲᠡᠶ᠃ ᠲᠣᠬᠤᠨᠢᠭᠤᠯᠬᠤ ᠳᠤᠭᠤᠶᠢᠯᠠᠩ ᠤᠨ ᠬᠢᠨ ᠲᠡᠭᠦᠨ ᠢ ᠥᠭᠡᠳᠡᠯᠡᠨ ᠲᠠᠪᠰᠢᠬᠤ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠪᠡᠳᠴᠢᠨ ᠡᠮᠭᠡᠭ ᠢ ᠢᠯᠠᠨ ᠳᠠᠪᠠᠵᠤ᠂ ᠪᠡᠶ᠎ᠡ ᠮᠠᠬᠠᠪᠣᠳ ᠢᠶᠠᠨ ᠰᠠᠶᠢᠲᠤᠷ ᠰᠤᠪᠢᠯᠠᠬᠤ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠬᠦ ᠶᠢ ᠬᠦᠰᠡᠪᠡ᠃ ᠠᠶᠠᠷᠯᠠᠬᠤ ᠠᠴᠠ ᠪᠠᠨ ᠡᠮᠦᠨ᠎ᠡ ᠯᠢ ᠶᠦᠩ ᠸᠠᠩ ᠤᠨ ᠨᠢᠳᠦᠨ ᠳᠤ ᠬᠠᠯᠠᠭᠤᠨ ᠨᠢᠯᠪᠤᠰᠤ ᠮᠡᠯᠮᠡᠯᠵᠡᠵᠦ᠂ ᠲᠣᠬᠤᠨᠢᠭᠤᠯᠬᠤ ᠳᠤᠭᠤᠶᠢᠯᠠᠩ ᠤᠨ ᠬᠠᠯᠠᠮᠵᠢᠯᠠᠯ ᠪᠣᠯᠤᠨ ᠬᠠᠷᠠᠭᠠᠯᠵᠠᠯ ᠳᠤ ᠲᠠᠰᠤᠷᠠᠯᠲᠠ ᠦᠭᠡᠢ ᠲᠠᠯᠠᠷᠬᠠᠨ᠎ᠠ᠃
   ᠳᠠᠷᠠᠭ᠎ᠠ ᠨᠢ᠂ ᠲᠣᠬᠤᠨᠢᠭᠤᠯᠬᠤ ᠳᠤᠭᠤᠶᠢᠯᠠᠩ ᠤᠨ ᠬᠢᠨ ᠲᠣᠰᠬᠤᠨ ᠤ ᠵᠡᠭᠦᠨ ᠵᠠᠬ᠎ᠠ ᠳᠤ ᠬᠦᠷᠴᠦ ᠲᠣᠰᠬᠤᠨ ᠤ ᠠᠷᠠᠳ ᠬᠤᠤ ᠢᠦᠢ ᠰᠢ ᠶᠢ ᠲᠣᠬᠤᠨᠢᠭᠤᠯᠪᠠ᠂ ᠬᠤᠤ ᠢᠦᠢ ᠰᠢ ᠡᠨᠡ ᠵᠢᠯ 87 ᠨᠠᠰᠤᠲᠠᠢ ᠳᠠᠭᠠᠨ ᠦᠷ᠎ᠡ ᠬᠡᠦᠬᠡᠳ ᠦᠭᠡᠢ ᠪᠠᠶᠢᠵᠤ᠂ ᠲᠣᠰᠬᠤᠨ ᠤ ᠲᠠᠪᠤᠨ ᠪᠠᠲᠤᠯᠠᠭᠠᠲᠤ ᠡᠷᠦᠬᠡ ᠪᠣᠯᠤᠨ᠎ᠠ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠠᠴᠠ ᠪᠤᠯᠵᠤ ᠨᠢᠳᠤᠨᠤᠨ ᠲᠠᠮᠪᠠᠷᠠᠵᠤ ᠣᠷᠣᠨ ᠳᠡᠭᠡᠷ᠎ᠡ ᠪᠠᠨ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠪᠣᠯᠪᠠ᠂ ᠤᠳᠤ ᠲᠤᠰ ᠲᠣᠰᠬᠤᠨ ᠤ ᠨᠦᠬᠦᠭᠡ ᠨᠢᠭᠡ ᠡᠷᠦᠬᠡ ᠲᠣᠰᠬᠤᠨ ᠤ ᠠᠷᠠᠳ ᠵᠢᠯ ᠲᠤᠷᠰᠢ ᠬᠠᠷᠠᠭᠠᠯᠵᠠᠵᠤ᠂ ᠦᠨᠳᠦᠰᠦᠨ ᠠᠮᠢᠳᠤᠷᠠᠯ ᠨᠢ ᠪᠠᠲᠤᠯᠠᠭ᠎ᠠ ᠲᠠᠢ ᠪᠣᠯᠵᠠᠢ᠃ ᠡᡁᠧ ᠢ ᠴᠠᠬᠢᠯᠭᠠᠨ ᠭᠠᠷᠭᠠᠬᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠨᠠᠰᠤᠲᠠᠨ ᠢ ᠬᠠᠷᠠᠭᠠᠯᠵᠠᠵᠤ ᠪᠠᠶᠢᠭ᠎ᠠ ᠶᠠᠳᠠᠭᠤ ᠬᠦᠴᠢᠷᠳᠡᠯᠲᠡᠢ ᠡᠷᠦᠬᠡ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠶᠠᠳᠠᠭᠤ ᠬᠦᠴᠢᠷᠳᠡᠯᠲᠡᠢ ᠡᠷᠦᠬᠡ ᠶᠢ ᠨᠠᠰᠤᠲᠠᠨ ᠢ ᠰᠠᠶᠢᠲᠤᠷ ᠬᠠᠷᠠᠭᠠᠯᠵᠠᠭᠠᠷᠠᠢ ᠭᠡᠵᠦ ᠵᠠᠬᠢᠪᠠ᠂ ᠲᠡᠷᠡ᠄ ︽ᠠᠮᠢᠳᠤᠷᠠᠯ ᠬᠡᠳᠦᠢ ᠬᠦᠴᠢᠷ ᠵᠣᠪᠠᠭᠤᠷᠢ ᠲᠠᠢ ᠪᠠᠶᠢᠭᠰᠠᠨ ᠴᠤ ᠢᠲᠡᠭᠡᠯ ᠠᠯᠳᠠᠵᠤ ᠪᠣᠯᠬᠤ ᠦᠭᠡᠢ᠂ ᠬᠦᠴᠢᠷᠳᠡᠯ ᠲᠠᠢ ᠪᠣᠯ ᠮᠠᠨ ᠤ ᠺᠣᠮᠫᠠᠨᠢ ᠶᠢᠨ ᠨᠠᠮ ᠤᠨ ᠬᠤᠷᠢ᠊ ᠡᠶ᠎ᠡ ᠴᠥᠮ ᠬᠠᠮᠤᠭ ᠤᠨ ᠶᠡᠭᠡ ᠴᠢᠳᠠᠯ ᠢᠶᠠᠷ ᠢᠶᠠᠨ ᠬᠠᠪᠰᠤᠷᠤᠯᠭ᠎ᠠ ᠬᠠᠩᠭᠠᠵᠤ᠂ ᠠᠮᠢᠳᠤᠷᠠᠯ ᠶᠠᠪᠤᠬᠤ ᠳᠤᠳᠤᠮ ᠰᠠᠶᠢᠵᠢᠷᠠᠬᠤ ᠪᠣᠯᠤᠨ᠎ᠠ︕︾ ᠭᠡᠵᠦ ᠵᠣᠷᠢᠭᠵᠢᠭᠤᠯᠤᠭᠰᠠᠨ ᠪᠠᠶᠢᠨ᠎ᠠ᠃ ᠲᠡᠷᠡ᠄ ︽ᠠᠮᠢᠳᠤᠷᠠᠯ ᠬᠡᠳᠦᠢ ᠬᠦᠴᠢᠷ ᠵᠣᠪᠠᠭᠤᠷᠢ ᠲᠠᠢ ᠪᠠᠶᠢᠭᠰᠠᠨ ᠴᠤ ᠢᠲᠡᠭᠡᠯ ᠠᠯᠳᠠᠵᠤ ᠪᠣᠯᠬᠤ ᠦᠭᠡᠢ᠂ ᠬᠦᠴᠢᠷᠳᠡᠯ ᠲᠤᠯᠭᠠᠷᠠᠪᠠᠯ ᠮᠠᠨ ᠤ ᠺᠣᠮᠫᠠᠨᠢ ᠶᠢᠨ ᠨᠠᠮ ᠤᠨ ᠬᠤᠷᠢ᠊ ᠡᠶ᠎ᠡ ᠴᠥᠮ ᠬᠠᠮᠤᠭ ᠤᠨ ᠶᠡᠭᠡ ᠴᠢᠳᠠᠯ ᠢᠶᠠᠷ ᠢᠶᠠᠨ ᠬᠠᠪᠰᠤᠷᠤᠯᠭ᠎ᠠ ᠦᠵᠡᠭᠦᠯᠵᠦ᠂ ᠠᠮᠢᠳᠤᠷᠠᠯ ᠨᠢ ᠶᠠᠪᠤᠬᠤ ᠳᠤᠳᠤᠮ ᠰᠠᠶᠢᠵᠢᠷᠠᠬᠤ ᠪᠣᠯᠤᠨ᠎ᠠ︾ ᠭᠡᠵᠦ ᠬᠡᠯᠡᠪᠡ᠃    ᠲᠩᠷᠢ ᠬᠦᠢᠲᠡᠷᠡᠭᠰᠡᠨ ᠪᠣᠯᠪᠠᠴᠤ ᠡᠨᠡ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯ ᠲᠠᠢ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠵᠤ᠂ ᠲᠡᠳᠡᠨ ᠤ ᠬᠦᠰᠡᠯ ᠡᠷᠡᠮᠡᠯᠵᠡᠯ ᠢ ᠬᠦᠷᠭᠡᠭᠰᠡᠨ ᠪᠠᠶᠢᠨ᠎ᠠ᠃                  ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2