ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ ᠲᠡᠷᠡ ᠨᠢ ᠬᠥᠮᠦᠰ ᠲᠤ ᠰᠡᠩᠬᠡᠷᠡᠭᠦᠯᠦᠯ ᠥᠭᠴᠦ᠂ | ᠬᠦᠴᠦᠨ ᠴᠢᠳᠠᠯ ᠣᠯᠭᠤᠳᠠᠭ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠤᠢ ᠪᠣᠯᠤᠨ᠎ᠠ᠃ ᠡᠨᠡ ᠵᠠᠭᠤᠨ ᠵᠢᠯ ᠪᠣᠯ ᠦᠨᠡᠨ ᠶᠣᠰᠣ ᠶᠢ ᠡᠷᠢᠯᠬᠢᠯᠡᠨ ᠳᠠᠰᠤᠷᠠᠯᠳᠠ ᠦᠬᠡᠢ | ᠬᠠᠶᠢᠨ ᠰᠦᠪᠡᠭᠴᠢᠯᠡᠭᠰᠡᠨ ᠵᠠᠭᠤᠨ ᠵᠢᠯ ᠮᠥᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠦᠢᠯᠡᠰ ᠪᠤᠰᠬᠠᠬᠤ ᠵᠠᠭᠤᠨ | ᠵᠢᠯ ᠮᠥᠨ᠂ ᠭᠡᠷᠡᠯ ᠰᠠᠴᠤᠷᠠᠩᠭᠤᠢ ᠦᠢᠯᠡᠰ ᠢ ᠡᠭᠦᠳᠴᠦ ᠢᠷᠡᠭᠡᠳᠦᠢ ᠪᠠᠨ ᠨᠡᠭᠡᠭᠡᠭᠰᠡᠨ ᠵᠠᠭᠤᠨ ᠵᠢᠯ ᠮᠥᠨ᠃ | | ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ | ᠂ ᠬᠤᠪᠢᠰᠬᠠᠯ ᠤᠨ ᠭᠧᠨ ᠢ ᠤᠯᠠᠮᠵᠢᠯᠠᠬᠤ ᠶᠢᠨ ᠲᠥᠯᠥᠭᠡ᠂ ᠬᠤᠶᠢᠲᠦ ᠵᠡᠭᠡᠯᠢ ᠨᠡᠶᠢᠭᠡᠮ ᠲᠣᠭᠤᠷᠢᠭ ᠤᠨ ᠬᠢᠨ 5 | ᠰᠠᠷ᠎ᠠ ᠶᠢᠨ 14 ᠤ ᠡᠳᠦᠷ ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠤᠨᠤᠯ ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ ᠤᠨ ᠪᠠᠭ᠎ᠠ ᠰᠠᠯᠪᠤᠷᠢ ᠠᠩᠬᠢ ᠶᠢ ᠤᠷᠢᠵᠤ | ᠲᠤᠰ ᠨᠡᠶᠢᠭᠡᠮ ᠲᠣᠭᠤᠷᠢᠭ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠶᠢᠨ ᠲᠡᠦᠬᠡ︾ ᠶᠢ | ᠰᠤᠷᠤᠯᠴᠠᠬᠤ ᠶᠢ ᠤᠬᠠᠭᠤᠯᠤᠨ ᠲᠠᠶᠢᠯᠪᠤᠷᠢᠯᠠᠪᠠ᠃ | ᠲᠣᠰ ᠤᠳᠠᠭᠠᠨ ᠤ ᠰᠤᠷᠤᠯᠴᠠᠯᠭ᠎ᠠ ᠶᠢ ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠰᠠᠯᠪᠤᠷᠢ ᠪᠠᠭ᠎ᠠ | ᠠᠩᠭᠢ ᠶᠢᠨ ᠭᠡᠰᠢᠭᠦᠨ ᠯᠢᠦ ᠵᠢᠶᠠᠨ ᠬᠤᠸᠠ ᠭᠤᠤᠯᠯᠠᠨ ᠶᠠᠷᠢᠵᠠᠶ᠃ ᠵᠦᠸᠧᠽᠢ ᠶᠢᠨ ᠡᠬᠢᠨ ᠤ ᠦᠶ᠎ᠡ ᠶᠢᠨ | ᠬᠤᠪᠢᠰᠬᠠᠯᠲᠤ ᠠᠵᠢᠯᠯᠠᠭ᠎ᠠ ᠠᠴᠠ ᠶᠠᠫᠣᠨ ᠢ ᠡᠰᠡᠷᠭᠦᠴᠡᠬᠦ ᠲᠠᠶᠢᠨ ᠤ ᠦᠶ᠎ᠡ᠂ ᠴᠢᠯᠥᠭᠡᠯᠡᠬᠦ ᠲᠠᠶᠢᠨ ᠤ ᠦᠶ᠎ᠡ᠂ | ᠨᠡᠶᠢᠭᠡᠮ ᠵᠢᠷᠤᠮ ᠤᠨ ᠥᠭᠡᠷᠡᠴᠢᠯᠡᠯᠲᠡ ᠪᠣᠯᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ | ᠰᠦᠪᠡᠭᠴᠢᠯᠡᠯᠳᠡ ᠬᠦᠷᠲᠡᠯ᠎ᠡ᠂ ᠰᠣᠶᠣᠯ ᠤᠨ ᠶᠡᠭᠡ ᠬᠤᠪᠢᠰᠬᠠᠯ ᠤᠨ ᠦᠶ᠎ᠡ᠂ ᠥᠭᠡᠷᠡᠴᠢᠯᠡᠯᠲᠡ ᠨᠡᠭᠡᠭᠡᠯᠳᠡ ᠶᠢᠨ | ᠦᠶ᠎ᠡ ᠠᠴᠠ ᠬᠠᠮᠤᠭ ᠰᠡᠭᠦᠯᠴᠢ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠬᠦᠷᠲᠡᠯ᠎ᠡ ᠰᠤᠷᠤᠯᠴᠠᠨ᠎ᠠ᠃ | | | ᠠᠳᠠᠯᠢ ᠪᠤᠰᠤ ᠴᠠᠭ ᠦᠶ᠎ᠡ ᠶᠢᠨ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠪᠣᠳᠠᠲᠤ ᠠᠵᠢᠯᠯᠠᠭ᠎ᠠ ᠪᠠᠷ ᠢᠶᠠᠨ | ᠡᠪ ᠬᠠᠮᠲᠤᠴᠤᠳ ᠤᠨ ᠠᠷᠠᠳ ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠣᠯᠤᠨ ᠡᠷᠬᠢᠮ ᠳᠡᠭᠡᠳᠦ ᠵᠠᠩ | ᠴᠢᠨᠠᠷ ᠢ ᠲᠠᠶᠢᠯᠪᠤᠷᠢᠯᠠᠵᠤ᠂ ᠦᠬᠦᠵᠤ ᠰᠡᠭᠡᠬᠦ ᠪᠠᠨ ᠦᠯᠦ ᠬᠠᠶᠢᠬᠤᠷᠤᠨ᠂ ᠪᠠᠶᠢᠯᠳᠤᠭᠠᠨ ᠤ ᠭᠠᠪᠢᠶ᠎ᠠ ᠵᠢᠳᠬᠦᠯ | ᠭᠠᠷᠭᠠᠵᠤ᠂ ᠪᠠᠭᠠᠲᠤᠷᠴᠤᠳ ᠤᠨ ᠤᠤᠷ ᠴᠢᠨᠠᠷ ᠢ ᠢᠯᠡᠷᠡᠭᠦᠯᠵᠦ᠂ ᠴᠠᠭ ᠦᠶ᠎ᠡ ᠶᠢᠨ ᠦᠯᠢᠭᠡᠷ ᠳᠠᠭᠤᠷᠢᠶᠠᠯ | ᠪᠣᠯᠤᠭᠰᠠᠨ ᠪᠠᠶᠢᠨ᠎ᠠ᠃ | ᠡᠪ ᠬᠠᠮᠲᠤ ᠨᠠᠮ ᠤᠨ ᠤᠳᠤ ᠶᠢᠨ ᠡᠩᠨᠡᠭᠡᠨ ᠳᠤ᠂ ᠪᠢᠳᠡᠨ ᠳᠤ ᠬᠤᠪᠢᠰᠬᠠᠯ ᠤᠨ ᠤᠷᠢᠳᠤᠰ ᠮᠡᠲᠦ ᠶᠢᠨ ᠨᠡᠩ | ᠤᠯᠠᠨ ᠬᠥᠮᠦᠰ ᠱᠠᠭᠠᠷᠳᠠᠭᠳᠠᠵᠤ᠂ ᠢᠮᠠᠭᠲᠠ ᠨᠠᠮ ᠪᠠ ᠤᠯᠤᠰ ᠣᠷᠣᠨ ᠪᠠ ᠠᠷᠠᠳ ᠲᠦᠮᠡᠨ ᠳᠡᠭᠡᠨ ᠦᠨᠡᠨᠴᠢ | ᠰᠢᠳᠤᠷᠭᠤ ᠪᠠᠶᠢᠵᠤ᠂ ᠨᠢᠭᠡ ᠨᠠᠰᠤᠨ ᠤ ᠤᠶᠤᠨ ᠴᠢᠳᠠᠯ ᠢᠶᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠬᠦ ᠬᠡᠷᠡᠭᠲᠡᠢ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠨᠢ ᠠᠷᠠᠳ ᠲᠦᠮᠡᠨ ᠳᠤ ᠲᠡᠦᠬᠡ ᠶᠢ ᠡᠷᠭᠢᠴᠡᠭᠦᠯᠬᠦ | ᠳᠤᠮᠳᠠ ᠠᠴᠠ ᠤᠶᠤᠨ ᠰᠠᠨᠠᠭᠠᠨ ᠤ ᠬᠦᠴᠦᠨ ᠴᠢᠳᠠᠯ ᠣᠯᠭᠤᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ | ᠨᠡᠮᠡᠭᠳᠡᠭᠦᠯᠵᠦ ᠴᠢᠳᠠᠨ᠎ᠠ᠃ ᠪᠢᠳᠡ ᠰᠤᠷᠤᠯᠴᠠᠬᠤ ᠳᠠᠭᠠᠨ ᠰᠡᠳᠬᠢᠬᠦ ᠶᠠᠭᠤᠮ᠎ᠠ ᠲᠠᠢ᠂ ᠰᠤᠷᠤᠯᠴᠠᠬᠤ ᠳᠠᠭᠠᠨ | ᠤᠬᠠᠭᠠᠷᠠᠬᠤ ᠶᠠᠭᠤᠮ᠎ᠠ ᠲᠠᠢ᠂ ᠰᠤᠷᠤᠯᠴᠠᠬᠤ ᠳᠠᠭᠠᠨ ᠣᠯᠤᠯᠲᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠬᠤᠪᠢᠰᠬᠠᠯ ᠤᠨ ᠰᠣᠩᠭᠤᠳᠠᠭ ᠵᠣᠬᠢᠶᠠᠯ ᠢ ᠲᠠᠬᠢᠨ ᠰᠠᠨᠠᠭᠠᠯᠵᠠᠬᠤ ᠳᠤᠮᠳᠠ ᠬᠦᠰᠡᠯᠡᠩ ᠢᠶᠠᠨ ᠡᠷᠢᠯᠬᠢᠯᠡᠵᠦ᠂ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠠᠴᠠ ᠰᠤᠷᠤᠯᠴᠠᠬᠤ ᠳᠤᠮᠳᠠ ᠢᠲᠡᠭᠡᠯ ᠪᠢᠰᠢᠷᠡᠯ ᠢᠶᠠᠨ ᠪᠠᠲᠤᠳᠬᠠᠵᠤ᠂ | ᠴᠠᠭ ᠦᠶ᠎ᠡ ᠶᠢᠨ ᠵᠥᠷᠢ᠊ ᠡᠶ᠎ᠡ ᠶᠢ ᠠᠳᠠᠯᠢᠳᠬᠠᠬᠤ ᠳᠤᠮᠳᠠ ᠲᠡᠮᠡᠴᠡᠯ ᠤᠨ ᠬᠦᠴᠢᠷ ᠪᠡᠷᠬᠡ ᠶᠢ ᠮᠡᠳᠡᠷᠡᠵᠦ᠂ ᠣᠳᠣᠬᠢ | ᠪᠠᠶᠢᠳᠠᠯ ᠢᠶᠠᠨ ᠨᠠᠨᠳᠢᠩᠨᠠᠨ᠎ᠠ᠃ ᠨᠠᠮ ᠤᠨ ᠲᠡᠦᠬᠡ ᠶᠢᠨ ᠳ᠋ᠦᠩᠨᠡᠭᠰᠡᠨ ᠲᠤᠷᠰᠢᠯᠭ᠎ᠠ ᠶᠢ ᠰᠤᠷᠤᠯᠴᠠᠬᠤ ᠶᠢ ᠠᠵᠢᠯ ᠢᠶᠠᠨ | ᠠᠬᠢᠭᠤᠯᠬᠤ ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠨᠠᠮ ᠤᠨ | ᠲᠡᠦᠬᠡ ᠶᠢ ᠰᠤᠷᠤᠯᠴᠠᠬᠤ᠂ ᠨᠠᠮ ᠤᠨ ᠲᠡᠦᠬᠡ ᠶᠢ ᠮᠡᠳᠡᠬᠦ᠂ ᠨᠠᠮ ᠤᠨ ᠲᠡᠦᠬᠡ ᠶᠢ ᠬᠡᠷᠡᠭᠯᠡᠬᠦ ᠶᠢ ᠦᠨᠡᠨ ᠬᠦ | ᠪᠡᠶᠡᠯᠡᠭᠦᠯᠵᠦ᠂ ᠨᠡᠩ ᠴᠤ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯᠴᠡᠭᠡ ᠪᠠᠨ | ᠨᠡᠮᠡᠭᠳᠡᠭᠦᠯᠬᠦ᠂ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠠᠮᠢᠵᠢᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠬᠦ ᠬᠡᠷᠡᠭᠲᠡᠢ᠃ | | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |