︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/2
    ᠨᠢᠭᠡ᠂ ᠨᠡᠶᠢᠲᠡᠯᠡᠭᠰᠡᠨ ᠠᠬᠤᠶ ᠪᠠᠶᠢᠳᠠᠯ       2015 ᠣᠨ ᠤ 1 ᠳ᠋ᠦᠭᠡᠷ ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠷᠭ᠎ᠠ︾ ᠶᠢ ᠨᠡᠶᠢᠲᠡᠯᠡᠵᠦ᠂ 2018 ᠣᠨ ᠤ ᠡᠴᠦᠰ ᠪᠣᠯᠲᠠᠯ᠎ᠠ᠂ 12 ᠠᠵᠤ ᠠᠬᠤᠶᠢᠯᠠᠯ ᠭᠠᠷᠮᠠᠭᠠᠶ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠢᠶᠠᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠦᠷᠲᠡᠭᠴᠢ ᠪᠣᠯᠪᠠ᠃ ᠳᠥᠷᠪᠡᠨ ᠬᠤᠭᠤᠴᠠᠭᠠᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠦᠭᠰᠡᠨ ᠠᠴᠠ ᠨᠠᠰᠢ᠂ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠶᠠᠰᠤ ᠴᠢᠨᠠᠷ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶ᠋ᠯᠡᠳᠦᠯ ᠦᠵᠡᠭᠦᠯᠪᠡ᠃        ᠠᠵᠤ ᠠᠬᠤᠶ ᠶᠢᠨ ᠪᠦᠲᠦᠴᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠬᠦ ᠪᠠ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠣᠷᠴᠢᠨ ᠨᠥᠬᠦᠴᠡᠯ ᠳᠤ ᠨᠢᠭᠡᠨᠲᠡ ᠭᠦᠨᠵᠡᠭᠡᠶ ᠬᠤᠪᠢᠷᠠᠯᠲᠠ ᠭᠠᠷᠴᠤ᠂ ᠱᠠᠩᠨᠠᠬᠤ ᠡᠲᠡᠭᠡᠳ ᠪᠠ ᠠᠵᠢᠯᠯᠠᠬᠤ ᠵᠢᠷᠤᠮ ᠳᠤ ᠴᠥᠮ ᠬᠤᠪᠢᠷᠠᠯᠲᠠ ᠭᠠᠷᠴᠤ᠂ ᠤᠤᠯ ᠤᠨ ︽ᠠᠷᠭ᠎ᠠ︾ ᠨᠢ ᠨᠢᠭᠡᠨᠲᠡ ᠰᠢᠨ᠎ᠡ ᠪᠠᠶᠢᠳᠠᠯ ᠤᠨ ᠬᠡᠷᠡᠭᠴᠡᠭᠡ ᠳᠤ ᠵᠣᠬᠢᠴᠠᠬᠤ ᠥᠬᠡᠶ ᠪᠣᠯᠤᠭᠰᠠᠨ ᠪᠥᠭᠡᠳ 2020 ᠣᠨ ᠤ 1 ᠰᠠᠷ᠎ᠠ ᠳᠤ ᠬᠤᠭᠤᠴᠠᠭ᠎ᠠ ᠨᠢ ᠲᠤᠯᠵᠠᠶ᠃ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 2021 ᠣᠨ ᠤ 4 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠠᠯᠪᠠᠨ ᠲᠠᠷᠬᠠᠭᠠᠭᠰᠠᠨ ︹ 2021 ︺15 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃        ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠶᠢᠨ ᠵᠢᠷᠭᠤᠳᠤᠭᠠᠷ ᠵᠦᠢᠯ ᠳᠠᠬᠢ ︽ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ ᠨᠢ ᠲᠡᠷᠢᠭᠦᠨ ᠤ ᠪᠥᠭᠡᠳ ᠦᠢᠯᠡᠳᠬᠦᠨ ᠤ ᠶᠠᠰᠤ ᠴᠢᠨᠠᠷ ᠨᠢ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠦᠭᠰᠡᠨ᠂ ᠢᠯᠡᠳᠲᠡ ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠱᠠᠩᠨᠠᠨ ᠬᠥᠬᠢᠭᠦᠯᠦᠨ᠎ᠡ᠃︾    2. ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ᠤᠨ ᠬᠤᠷᠢᠨ ᠵᠢᠷᠭᠤᠳᠤᠭᠠᠷ ᠵᠦᠢᠯ ᠳᠤ ︽ᠤᠯᠤᠰ ᠤᠨ ᠶᠠᠰᠤ ᠴᠢᠨᠠᠷ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠯᠤᠰ ᠤᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠤᠨ ᠬᠥᠬᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠬᠡᠪ ᠳᠠᠭᠤᠷᠢᠶᠠᠯ ᠢ ᠪᠣᠶ ᠪᠣᠯᠭᠠᠵᠤ᠂ ᠶᠠᠰᠤ ᠴᠢᠨᠠᠷ ᠤᠨ ᠲᠡᠷᠢᠭᠦᠨ ᠤ ᠬᠢ ᠶᠢ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠱᠠᠩᠨᠠᠯ ᠭᠥᠷᠳᠡᠭᠰᠡᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ᠂ ᠢᠲᠡᠭᠡᠮᠵᠢᠲᠦ ᠵᠢᠭᠡᠯᠡᠯᠭᠡ᠂ ᠲᠥᠷᠥᠯ ᠵᠦᠢᠯ ᠤᠨ ᠪᠠᠯᠠ ᠣᠷᠣᠭᠤᠯᠤᠯᠲᠠ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠤᠭᠰᠠᠨ ᠠᠵᠤ ᠠᠬᠤᠶᠢᠯᠠᠯ ᠪᠠ ᠬᠤᠪᠢ ᠬᠥᠮᠦᠨ ᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠤᠬᠠᠭᠤᠯᠤᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠥᠬᠦᠶ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠪᠠ    3. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠤᠨ ᠬᠤᠷᠢᠨ  ᠨᠠᠢᠮᠠᠳᠤᠭᠠᠷ ᠵᠦᠢᠯ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ﹀ ᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠶᠢ ᠦᠷᠭᠦᠯᠵᠢᠯᠡᠨ ᠥᠷᠨᠢᠭᠦᠯᠵᠦ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ﹀ ᠤᠨ ᠱᠠᠩᠨᠠᠯ ᠣᠯᠤᠭᠰᠠᠨ ᠠᠵᠤ ᠠᠬᠤᠶᠢᠯᠠᠯ ᠤᠨ ᠮᠥᠩᠭᠦᠨ ᠭᠦᠶ᠋ᠯᠭᠡᠭᠡ᠂ ᠢᠲᠡᠭᠡᠮᠵᠢᠲᠦ ᠵᠢᠭᠡᠯᠡᠯᠭᠡ᠂ ᠲᠥᠷᠥᠯ ᠵᠦᠢᠯ ᠤᠨ ᠪᠠᠯᠠ ᠣᠷᠣᠭᠤᠯᠤᠯᠲᠠ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ︾᠃    4. ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ   ᠤ ᠲᠡᠷᠢᠭᠦᠯᠡᠭᠴᠢ ᠶᠢᠨ ᠶᠠᠰᠤ ᠴᠢᠨᠠᠷ  ᠤᠨ ᠱᠠᠩᠨᠠᠯ  ᠤᠨ ᠬᠠᠮᠢᠶᠠᠷᠤᠯᠲᠠ ᠶᠢᠨ ᠠᠷᠭ᠎ᠠ︾᠃        ᠭᠤᠷᠪᠠ᠂ ᠱᠠᠩᠨᠠᠯ ᠤᠨ ᠵᠦᠢᠯ ᠤᠨ ᠰᠢᠨᠵᠢ ᠴᠢᠨᠠᠷ        ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠪᠥᠬᠦ ᠬᠤᠲᠠ ᠶᠢᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠲᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠤᠶᠠᠷ ᠵᠢᠯ ᠳᠤ ᠨᠢᠭᠡ ᠬᠤᠭᠤᠴᠠᠭ᠎ᠠ ᠰᠢᠯᠭᠠᠷᠠᠭᠤᠯᠵᠤ᠂ ᠰᠢᠯᠭᠠᠷᠠᠭᠤᠯᠤᠯᠲᠠ ᠳᠤ ᠣᠷᠣᠯᠴᠠᠬᠤ ᠳᠤ ᠶᠠᠮᠠᠷ ᠴᠤ  ᠰᠤᠶᠢᠳᠬᠡᠯ ᠬᠤᠷᠢᠶᠠᠬᠤ ᠥᠬᠡᠶ᠃        ᠳᠥᠷᠪᠡ᠂ ᠱᠠᠩᠨᠠᠯ ᠣᠯᠭᠤᠬᠤ ᠡᠲᠡᠭᠡᠳ        ᠭᠤᠤᠯᠳᠠᠭᠤ ᠤᠯᠠᠭᠠᠨᠴᠠᠪ ᠬᠤᠲᠠ ᠶᠢᠨ ᠳᠣᠲᠣᠷᠠᠬᠢ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠲᠠᠯ᠎ᠠ ᠪᠠᠷ ᠲᠣᠪᠤᠶᠢᠮ᠎ᠠ ᠠᠮᠵᠢᠯᠲᠠ ᠪᠦᠲᠦᠮᠵᠢ ᠲᠠᠢ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠢᠯᠡᠳᠲᠡ ᠠᠵᠢᠯ ᠲᠥᠷᠥᠯ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠲᠠᠢ ᠰᠢᠯᠢᠳᠡᠭ ᠵᠣᠬᠢᠶᠠᠨ ᠪᠠᠶᠢᠭᠤᠯᠤᠯᠲᠠ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠨ᠎ᠠ᠃        ᠲᠠᠪᠤ᠂ ᠱᠠᠩᠨᠠᠬᠤ ᠠᠷᠭ᠎ᠠ  ᠮᠠᠶ᠋ᠢᠭ        ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠮᠧᠳᠠᠯ ᠣᠯᠭᠤᠵᠤ᠂ ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠳᠤ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ᠱᠠᠩᠨᠠᠨ᠎ᠠ᠃        ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ        ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠣᠭᠲᠠᠭᠠᠬᠤ ᠪᠠᠶᠢᠭᠤᠯᠭ᠎ᠠ ᠪᠣᠯ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠬᠡᠷᠡᠭᠵᠢᠭᠦᠯᠬᠦ ᠪᠠᠶᠢᠭᠤᠯᠭ᠎ᠠ ᠨᠢ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠯᠪᠠᠨ ᠬᠡᠷ ᠪᠠᠶᠢᠵᠤ᠂ ᠠᠯᠪᠠᠨ ᠬᠡᠷ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ        ᠳᠣᠯᠤᠭ᠎ᠠ᠂ ᠮᠡᠳᠡᠭᠦᠯᠬᠦ ᠨᠥᠬᠦᠴᠡᠯ    1. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄        ︵ᠨᠢᠭᠡ︶ ᠬᠠᠤᠯᠢ ᠶᠣᠰᠣᠭᠠᠷ ᠤᠯᠠᠭᠠᠨᠴᠠᠪ ᠬᠤᠲᠠ ᠳᠤ ᠳᠡᠩᠰᠡᠯᠡᠨ ᠲᠡᠮᠳᠡᠭᠯᠡᠵᠦ᠂ 3 ᠵᠢᠯ ᠠᠴᠠ ᠳᠡᠭᠡᠭᠰᠢ ᠬᠡᠪ ᠤᠨ ᠶᠣᠰᠣᠭᠠᠷ ᠠᠵᠢᠯᠯᠠᠬᠤ ᠶᠢᠨ ᠬᠠᠮᠲᠤ ᠴᠠᠭ ᠲᠤᠬᠠᠶ ᠳᠤᠨᠢ ᠲᠤᠭ᠎ᠠ ᠶᠣᠰᠣᠭᠠᠷ ᠭᠠᠶᠢᠯᠢ ᠲᠤᠰᠢᠶᠠᠨ᠎ᠠ︔        ︵ᠬᠤᠶᠠᠷ︶ ᠪᠦᠲᠦᠮᠵᠢᠲᠡᠶ ᠠᠵᠢᠯᠯᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠪᠤᠶᠤ ᠪᠤᠰᠤᠳ ᠬᠤᠯᠪᠣᠭᠳᠠᠯ ᠪᠦᠬᠦᠢ ᠠᠵᠢᠯ ᠲᠦᠷᠦᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠥᠪᠡᠷ ᠢ ᠪᠠᠨ ᠲᠡᠭᠦᠯᠳᠡᠷᠵᠢᠭᠦᠯᠦᠭᠰᠡᠨ ᠶᠠᠰᠤ ᠴᠢᠨᠠᠷ ᠢ ᠰᠠᠶᠢᠵᠢᠷᠠᠭᠤᠯᠬᠤ ᠲᠣᠭᠲᠠᠴᠠ ᠶᠢ ᠪᠤᠢ ᠪᠣᠯᠭᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠶ ᠶᠢ ᠬᠠᠮᠠᠭᠠᠯᠠᠬᠤ ᠲᠠᠯ᠎ᠠ ᠪᠠᠷ ᠲᠤᠪᠤᠶᠢᠮ᠎ᠠ ᠠᠮᠵᠢᠯᠲᠠ ᠪᠦᠲᠦᠮᠵᠢ ᠤᠯᠪᠠ︔        ︵ᠭᠤᠷᠪᠠ︶ GB/T19580 ᠣᠨ ᠤ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠶᠢᠨ ᠤᠯᠤᠰ ᠤᠨ ᠪᠠᠷᠢᠮᠵᠢᠶ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠳᠡᠯᠭᠡᠷᠡᠭᠦᠯᠵᠦ᠂ ᠶᠠᠰᠤ ᠴᠢᠨᠠᠷ ᠦᠷ᠎ᠡ ᠠᠰᠢᠭ ᠢᠶᠠᠷ ᠲᠣᠪᠤᠶᠢᠮ᠎ᠠ ᠪᠠᠶᠢᠬᠤ ᠬᠡᠷᠡᠭᠲᠡᠶ︔ ᠣᠶᠢᠷ᠎ᠠ ᠶᠢᠨ 3 ᠵᠢᠯ ᠳᠤ ᠭᠤᠤᠯ ᠪᠣᠯᠬᠤ ᠠᠵᠤ ᠠᠬᠤᠶ ᠶᠢᠨ ᠭᠦᠶ᠋ᠴᠡᠳᠬᠡᠯ ᠲᠤᠭ᠎ᠠ᠂ ᠮᠡᠷᠭᠡᠵᠢᠯ ᠤᠨ ᠭᠦᠶ᠋ᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠣᠷᠣᠪᠠ︔        ︵ᠳᠥᠷᠪᠡ︶ ᠶᠠᠰᠤ ᠴᠢᠨᠠᠷ ᠤᠨ ᠬᠢᠷᠢ ᠬᠡᠮᠵᠢᠶ᠎ᠡ᠂ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠲᠣᠪᠤᠶᠢᠮ᠎ᠠ ᠠᠮᠵᠢᠯᠲᠠ ᠪᠦᠲᠦᠮᠵᠢ ᠣᠯᠵᠤ᠂ ᠨᠡᠶᠢᠭᠡᠮ ᠳᠤ ᠢᠯᠡᠳᠲᠡ ᠬᠤᠪᠢ ᠨᠡᠮᠡᠷᠢ ᠦᠵᠡᠭᠦᠯᠦᠨ᠎ᠡ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠬᠥᠮᠦᠰ ᠤᠨ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠶ ᠠᠯᠳᠠᠭᠳᠠᠯ ᠭᠠᠷᠤᠭᠰᠠᠨ ᠦᠭᠡᠶ᠃ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠬᠥᠮᠦᠰ ᠤᠨ ᠨᠡᠶᠢᠭᠡᠮ ᠤᠨ ᠬᠤᠪᠢ ᠨᠡᠮᠡᠷᠢ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠨ᠎ᠠ︔   ︵ᠲᠠᠪᠤ︶ ᠤᠢᠢᠷ᠎ᠠ ᠶᠢᠨ 3 ᠵᠢᠯ  ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ   ᠤ ᠪᠣᠬᠢᠷᠲᠤᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠶᠡᠭᠡ ᠡ᠊ᠨᠳᠡᠯ ᠭᠠᠷᠤᠭᠰᠠᠨ ᠥᠭᠡᠢ᠂ ᠴᠢᠬᠤᠯᠠ ᠶᠡᠭᠡ ᠬᠡᠷᠡᠭᠯᠡᠭᠴᠢ ︵ᠬᠡᠷᠡᠭᠯᠡᠭᠴᠢ︶᠂ ᠦᠢᠯᠡᠴᠢᠯᠡᠬᠦ ᠡᠲᠡᠭᠡᠳ  ᠤᠨ ᠵᠠᠭᠠᠯᠳᠤᠭᠰᠠᠨ ᠲᠤᠪᠤᠶᠢᠮ᠎ᠠ ᠠᠰᠠᠭᠤᠳᠠᠯ ᠥᠭᠡᠢ ᠪᠠᠶᠢᠵᠤ᠂ ᠬᠦᠨᠳᠦ ᠨᠣᠴᠢᠲᠠᠶ ᠢᠲᠡᠭᠡᠯ  ᠢᠶᠠᠨ ᠠᠯᠳᠠᠭᠰᠠᠨ ᠥᠢᠯᠡ ᠠᠵᠢᠯᠯᠠᠭ᠎ᠠ ᠶᠢᠨ ᠲᠡᠮᠳᠡᠭᠯᠡᠯ ᠥᠭᠡᠢ ᠪᠠᠶᠢᠬᠤ ᡾        ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠪᠠᠶᠢᠬᠤ ᠦᠭᠡᠢ ᠵᠡᠷᠭᠡ᠃    2. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠬᠤᠪᠢ ᠬᠥᠮᠦᠨ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄         ︵ᠨᠢᠭᠡ︶ ᠤᠯᠠᠭᠠᠨᠴᠠᠪ ᠬᠤᠲᠠ ᠳᠤ ᠶᠠᠰᠤ ᠴᠢᠨᠠᠷ ᠤᠨ ᠪᠤᠶᠤ ᠶᠠᠰᠤ ᠴᠢᠨᠠᠷ ᠤᠨ ᠬᠠᠮᠢᠶ᠎ᠠ ᠪᠥᠬᠦᠶ ᠠᠵᠢᠯ ᠢ 5 ᠵᠢᠯ ᠠᠴᠠ ᠳᠡᠭᠡᠭᠰᠢ ᠬᠢᠭᠰᠡᠨ︔        ︵ᠬᠤᠶᠠᠷ︶ ᠶᠠᠰᠤ ᠴᠢᠨᠠᠷ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠬᠠᠯᠠᠨ ᠰᠠᠶᠢᠵᠢᠷᠠᠭᠤᠯᠬᠤ ᠦᠵᠡᠯ ᠤᠬᠠᠮᠰᠠᠷ ᠢᠶᠠᠷ ᠴᠢᠩᠭ᠎ᠠ ᠪᠠᠶᠢᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠳᠡᠯᠭᠡᠷᠡᠭᠦᠯᠬᠦ ᠪᠤᠶᠤ ᠬᠡᠷᠡᠭᠯᠡᠬᠦ᠂ ᠡᠰᠡᠬᠦᠯ᠎ᠡ ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠣᠨᠴᠠᠯᠢᠭ ᠲᠠᠢ ᠠᠵᠢᠯᠯᠠᠬᠤ ᠠᠷᠭ᠎ᠠ ᠪᠠ ᠲᠤᠷᠰᠢᠯᠭ᠎ᠠ ᠶᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠪᠤᠶᠤ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠬᠦ ᠬᠡᠷᠡᠭᠲᠡᠶ︔        ︵ᠭᠤᠷᠪᠠ︶ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠰᠠᠬᠢᠵᠤ᠂ ᠥᠯᠢᠭᠡᠷ ᠳᠠᠭᠤᠷᠢᠶᠠᠯ ᠤᠨ ᠦᠶ᠋ᠯᠡᠳᠦᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ᠂ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠨᠢ ᠰᠠᠶᠢᠨ ᠪᠠᠶᠢᠬᠤ ᠬᠡᠷᠡᠭᠲᠡᠶ᠃ ᠮᠡᠳᠡᠭᠦᠯᠦᠭᠰᠡᠨ ᠬᠤᠪᠢ ᠬᠥᠮᠦᠨ ᠬᠡᠷᠪᠡ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠬᠠᠮᠢᠶᠠᠷᠤᠭᠴᠢ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠬᠦ ᠵᠣᠬᠢᠶᠠᠨ ᠪᠠᠶᠢᠭᠤᠯᠤᠯᠲᠠ ᠨᠢ ᠣᠶᠢᠷ᠎ᠠ ᠶᠢᠨ 3 ᠵᠢᠯ ᠳᠤ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ᠂ ᠣᠷᠴᠢᠨ ᠠᠬᠤᠶ ᠶᠢᠨ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠥᠬᠡᠶ᠂ ᠬᠦᠨᠳᠦ ᠶᠡᠭᠡ ᠨᠡᠶᠢᠭᠡᠮ ᠤᠨ ᠨᠠᠵᠠᠭᠠᠶ ᠨᠥᠯᠥᠭᠡ ᠶᠢᠨ ᠵᠠᠭᠠᠯᠳᠤᠯᠭ᠎ᠠ ᠥᠬᠡᠶ᠂ ᠬᠠᠤᠯᠢ ᠲᠣᠭᠲᠠᠭᠠᠯ ᠢ ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃         ᠨᠠᠢᠮᠠ᠂ ᠮᠡᠳᠡᠭᠦᠯᠬᠦ ᠠᠷᠭ᠎ᠠ ᠮᠠᠶ᠋ᠢᠭ        ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠰᠠᠶᠢᠨ ᠳᠤᠷ᠎ᠠ ᠠᠴᠠ ᠪᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠭᠤᠶᠤᠴᠢᠯᠠᠬᠤ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠫᠤᠷᠲ᠋ᠤᠯ ᠰᠦᠯᠵᠢᠶ᠎ᠡ ᠶᠢᠨ http://amr.wulanchabu.gov.cn/ ᠭᠤᠶᠤᠴᠢᠯᠠᠯ ᠤᠨ ᠪᠢᠴᠢᠭ ᠢ ᠪᠠᠭᠤᠯᠭᠠᠨ ᠠᠪᠬᠤ ᠪᠠᠷ ᠮᠡᠳᠡᠭᠦᠯᠬᠦ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ ᠬᠡᠷᠡᠭᠰᠡᠬᠦ ᠮᠠᠲ᠋ᠧᠷᠢᠶᠠᠯ ᠢ ᠬᠠᠩᠭᠠᠬᠤ ᠪᠠᠷ ᠪᠣᠶ᠃ ᠡᠭᠦᠨ ᠳᠤ᠄ ︵1︶ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠡᠳᠡᠭᠦᠯᠦᠯᠲᠡ ᠶᠢᠨ ᠪᠢᠴᠢᠭ︾ ︵ᠠᠯᠪᠠᠨ ᠲᠠᠮᠠᠭ᠎ᠠ ᠳᠠᠷᠤᠵᠤ ᠬᠠᠷᠢᠭᠤᠴᠠᠯᠭ᠎ᠠ ᠪᠠᠨ ᠢᠯᠡᠳᠬᠡᠨ᠎ᠡ︶︔ ︵2︶ ︽ᠥᠪᠡᠷ ᠢ ᠪᠠᠨ ᠦᠨᠡᠯᠡᠭᠰᠡᠨ ᠮᠡᠳᠡᠭᠦᠯᠦᠯᠲᠡ︾ ︵3 ᠲᠦᠮᠡᠨ ᠦᠰᠦᠭ ᠤᠨ ᠳᠣᠲᠣᠷ᠎ᠠ︶︔ ︵3︶ ᠬᠤᠯᠪᠣᠭᠳᠠᠯ ᠪᠦᠬᠦᠢ ᠭᠡᠷᠡᠴᠢᠯᠡᠬᠦ ᠴᠢᠨᠠᠷᠲᠠᠶ ᠮᠠᠲ᠋ᠧᠷᠢᠶᠠᠯ ︵ᠰᠢᠷᠪᠢᠯᠲᠡ ᠶᠢᠨ ᠮᠠᠲ᠋ᠧᠷᠢᠶᠠᠯ︶᠃        ᠶᠢᠰᠦ᠂ ᠦᠨᠡᠯᠡᠨ ᠲᠣᠭᠲᠠᠭᠠᠬᠤ ᠵᠢᠷᠤᠮ        ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠦᠨᠡᠯᠡᠨ ᠲᠣᠭᠲᠠᠭᠠᠬᠤ ᠴᠤᠪᠤᠷᠠᠯ ᠨᠢ ᠳᠣᠤᠷᠠᠬᠢ ᠮᠡᠲᠦ᠄ ᠭᠤᠶᠤᠴᠢᠯᠠᠨ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤᠨᠢ ᠬᠢᠨᠠᠨ ᠲᠣᠭᠲᠠᠭᠠᠬᠤ᠂ ᠶᠡᠷᠦᠩᠬᠡᠶᠢᠯᠡᠨ ᠬᠢᠨᠠᠨ ᠲᠣᠭᠲᠠᠭᠠᠬᠤ᠂ ᠬᠤᠷᠠᠯ ᠬᠤᠷᠠᠯᠳᠤᠭᠤᠯᠬᠤ᠂ ᠢᠯᠡ ᠨᠡᠶᠢᠲᠡᠯᠡᠬᠦ᠂ ᠵᠥᠪᠰᠢᠶᠡᠷᠡᠬᠦ᠂ ᠬᠥᠬᠢᠭᠦᠯᠦᠨ ᠱᠠᠩᠨᠠᠨ᠎ᠠ᠃     ᠠᠷᠪᠠ᠂ ᠪᠤᠰᠤᠳ ᠠᠩᠬᠠᠷᠬᠤ ᠵᠦᠢᠯ    1. ᠱᠠᠩᠨᠠᠯ ᠣᠯᠤᠭᠰᠠᠨ ᠵᠣᠬᠢᠶᠠᠨ ᠪᠠᠶᠢᠭᠤᠯᠤᠯᠲᠠ ᠶᠢᠨ ᠭᠠᠳᠠᠭᠰᠢ ᠤᠬᠠᠭᠤᠯᠬᠤ ᠳᠤ ᠱᠠᠩᠨᠠᠯ ᠣᠯᠤᠭᠰᠠᠨ ᠣᠨ ᠤ ᠬᠢ ᠶᠢ ᠲᠣᠳᠣᠷᠬᠠᠶᠢᠯᠠᠬᠤ ᠬᠡᠷᠡᠭᠲᠡᠶ᠃    2. ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠥᠩᠭᠦ ᠶᠢ ᠣᠯᠤᠭᠰᠠᠨ ᠵᠣᠬᠢᠶᠠᠨ ᠪᠠᠶᠢᠭᠤᠯᠤᠯᠲᠠ ᠨᠢ ᠱᠠᠩᠨᠠᠯ ᠣᠯᠤᠭᠰᠠᠨ ᠣᠨ ᠠᠴᠠ ᠡᠬᠢᠯᠡᠨ 3 ᠵᠢᠯ ᠤᠨ ᠲᠠᠷᠠᠭ᠎ᠠ ᠰᠠᠶ᠋ᠢ ᠲᠠᠬᠢᠨ ᠭᠤᠶᠤᠴᠢᠯᠠᠵᠤ ᠪᠣᠯᠤᠨ᠎ᠠ︔ ᠲᠤᠰ ᠱᠠᠩᠨᠠᠯ ᠢ ᠳᠠᠬᠢᠨᠲᠠ ᠣᠯᠤᠭᠰᠠᠳ ᠲᠤ ᠦᠨᠡᠮᠯᠡᠯ ᠪᠠ ᠴᠣᠯᠠ ᠣᠯᠭᠤᠨ᠎ᠠ᠂ ᠱᠠᠩᠨᠠᠯ ᠤᠨ ᠮᠥᠩᠭᠦ ᠣᠯᠭᠤᠬᠤ ᠦᠭᠡᠢ᠂ ᠲᠤᠰ ᠵᠢᠯ ᠤᠨ ᠱᠠᠩᠨᠠᠯ ᠤᠨ ᠵᠦᠢᠯ ᠤᠨ ᠣᠷᠣᠨ ᠲᠤᠭ᠎ᠠ ᠶᠢ ᠡᠵᠡᠯᠡᠭᠦᠯᠬᠦ ᠦᠭᠡᠢ᠃    3. ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ ᠪᠠ ᠦᠨᠡᠮᠯᠡᠯ ᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠲᠡᠮᠳᠡᠭ᠂ ᠱᠠᠩᠨᠠᠯ ᠤᠨ ᠮᠧᠳᠠᠯ ᠪᠠ ᠦᠨᠡᠮᠯᠡᠯ ᠢ ᠬᠠᠭᠤᠷᠮᠠᠭᠯᠠᠨ ᠵᠣᠬᠢᠶᠠᠬᠤ ᠪᠤᠶᠤ ᠬᠠᠭᠤᠷᠮᠠᠭᠯᠠᠨ ᠬᠡᠷᠡᠭᠯᠡᠵᠦ ᠪᠣᠯᠬᠤ ᠥᠬᠡᠶ᠂ ᠵᠥᠷᠢᠴᠡᠭᠰᠡᠳ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                     ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2