ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/5/12
    ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠰᠢᠶᠤᠤ ᠵᠢᠶᠦ᠋ᠨ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠨᠳᠥᠷ ᠵᠣᠭᠰᠣᠴᠠ ᠠᠴᠠ ᠴᠡᠭᠴᠡᠯᠡᠯᠲᠡ ᠶᠢ ᠠᠳᠬᠤᠨ᠂ ᠰᠠᠭᠤᠷᠢ ᠶᠢ ᠪᠠᠲᠤᠳᠬᠠᠨ ᠰᠤᠷᠤᠯᠴᠠᠯᠭ᠎ᠠ ᠶᠢ ᠠᠳᠬᠤᠵᠤ᠂ ᠦᠨᠡᠨ ᠪᠣᠳᠠᠲᠠᠶ ᠲᠠᠢ ᠬᠠᠯᠳᠠᠵᠤ ᠪᠠᠶᠢᠴᠠᠭᠠᠨ ᠵᠠᠯᠠᠷᠠᠭᠤᠯᠬᠤ ᠠᠵᠢᠯ ᠢ ᠠᠳᠬᠤᠵᠤ᠂ ᠵᠣᠷᠢᠭᠲᠠᠶ ᠪᠠᠷ ᠳᠣᠲᠣᠭᠰᠢ ᠪᠠᠨ ᠬᠠᠨᠳᠤᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠡᠶ᠃
 ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠰᠦ ᠹᠦ᠋ ᠯᠢᠶᠠᠩ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠠᠶᠢᠩᠭᠤ ᠶᠢᠨ ᠳᠡᠳ᠋ ᠱᠦᠵᠢ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠴᠧᠨ ᠮᠢᠩ ᠪᠠᠷ᠎ᠠ ᠪᠣᠯᠵᠤ ᠬᠢᠨᠠᠨ ᠵᠢᠯᠣᠭᠤᠳᠪᠠ᠃    ᠸᠠᠩ ᠰᠢᠶᠤᠤ ᠵᠢᠶᠦ᠋ᠨ ᠤᠷᠢᠳ ᠬᠤᠵᠢᠳ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ ᠬᠢᠨᠠᠨ ᠵᠢᠯᠣᠭᠤᠳᠴᠤ ᠪᠠᠶᠢᠴᠠᠭᠠᠪᠠ᠃ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠥᠮᠦᠵᠢᠯ ᠴᠡᠭᠴᠡᠯᠡᠯᠲᠡ ᠶᠢᠨ ᠠᠭᠤᠷ ᠠᠮᠢᠰᠬᠤᠯ ᠢ ᠪᠣᠶ ᠪᠣᠯᠭᠠᠬᠤ᠂ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠯᠣᠭᠤᠳᠤᠨ ᠴᠡᠭᠴᠡᠯᠡᠨ ᠰᠠᠶᠢᠵᠢᠷᠠᠭᠤᠯᠪᠠ᠃
   ᠸᠠᠩ ᠰᠢᠶᠤᠤ ᠵᠢᠶᠦ᠋ᠨ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠰᠢᠨ᠎ᠡ ᠴᠠᠭ ᠦᠶ᠎ᠡ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠵᠠᠮ ᠮᠥᠨ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤ ᠥᠭᠬᠦ ᠲᠤᠯᠭᠠᠮ ᠱᠠᠭᠠᠷᠳᠠᠯᠭ᠎ᠠ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠨᠳᠥᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠥᠷᠨᠢᠭᠦᠯᠬᠦ ᠬᠡᠷᠡᠭᠲᠡᠶ᠃
  ᠸᠠᠩ‌‍ᠰᠢᠶᠤᠤ ᠵᠢᠶᠦ᠋ᠨ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ᠂ ᠪᠠᠭ ᠤᠨ ᠪᠦᠷᠢᠯᠳᠦᠬᠦᠨ ᠬᠦᠴᠦ ᠪᠠᠨ ᠬᠠᠮᠲᠤᠳᠬᠠᠨ ᠠᠳᠬᠤᠬᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠮᠵᠢᠯᠴᠠᠨ ᠠᠳᠬᠤᠬᠤ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠶ᠃ ᠳᠤᠭᠤᠶᠢᠯᠠᠩ ᠤᠨ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠪᠥᠬᠦ ᠲᠠᠯ᠎ᠠ ᠪᠠᠷ ᠨᠠᠷᠢᠨ ᠨᠢᠮᠪᠠᠶ ᠵᠢᠭᠠᠨ ᠵᠢᠯᠣᠭᠤᠳᠴᠤ ᠬᠢᠨᠠᠨ ᠵᠢᠯᠣᠭᠤᠳᠴᠤ᠂ ᠡᠯ᠎ᠡ ᠨᠢᠭᠡᠴᠡ ᠶᠢ ᠬᠠᠪᠰᠤᠷᠤᠨ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠨᠡᠶᠢᠲᠡᠯᠢᠭ ᠲᠤᠷᠰᠢᠯᠭ᠎ᠠ ᠪᠠ ᠠᠵᠢᠯ ᠤᠨ ᠬᠢᠯᠠᠰ ᠴᠡᠭ ᠢ ᠪᠤᠢ ᠪᠣᠯᠭᠠᠵᠤ᠂ ᠬᠥᠮᠦᠵᠢᠯ ᠴᠡᠭᠴᠡᠯᠡᠯᠲᠡ ᠶᠢ ᠬᠥᠲᠥᠯᠥᠨ ᠵᠢᠯᠣᠭᠤᠳᠴᠤ ᠪᠠᠶᠢᠭᠠᠳ ᠨᠡᠩ ᠶᠡᠭᠡ ᠦᠷ᠎ᠡ ᠪᠦᠲᠦᠮᠵᠢ ᠤᠯᠬᠤ ᠬᠡᠷᠡᠭᠲᠡᠶ᠃
   ᠸᠠᠩ ᠰᠢᠶᠤᠤ ᠵᠢᠶᠦ᠋ᠨ ᠱᠠᠭᠠᠷᠳᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠤᠳᠤᠷᠢᠳᠬᠤ ᠪᠠᠭ ᠲᠦᠷᠦᠭᠦᠯᠡᠨ ᠰᠤᠷᠤᠯᠴᠠᠵᠤ᠂ ᠱᠠᠲᠤ ᠦᠶ᠎ᠡ ᠶᠢᠨ ᠳ᠋ᠦᠩᠨᠡᠯᠲᠡ ᠦᠨᠡᠯᠡᠯᠲᠡ ᠶᠢ ᠰᠠᠶᠢᠲᠤᠷ ᠬᠢᠵᠦ᠂ ᠴᠠᠭ ᠲᠤᠬᠠᠶ ᠳᠤᠨᠢ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠬᠡᠷᠡᠭ ᠤᠨ ᠵᠢᠱᠢᠶ᠎ᠡ ᠳᠡᠯᠭᠡᠵᠦ᠂ ᠲᠥᠷᠥᠭᠳᠡᠯ ᠢᠶᠠᠨ ᠶᠠᠷᠢᠵᠤ᠂ ᠲᠥᠷᠥᠭᠳᠡᠯ ᠢᠶᠠᠨ ᠶᠠᠷᠢᠬᠤ ᠪᠠᠷ ᠳᠠᠮᠵᠢᠭᠤᠯᠤᠨ᠂ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠡᠷᠡᠰ ᠵᠣᠷᠢᠭ ᠢᠶᠠᠷ ᠰᠤᠷᠲᠠᠯ ᠢ ᠪᠥᠬᠦ ᠲᠠᠯ᠎ᠠ ᠪᠠᠷ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ᠃ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠤᠨ ᠡᠭᠦᠷ ᠤᠨ ᠠᠵᠢᠯᠯᠠᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠳᠠᠮᠵᠢᠭᠤᠯᠤᠨ ᠤᠨᠤᠯ ᠤᠨ ᠪᠠᠶᠢᠳᠠᠯ ᠢ ᠣᠶᠢᠯᠠᠭᠠᠬᠤ ᠰᠢᠯᠭᠠᠯᠲᠠ᠂ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠱᠠᠩᠨᠠᠯ ᠲᠠᠢ ᠥᠷᠢᠰᠥᠯᠳᠦᠨ ᠲᠠᠭᠠᠮᠠᠭᠯᠠᠬᠤ ᠵᠡᠷᠭᠡ ᠪᠠᠶᠠᠯᠢᠭ ᠰᠠᠶᠢᠬᠠᠨ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠦᠨᠡᠨ ᠬᠦ ᠪᠠᠲᠤᠯᠠᠵᠤ᠂ ︽ᠳᠡᠭᠡᠷ᠎ᠡ ᠨᠢ ᠬᠠᠯᠠᠭᠤᠨ ᠳᠤᠮᠳᠠ ᠨᠢ ᠬᠠᠯᠠᠭᠤᠨ ᠳᠣᠣᠷ᠎ᠠ ᠨᠢ ᠬᠦᠢᠳᠡᠨ ᠪᠠᠶᠢᠬᠤ︾ ᠠᠴᠠ ᠵᠠᠶᠢᠯᠠᠰᠬᠢᠬᠦ ᠬᠡᠷᠡᠭᠲᠡᠢ᠃ ᠲᠤᠰ ᠤᠳᠠᠭ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠠᠤᠯᠢᠵᠢᠯ ᠤᠨ ᠰᠡᠳᠬᠢᠬᠦᠢ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃                  ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2