ᠣᠳᠣᠬᠠᠨ ᠳᠤ ᠪᠥᠬᠦ ᠰᠢᠶᠠᠨ ᠤ ᠬᠠᠮᠢᠶᠠᠷᠤᠨ ᠡᠵᠡᠮᠳᠡᠬᠦ ᠬᠡᠪᠴᠢᠶᠡᠨ ᠳᠤ ᠵᠢᠭᠰᠠᠭᠠᠭᠳᠠᠭᠰᠠᠨ ᠭᠤᠤᠯᠳᠠᠯᠭ᠎ᠠ ᠲᠠᠢ | ᠡᠨᠧᠷᠭᠢ ᠬᠡᠷᠡᠭᠯᠡᠬᠦ ᠠᠵᠤ ᠠᠬᠤᠶᠢᠯᠠᠯ 9 ᠪᠣᠶ᠂ ᠡᠭᠦᠨ ᠳᠤ 7 ᠠᠵᠤ ᠠᠬᠤᠶᠢᠯᠠᠯ ᠨᠢ ᠲᠡᠮᠦᠷ ᠤᠨ ᠬᠠᠶᠢᠯᠤᠰᠢ ᠶᠢᠨ | ᠠᠵᠤ ᠠᠬᠤᠶᠢᠯᠠᠯ᠂ 1 ᠠᠵᠤ ᠠᠬᠤᠶᠢᠯᠠᠯ ᠨᠢ ᠰᠢᠩᠹᠤᠩ ᠰᠢᠨ᠎ᠡ ᠡᠨᠧᠷᠭᠢ ᠶᠢᠨ ᠪᠠᠯ ᠴᠢᠯᠠᠭᠤᠨ ᠤ ᠠᠵᠤ ᠠᠬᠤᠶᠢᠯᠠᠯ᠂ | ᠢᠳᠦ᠋ᠩ ᠤᠨ ᠳ᠋ᠦᠩᠰᠢᠩ ᠬᠢᠮᠢ ᠶᠢᠨ ᠠᠵᠤ ᠤᠶᠢᠯᠡᠳᠪᠦᠷᠢ ᠶᠢᠨ ᠴᠠᠬᠢᠯᠠᠭᠤᠷ ᠴᠢᠯᠠᠭᠤ᠂ PVC ᠠᠵᠤ ᠠᠬᠤᠶᠢᠯᠠᠯ | 1 ᠪᠣᠶ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠬᠡᠷᠡᠭᠵᠢᠭᠦᠯᠬᠦ ᠲᠥᠰᠦᠯ ᠢ ᠬᠡᠷᠡᠭᠵᠢᠭᠦᠯᠦᠭᠰᠡᠨ ᠠᠴᠠ | ᠨᠠᠰᠢ᠂ 4 ᠦᠢᠯᠡᠳᠪᠦᠷᠢᠯᠡᠯ ︵ᠰᠢᠶᠠᠩ ᠶᠦᠨ᠂ ᠰᠢᠨ ᠾᠧᠩ᠂ ᠰᠦ ᠰᠢᠨ᠂ ᠰᠢᠨ ᠰᠢᠨ ᠳ᠋ᠧ︶ ᠢ ᠵᠣᠭᠰᠣᠭᠠᠵᠤ᠂ | 5 ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠤᠨ ᠦᠢᠯᠡᠳᠪᠦᠷᠢᠯᠡᠪᠡ ︵ᠢᠳᠦ᠋ᠩ᠂ ᠰᠢᠩ ᠹᠧᠩ᠂ ᠲᠢᠶᠠᠨ | ᠪᠦᠦ᠂ ᠪᠥᠸᠧ ᠢᠩ᠂ ᠰᠢᠨ ᠱᠧᠩ︶᠃ 2021 ᠣᠨ ᠤ ᠨᠢᠭᠡᠳᠦᠭᠡᠷ ᠤᠯᠠᠷᠢᠯ ᠳᠤ᠂ ᠪᠥᠬᠦ ᠰᠢᠶᠠᠨ ᠤ | ᠬᠠᠷᠠᠯᠲᠠᠲᠤ ᠴᠠᠬᠢᠯᠭᠠᠨ ᠬᠡᠷᠡᠭᠯᠡᠭᠰᠡᠨ ᠬᠡᠮᠵᠢᠶ᠎ᠡ 9.65 ᠳ᠋ᠦᠩᠰᠢᠭᠤᠷ ᠺᠢᠯᠣᠸᠠᠲ ᠴᠠᠭ ︵118695 ᠲᠦᠮᠡᠨ | ᠲᠣᠨ ᠪᠠᠷᠢᠮᠵᠢᠶᠠᠲᠤ ᠨᠡᠭᠦᠷᠡᠰᠦ︶᠂ ᠪᠣᠳᠠᠲᠠᠶ ᠴᠠᠬᠢᠯᠭᠠᠨ ᠬᠡᠷᠡᠭᠯᠡᠭᠰᠡᠨ ᠬᠡᠮᠵᠢᠶ᠎ᠡ 9.59 ᠳ᠋ᠦᠩᠰᠢᠭᠤᠷ ᠺᠢᠯᠣᠸᠠᠲ | ᠴᠠᠭ ︵117957 ᠲᠦᠮᠡᠨ ᠲᠣᠨ ᠪᠠᠷᠢᠮᠵᠢᠶᠠᠲᠤ ᠨᠡᠭᠦᠷᠡᠰᠦ︶᠂ ᠠᠷᠪᠢᠯᠠᠭᠰᠠᠨ ᠴᠠᠬᠢᠯᠭᠠᠨ ᠤ ᠬᠡᠮᠵᠢᠶ᠎ᠡ 606 | ᠲᠦᠮᠡᠨ ᠺᠢᠯᠣᠸᠠᠲ ᠴᠠᠭ ︵745 .4 ᠲᠣᠨ ᠪᠠᠷᠢᠮᠵᠢᠶᠠᠲᠤ ᠨᠡᠭᠦᠷᠡᠰᠦ︶ ᠪᠠᠶᠢᠵᠤ᠂ ᠪᠠᠷᠤᠭ 6‰ ᠶᠢ ᠡᠵᠡᠯᠡᠪᠡ᠃ | 4 ᠳ᠋ᠦᠭᠡᠷ ᠰᠠᠷ᠎ᠠ ᠳᠤ ᠬᠤᠲᠠ ᠶᠢᠨ ᠱᠠᠲᠤᠨ ᠠᠴᠠ 3.12 ᠳ᠋ᠦᠩᠰᠢᠭᠤᠷ ᠺᠢᠯᠣᠸᠠᠲ ᠴᠠᠭ ︵38376 ᠲᠦᠮᠡᠨ | ᠲᠣᠨ ᠤ ᠪᠠᠷᠢᠮᠵᠢᠶᠠᠲᠤ ᠨᠡᠭᠦᠷᠡᠰᠦ︶ ᠪᠠᠭᠤᠯᠭᠠᠵᠤ᠂ 4 ᠳ᠋ᠦᠭᠡᠷ ᠰᠠᠷ᠎ᠠ ᠶᠢᠨ 11 ᠤ ᠡᠳᠦᠷ ᠪᠣᠯᠲᠠᠯ᠎ᠠ ᠨᠢᠭᠡᠨᠲᠡ 1. | 81 ᠳ᠋ᠦᠩᠰᠢᠭᠤᠷ ᠺᠢᠯᠣᠸᠠᠲ ᠴᠠᠭ ︵22263︶ ᠬᠡᠷᠡᠭᠯᠡᠵᠦ᠂ 4 ᠳ᠋ᠦᠭᠡᠷ ᠰᠠᠷ᠎ᠠ ᠶᠢᠨ ᠬᠠᠷᠠᠯᠲᠠᠲᠤ ᠴᠠᠬᠢᠯᠭᠠᠨ ᠤ | ᠬᠡᠮᠵᠢᠶ᠎ᠡ ᠶᠢᠨ ᠪᠠᠷᠤᠭ 58.31% ᠶᠢ ᠡᠵᠡᠯᠡᠪᠡ᠃ ᠰᠢᠶᠠᠨ ᠤ ᠡᠨᠧᠷᠭᠢ ᠶᠢᠨ ᠬᠤᠷᠣᠭᠳᠠᠭᠤᠯᠤᠯ ᠤᠨ ᠠᠵᠢᠯ ᠤᠨ | ᠬᠡᠷᠡᠭᠵᠢᠭᠦᠯᠬᠦ ᠲᠥᠰᠦᠯ ᠤᠨ ᠶᠣᠰᠣᠭᠠᠷ᠂ ᠵᠢᠱᠢᠯᠲᠡ ᠪᠠᠷ 4 ᠳ᠋ᠦᠭᠡᠷ ᠰᠠᠷ᠎ᠠ ᠶᠢᠨ ᠡᠨᠧᠷᠭᠢ ᠶᠢᠨ | ᠬᠤᠷᠣᠭᠳᠠᠭᠤᠯᠤᠯ ᠤᠨ ᠬᠤᠤᠰ ᠡᠵᠡᠮᠳᠡᠯ ᠤᠨ ᠡᠭᠦᠷᠭᠡ ᠶᠢ ᠪᠡᠶᠡᠯᠡᠭᠦᠯᠦᠨ᠎ᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |