2021 ᠣᠨ ᠳᠤ ᠳᠤᠮᠳᠠᠳᠤ ᠤᠯᠤᠰ ᠤᠨ ᠲᠠᠯᠠᠢ ᠶᠢᠨ ᠳᠤᠰᠤᠨ ᠤ ᠵᠦᠸᠧᠽᠢ ᠰᠢᠶᠠᠨ ᠤ ᠬᠡᠷᠡᠭᠯᠡᠭᠡ ᠶᠢ ᠬᠠᠪᠰᠤᠷᠤᠨ ᠲᠡᠳᠬᠦᠵᠦ ᠶᠠᠳᠠᠭᠤ ᠶᠢ ᠲᠡᠳᠬᠦᠵᠦ ᠬᠠᠪᠰᠤᠷᠤᠨ ᠬᠤᠳᠠᠯᠳᠤᠨ ᠠᠪᠴᠤ ᠬᠠᠪᠰᠤᠷᠤᠨ ᠬᠤᠳᠠᠯᠳᠤᠭᠰᠠᠨ ᠠᠮᠵᠢᠯᠲᠠ ᠢᠯᠡᠳᠲᠡ ᠪᠣᠯᠪᠠ
ᠨᠡᠶᠢᠲᠡᠯᠡᠭᠰᠡᠨ ᠴᠠᠭ᠄
2021/5/12
    ᠳᠤᠮᠳᠠᠳᠤ ᠤᠯᠤᠰ ᠤᠨ ᠲᠠᠯᠠᠢ ᠶᠢᠨ ᠳᠤᠰᠤᠨ ᠤ ᠵᠦᠸᠧᠽᠢ ᠰᠢᠶᠠᠨ ᠢ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠠᠴᠠ ᠨᠠᠰᠢ᠂ ᠲᠤᠰ ᠪᠡᠶ᠎ᠡ ᠶᠢᠨ ᠠᠵᠤ ᠠᠬᠤᠶᠢᠯᠠᠯ ᠤᠨ ᠳᠠᠪᠠᠭᠤᠯᠢᠭ ᠢᠶᠠᠨ ᠠᠰᠢᠭᠯᠠᠵᠤ᠂ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠨ ᠵᠦᠸᠧᠽᠢ ᠰᠢᠶᠠᠨ ᠤ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢ ᠢᠳᠡᠪᠬᠢᠲᠡᠢ ᠪᠠᠷ ᠬᠤᠳᠠᠯᠳᠤᠨ ᠠᠪᠴᠤ ᠬᠠᠪᠰᠤᠷᠤᠨ ᠪᠣᠷᠣᠯᠠᠭᠤᠯᠪᠠ᠃ 2020 ᠣᠨ ᠳᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠪᠠᠷ ᠵᠦᠸᠧᠽᠢ ᠰᠢᠶᠠᠨ ᠤ ᠠᠵᠤ ᠠᠬᠤᠢ ᠶᠢᠨ ᠬᠥᠭᠵᠢᠯᠲᠡ ᠮᠠᠭᠤᠳᠠᠵᠤ᠂ 2021 ᠣᠨ ᠳᠤ ᠳᠤᠮᠳᠠᠳᠤ ᠤᠯᠤᠰ ᠤᠨ ᠲᠠᠯᠠᠢ ᠶᠢᠨ ᠲᠤᠰᠤ ᠮᠠᠨ ᠤ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠬᠤ ᠪᠠ ᠬᠠᠪᠰᠤᠷᠤᠨ ᠪᠣᠷᠣᠯᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ 4 ᠰᠠᠷ᠎ᠠ ᠶᠢᠨ ᠰᠡᠭᠦᠯᠴᠢ ᠪᠣᠯᠲᠠᠯ᠎ᠠ᠂ ᠳᠤᠮᠳᠠᠳᠤ ᠤᠯᠤᠰ ᠤᠨ ᠲᠠᠯᠠᠢ ᠶᠢᠨ ᠲᠤᠰᠤ ᠵᠦᠸᠧᠽᠢ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠨᠡᠶᠢᠳᠡ 202.78 ᠲᠦᠮᠡᠨ ᠲᠥᠭᠦᠷᠢᠭ ᠬᠤᠳᠠᠯᠳᠤᠨ ᠠᠪᠴᠤ᠂ ᠰᠢᠶᠠᠨ ᠤ ᠳᠣᠲᠣᠷᠠᠬᠢ ᠡᠯ᠎ᠡ ᠰᠢᠶᠠᠨ ᠤ ᠪᠦᠰᠡ ᠶᠢᠨ ᠠᠵᠤ ᠠᠬᠤᠶᠢᠯᠠᠯ᠂ ᠬᠤᠷᠰᠢᠶ᠎ᠠ ᠶᠢ ᠬᠠᠪᠰᠤᠷᠤᠨ ᠲᠠᠷᠢᠶᠠᠯᠠᠩ ᠤᠨ ᠣᠨᠴᠠ ᠭᠠᠷᠤᠯᠲᠠ ᠶᠢ ᠨᠡᠶᠢᠳᠡ 633.45 ᠲᠦᠮᠡᠨ ᠲᠥᠭᠦᠷᠢᠭ ᠪᠣᠷᠣᠯᠠᠭᠤᠯᠪᠠ᠃                  ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2