ᠴᠤᠩᠬᠤᠪᠴᠢ ᠨᠢᠭᠡᠴᠡ ᠶᠢᠨ ᠰᠤᠷᠲᠠᠯ ᠤᠨ ᠠᠰᠠᠭᠤᠳᠠᠯ ᠪᠠ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠤᠨ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠲᠤᠬᠠᠶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2021/9/15
    ᠵᠦᠸᠧᠽᠢ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠷᠲᠠᠯ ᠤᠨ ᠠᠰᠠᠭᠤᠳᠠᠯ ᠪᠠ ᠣᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠶᠢᠨ ᠲᠥᠯᠥᠭᠡ᠂ ᠴᠤᠩᠬᠤᠪᠴᠢ ᠨᠢᠭᠡᠴᠢ ᠶᠢᠨ ︽ᠠᠯᠵᠠᠭᠤ ᠬᠤᠶᠢᠷᠭᠤ᠂ ᠴᠢᠷᠴᠦ ᠵᠠᠶᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠵᠡᠷᠭᠡ ᠰᠤᠷᠲᠠᠯ ᠤᠨ ᠠᠰᠠᠭᠤᠳᠠᠯ ᠵᠢᠴᠢ ᠤᠯᠠᠨ ᠲᠦᠮᠡᠨ ᠤ ᠳᠡᠷᠭᠡᠳᠡ ᠡᠭᠦᠰᠦᠭᠰᠡᠨ ︽ᠦᠯᠡᠳᠡᠭᠡᠨ ᠠᠪᠴᠤ ᠨᠡᠭᠦᠯᠭᠡᠨ ᠬᠡᠷᠡᠭᠯᠡᠬᠦ︾᠂ ︽ᠢᠳᠡᠬᠦ ᠠᠪᠬᠤ ᠭᠠᠴᠢᠵᠤ ᠠᠪᠬᠤ︾ ᠵᠡᠷᠭᠡ ᠢᠯᠵᠠᠷᠠᠯ ᠤᠨ ᠠᠰᠠᠭᠤᠳᠠᠯ ᠢ ᠪᠦᠬᠦ ᠲᠠᠯ᠎ᠠ ᠪᠠᠷ ᠬᠤᠷᠢᠭᠯᠠᠵᠤ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠪᠠᠲᠤᠯᠠᠵᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠴᠤᠩᠬᠤᠪᠴᠢ ᠨᠢᠭᠡᠴᠢ ᠶᠢᠨ ᠰᠤᠷᠲᠠᠯ ᠤᠨ ᠠᠰᠠᠭᠤᠳᠠᠯ ᠪᠠ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠤᠨ ᠠᠰᠠᠭᠤᠳᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠪᠦᠬᠦ ᠲᠠᠯ᠎ᠠ ᠪᠠᠷ ᠬᠦᠯᠢᠶᠡᠨ ᠠᠪᠴᠤ ᠰᠢᠶ᠋ᠳᠪᠦᠷᠢᠯᠡᠪᠡ᠃ ᠤᠳᠤ ᠬᠦᠯᠢᠶᠡᠨ ᠠᠪᠴᠤ ᠰᠢᠶ᠋ᠳᠪᠦᠷᠢᠯᠡᠬᠦ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠳᠣᠣᠷᠠᠬᠢ ᠮᠡᠲᠦ ᠵᠠᠷᠯᠠᠶ᠎ᠠ᠄ 1. ᠵᠠᠬᠢᠳᠠᠯ ᠢᠷᠡᠭᠦᠯᠦᠭᠰᠡᠨ ᠬᠠᠶ᠋ᠢᠭ᠄ ᠵᠦᠸᠧᠽᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ᠂ ᠰᠢᠦᠳᠠᠨ ᠳ᠋ᠤᠭᠠᠷ᠄ 012300    2. ᠰᠤᠷᠪᠤᠯᠵᠢᠯᠠᠬᠤ ᠪᠠᠷ ᠢᠷᠡᠭᠰᠡᠨ ᠬᠠᠶ᠋ᠢᠭ᠄ ᠵᠦᠸᠧᠽᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠭᠡᠷ    3. ᠤᠲᠠᠰᠤ ᠪᠠᠷ ᠢᠯᠡᠴᠢᠯᠡᠨ ᠮᠡᠳᠡᠭᠦᠯᠬᠦ᠄ 0474 ᡺ 12388    4. ᠰᠦᠯᠵᠢᠶ᠎ᠡ ᠪᠠᠷ ᠢᠯᠡᠴᠢᠯᠡᠨ ᠮᠡᠳᠡᠭᠦᠯᠬᠦ᠄    Http://neimeng.12388.gov.cn/wlcbs/zhuozixian/zhuozixian/http://neimeng.12388.gov.cn/wlcbs/zhuozixian/    5. ᠸᠢᠴᠠᠲ ᠤᠨ ᠢᠯᠡᠴᠢᠯᠡᠨ ᠮᠡᠳᠡᠭᠦᠯᠦᠯᠲᠡ᠄
 
   ᠵᠢᠷᠤᠭ        ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠲᠦᠮᠡᠨ ᠠᠰᠠᠭᠤᠳᠠᠯ ᠤᠨ ᠰᠦᠪᠡᠭᠴᠢ ᠶᠢ ᠢᠳᠡᠪᠬᠢᠲᠡᠶ ᠪᠠᠷ ᠬᠠᠩᠭᠠᠬᠤ ᠶᠢ ᠬᠦᠰᠡᠵᠦ ᠪᠠᠶᠢᠨ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠶ᠋ᠳᠪᠦᠷᠢᠯᠡᠬᠦ ᠠᠵᠢᠯ ᠢ ᠰᠠᠶᠢᠲᠤᠷ ᠬᠢᠵᠦ᠂ ᠢᠯᠡᠴᠢᠯᠡᠨ ᠮᠡᠳᠡᠭᠦᠯᠦᠭᠴᠢ ᠪᠣᠯᠤᠨ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠡᠭᠦᠨ ᠤ ᠬᠠᠮᠲᠤ᠂ ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠮᠠᠨ ᠤ ᠰᠢᠶᠠᠨ ᠤ ᠰᠤᠷᠲᠠᠯ ᠤᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠤᠨ᠎ᠠ᠃                                                ᠳᠤᠮᠳᠠᠳᠤ ᠤᠯᠤᠰ ᠤᠨ ᠡᠪ ᠬᠠᠮᠲᠤ ᠨᠠᠮ ᠤᠨ ᠵᠦᠸᠧᠽᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                         ᠵᠦᠸᠧᠽᠢ ᠰᠢᠶᠠᠨ ᠤ ᠬᠢᠨᠠᠨ ᠪᠠᠶᠢᠴᠠᠭᠠᠬᠤ ᠵᠥᠪᠯᠡᠯ                                         2021 ᠣᠨ ᠤ 9 ᠰᠠᠷ᠎ᠠ ᠶᠢᠨ 8
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2