ᠵᠦᠸᠧᠽᠢ ᠰᠢᠶᠠᠨ ᠤ ᠬᠢᠨ ᠳᠠᠪᠠᠭᠤᠯᠢᠭ ᠤᠨᠴᠠᠯᠢᠬᠳᠤ ᠠᠵᠤ ᠦᠢᠯᠡᠰ ᠢ ᠬᠦᠴᠦᠯᠡᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2021/5/12
    ᠵᠦᠸᠧᠽᠢ ᠰᠢᠶᠠᠨ ᠤ ᠬᠢᠨ ᠠᠵᠤ ᠦᠢᠯᠡᠰ ᠤᠨ ᠲᠠᠯ᠎ᠠ ᠪᠠᠷ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠣᠳᠣᠯᠬᠢᠯᠠᠵᠤ᠂ ᠭᠠᠵᠠᠷ ᠣᠷᠣᠨ ᠤ ᠣᠨᠴᠠᠯᠢᠭ ᠢ ᠲᠤᠪᠤᠶᠢᠯᠭᠠᠵᠦ᠂ ᠠᠵᠤ ᠦᠢᠯᠡᠰ ᠢ ᠶᠠᠳᠠᠭᠤ ᠬᠦᠴᠢᠷᠳᠡᠯᠲᠡᠢ ᠬᠥᠮᠦᠨ ᠠᠮᠠ ᠬᠠᠷᠢᠴᠠᠩᠭᠤᠢ ᠪᠠᠷ ᠲᠥᠪᠯᠡᠷᠡᠭᠰᠡᠨ ᠲᠣᠰᠬᠤᠨ ᠳᠤ ᠰᠣᠩᠭᠤᠨ ᠪᠠᠶᠢᠷᠢᠯᠠᠭᠤᠯᠬᠤ ᠪᠠᠷ ᠴᠢᠷᠮᠠᠶᠢᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠨᠣᠬᠠᠢ ᠶᠢᠨ ᠬᠤᠰᠢᠭᠤ᠂ ᠡᠯᠳᠡᠪ ᠠᠮᠤ ᠡᠯᠳᠡᠪ ᠪᠤᠷᠴᠠᠭ᠂ ᠰᠤᠯᠠ ᠲᠡᠵᠢᠭᠡᠭᠰᠡᠨ ᠲᠠᠬᠢᠶ᠎ᠠ᠂ ᠥᠨᠳᠡᠭᠡᠨ ᠲᠠᠬᠢᠶ᠎ᠠ ᠵᠡᠷᠭᠡ ᠪᠠᠷ ᠭᠤᠣᠯ ᠪᠣᠯᠭᠠᠭᠰᠠᠨ ᠮᠠᠯ ᠠᠵᠤ ᠠᠬᠤᠢ ᠲᠠᠷᠢᠶᠠᠯᠠᠩ ᠤᠨ ᠤᠨᠴᠠᠯᠢᠭᠳᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠰᠢᠪᠠᠷᠲᠠᠢ ᠪᠠᠯᠭᠠᠰᠤ᠂ ᠳ᠋ᠠ ᠢᠦᠶ  ᠱᠤ᠋ ᠰᠢᠶᠠᠩ ᠤᠨ ᠬᠦᠶ᠋ᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠬᠡᠰᠡᠭ ᠲᠤ ᠰᠡᠷᠢᠭᠦᠨ ᠬᠦᠶ᠋ᠲᠡᠨ ᠢᠳᠡᠰᠢᠨ ᠨᠣᠭᠤᠭ᠎ᠠ ᠳᠠᠷᠢᠬᠤ ᠠᠵᠤ ᠤᠶᠢᠯᠡᠰ ᠢ ᠶᠡᠬᠡᠪᠡᠷ ᠬᠥᠭᠵᠢᠭᠦᠯᠬᠦ ᠪᠠᠷ ᠲᠥᠯᠥᠪᠵᠢᠭᠦᠯᠵᠦ᠂ ᠪᠥᠬᠦ ᠰᠢᠶᠠᠨ ᠢᠶᠠᠷ ᠢᠶᠠᠨ 5 ᠲᠦᠮᠡᠨ ᠮᠥ ᠳᠠᠷᠢᠬᠤ ᠪᠠᠷ ᠲᠥᠯᠥᠪᠯᠡᠵᠦ ᠪᠣᠶ︔ ᠪᠠᠶᠠᠨᠰᠢᠯᠢ ᠪᠠᠯᠭᠠᠰᠤ᠂ ᠬᠤᠩᠵᠤᠤ ᠰᠢᠶᠠᠩ ᠵᠡᠷᠭᠡ ᠰᠢᠶᠠᠩ ᠪᠠᠯᠭᠠᠰᠤᠨ ᠳᠤ ᠨᠣᠬᠠᠶ ᠶᠢᠨ ᠬᠤᠰᠢᠭᠤ᠂ ᠡᠯᠳᠡᠪ ᠠᠮᠤ ᠡᠯᠳᠡᠪ ᠪᠤᠷᠴᠠᠭ ᠵᠡᠷᠭᠡ ᠠᠵᠤ ᠦᠢᠯᠡᠰ ᠢ ᠬᠥᠭᠵᠢᠭᠦᠯᠵᠦ᠂ ᠪᠦᠬᠦ ᠰᠢᠶᠠᠨ ᠢᠶᠠᠷ ᠢᠶᠠᠨ 10 ᠲᠦᠮᠡᠨ ᠮᠦ ᠲᠠᠷᠢᠬᠤ ᠪᠠᠷ ᠲᠥᠯᠥᠪᠯᠡᠵᠦ ᠪᠤᠢ︔ ᠪᠡᠭᠡᠵᠢᠩ ᠤᠨ ᠳᠤ ᠴᠢᠩ ᠶᠤᠸᠠᠨ ᠤ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ ᠲᠥᠷᠥᠯ  ᠵᠤᠶᠢᠯ ᠪᠠ 20 ᠭᠠᠷᠤᠶ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠳᠤ ᠲᠦᠰᠢᠭᠯᠡᠨ᠂ ᠰᠤᠯᠠ ᠲᠡᠵᠢᠭᠡᠬᠦ ᠲᠠᠬᠢᠶ᠎ᠠ ᠪᠠ ᠥᠨᠳᠡᠭᠡᠨ ᠲᠠᠬᠢᠶ᠎ᠠ ᠶᠢᠨ ᠠᠵᠤ  ᠣᠶᠢᠯᠡᠰ ᠤᠨ ᠬᠥᠭᠵᠢᠯᠲᠡ ᠶᠢᠨ ᠡᠷᠴᠢᠮ ᠢ ᠴᠢᠩᠭᠠᠷᠠᠭᠤᠯᠵᠤ᠂ ᠵᠢᠯ ᠳᠤ 6000 ᠭᠠᠷᠤᠶ ᠲᠣᠨ ᠥᠨᠳᠡᠭᠡᠯᠡᠬᠦ ᠬᠠᠷᠠᠯᠲᠠ ᠶᠢ ᠪᠡᠶᠡᠯᠡᠭᠦᠯᠦᠨ᠎ᠡ᠃                  ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2