ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠴᠠᠪ ᠬᠤᠲᠠ ᠶᠢᠨ ︿ᠦᠨᠡᠮᠯᠡᠯ ᠪᠠ | ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ︵ | ᠳᠣᠷᠣᠭᠰᠢ ︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ | ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶ᠋ᠯᠡᠰ ᠢ ᠪᠦᠬᠦᠨ ᠢ | ᠬᠠᠮᠤᠷᠬᠤ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠪᠡ᠃ | | ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠲᠣᠭᠲᠠᠭᠠᠬᠤ ᠬᠡᠷᠡᠭᠲᠡᠶ ᠪᠤᠢ︖ | | ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ | 2021 ︺ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ᠤᠯᠠᠭᠠᠨᠴᠠᠪ ᠬᠤᠲᠠ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠬᠤᠲᠠ ᠶᠢᠨ | ᠬᠡᠪᠴᠢᠶᠡᠨ ᠳᠤ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ | ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ | ᠪᠦᠲᠦᠭᠡᠯᠴᠢ ᠬᠦᠴᠦᠨ ᠢ ᠪᠦᠲᠦᠮᠵᠢᠲᠡᠶ ᠬᠥᠭᠵᠢᠭᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠂ ︽ᠠᠵᠢᠯ ᠤᠨ ᠲᠥᠰᠦᠯ︾ ᠢ ᠲᠣᠭᠲᠠᠭᠠᠪᠠ᠃ | | ᠬᠤᠶᠠᠷ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ︖ | | ᠪᠦᠬᠦ ᠬᠤᠲᠠ ᠶᠢᠨ ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ | ᠵᠦᠢᠯᠡᠰ ᠤᠨ ᠪᠦᠬᠦᠨ ᠢ ᠬᠠᠮᠤᠷᠬᠤ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠪ ᠤᠨ | ᠲᠠᠯ᠎ᠠ ᠠᠴᠠ ᠲᠣᠭᠲᠠᠭᠠᠭᠰᠠᠨ 523 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠲᠣᠭᠲᠠᠭᠠᠭᠰᠠᠨ | 18 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶ᠋ᠯᠡᠰ ᠲᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠬᠡᠷᠡᠭᠵᠢᠭᠦᠯᠵᠦ᠂ ᠰᠡᠭᠦᠯᠴᠢ ᠶᠢᠨ ᠦᠨᠡᠮᠯᠡᠯ ᠢ | ᠬᠠᠰᠤᠬᠤ ᠶᠢ ᠶᠡᠬᠡᠪᠡᠷ ᠠᠬᠢᠭᠤᠯᠵᠤ᠂ ᠳᠥᠭᠦᠮ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ ᠢᠯᠡ ᠲᠣᠳᠣ᠂ | ᠠᠭᠤᠵᠢᠭᠤ ᠪᠥᠭᠡᠳ ᠴᠢᠩᠭ᠎ᠠ ᠬᠠᠮᠢᠶᠠᠷᠬᠤ ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠤᠨ ᠲᠦᠷᠢᠮ ᠢ | ᠬᠦᠴᠦᠯᠡᠨ ᠪᠠᠶᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | | ᠭᠤᠷᠪᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠳᠤ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠮᠠᠶ᠋ᠢᠭ | ᠪᠠᠶᠢᠬᠤ ᠪᠤᠢ︖ | | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠮᠠᠶ᠋ᠢᠭ ᠨᠢ ᠨᠡᠶᠢᠲᠡ ᠳᠥᠷᠪᠡᠨ ᠵᠦᠢᠯ | ᠪᠠᠶᠢᠨ᠎ᠠ᠃ | | ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠶ ᠪᠣᠯᠭᠠᠨ᠎ᠠ᠃ ᠠᠵᠤ ᠠᠬᠤᠶᠢᠯᠠᠯ ︵ᠬᠤᠪᠢ ᠶᠢᠨ ᠠᠵᠤ | ᠦᠶ᠋ᠯᠡᠳᠪᠦᠷᠢ ᠬᠤᠳᠠᠯᠳᠤᠭᠠᠨ ᠤ ᠡᠷᠦᠬᠡ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠᠭᠲᠠᠨ᠎ᠠ᠂ | ᠳᠣᠷᠣᠭᠰᠢ ᠠᠳᠠᠯᠢ︶ ᠨᠢ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠡᠵᠡᠩᠨᠡᠯᠲᠡ ᠥᠷᠨᠢᠭᠦᠯᠵᠦ ᠪᠣᠯᠤᠨ᠎ᠠ᠂ ᠵᠠᠰᠠᠭ | ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ᠂ ᠠᠵᠢᠯ ᠲᠥᠷᠥᠯ ᠤᠨ ᠵᠣᠬᠢᠶᠠᠨ | ᠪᠠᠶᠢᠭᠤᠯᠤᠯᠲᠠ ᠵᠡᠷᠭᠡ ᠨᠢ ᠠᠵᠤ ᠠᠬᠤᠶᠢᠯᠠᠯ ᠢᠶᠠᠷ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ | ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ | | ᠬᠢᠨᠠᠨ ᠵᠥᠪᠰᠢᠶᠡᠷᠡᠬᠦ ᠶᠢ ᠳᠠᠩᠰᠠᠯᠠᠭᠤᠯᠬᠤ ᠪᠣᠯᠭᠠᠨ ᠥᠭᠡᠷᠡᠴᠢᠯᠡᠪᠡ᠃ ᠵᠠᠷᠴᠢᠮ ᠳᠡᠭᠡᠷ᠎ᠡ ᠪᠠᠨ ᠬᠡᠷᠡᠭ ᠤᠨ | ᠳᠠᠷᠠᠭ᠎ᠠ ᠳᠠᠩᠰᠠᠯᠠᠭᠤᠯᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ | ᠡᠵᠡᠩᠨᠡᠯᠲᠡ ᠪᠠᠨ ᠥᠷᠨᠢᠭᠦᠯᠵᠦ ᠪᠣᠯᠤᠨ᠎ᠠ︔ ᠦᠨᠡᠬᠡᠷ ᠤᠷᠢᠳᠴᠢᠯᠠᠨ ᠳᠠᠩᠰᠠᠯᠠᠭᠤᠯᠬᠤ ᠴᠢᠬᠤᠯᠠᠲᠠᠶ ᠪᠠᠶᠢᠪᠠᠯ᠂ ᠠᠵᠤ | ᠠᠬᠤᠶᠢᠯᠠᠯ ᠨᠢ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠪᠡᠶᠡᠯᠡᠭᠦᠯᠪᠡᠯ ᠳᠠᠷᠤᠶ ᠡᠵᠡᠩᠨᠡᠯᠲᠡ ᠪᠠᠨ ᠥᠷᠨᠢᠭᠦᠯᠵᠦ | ᠪᠣᠯᠤᠨ᠎ᠠ᠃ | | ᠬᠡᠯᠡᠵᠦ ᠥᠭᠬᠦ ᠠᠮᠠᠯᠠᠯᠲᠠ ᠶᠢ ᠬᠡᠷᠡᠭᠵᠢᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠮᠡᠳᠡᠭᠳᠡᠬᠦ ᠠᠮᠠᠯᠠᠯᠲᠠ ᠶᠢᠨ ᠪᠢᠴᠢᠭ ᠲᠣᠭᠲᠠᠭᠠᠵᠤ᠂ ᠮᠡᠳᠡᠭᠳᠡᠬᠦ ᠠᠮᠠᠯᠠᠯᠲᠠ ᠶᠢᠨ ᠠᠭᠤᠯᠭ᠎ᠠ ᠶᠢ | ᠲᠣᠳᠣᠷᠬᠠᠶᠢᠯᠠᠨ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠠᠮᠠᠯᠠᠯᠲᠠ ᠬᠢᠬᠦ ᠶᠢᠨ ᠬᠠᠮᠲᠤ ᠱᠠᠭᠠᠷᠳᠠᠯᠭ᠎ᠠ | ᠶᠣᠰᠣᠭᠠᠷ ᠮᠠᠲ᠋ᠧᠷᠢᠶᠠᠯ ᠢᠶᠠᠨ ᠲᠤᠰᠢᠶᠠᠭᠰᠠᠨ ᠪᠠᠶᠢᠪᠠᠯ᠂ ᠲᠤᠬᠠᠶ ᠶᠢᠨ ᠲᠠᠯᠠᠪᠤᠷ ᠲᠤᠨᠢ ᠬᠢᠨᠠᠨ ᠵᠥᠪᠰᠢᠶᠡᠷᠡᠬᠦ | ᠲᠣᠭᠲᠠᠭᠠᠯ ᠭᠠᠷᠭᠠᠬᠤ ᠶᠢᠨ ᠬᠠᠮᠲᠤ᠂ ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ᠂ ᠬᠦᠴᠦᠨ ᠥᠬᠡᠶ | ᠪᠣᠯᠭᠠᠵᠤ ᠬᠢᠨᠠᠨ ᠵᠥᠪᠰᠢᠶᠡᠷᠡᠭᠦᠯᠬᠦ ᠵᠡᠷᠭᠡ ᠪᠣᠳᠠᠲᠠᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠲᠣᠭᠲᠠᠭᠠᠬᠤ ᠬᠡᠷᠡᠭᠲᠡᠶ᠃ | | ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠤᠶᠢᠯᠡᠴᠢᠯᠡᠭᠡᠨ ᠤ ᠬᠢᠷᠢ ᠬᠡᠮᠵᠢᠶ᠎ᠡ ᠪᠠ ᠬᠢᠨᠠᠨ | ᠵᠥᠪᠰᠢᠶᠡᠷᠡᠬᠦ ᠦᠶ᠋ᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ᠂ ᠠᠵᠢᠯ ᠶᠠᠪᠤᠳᠠᠯ | ᠭᠦᠢᠴᠡᠳᠬᠡᠬᠦ ᠣᠯᠠᠨ ᠲᠦᠮᠡᠨ ᠳᠤ ᠨᠠᠩ ᠶᠡᠭᠡ ᠲᠥᠬᠦᠮ ᠦᠵᠡᠭᠦᠯᠵᠦ᠂ ᠵᠥᠪᠰᠢᠶᠡᠷᠡᠯ ᠤᠨ ᠨᠥᠬᠦᠴᠡᠯ ᠪᠠ ᠬᠢᠨᠠᠨ | ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠬᠤ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ | ᠬᠦᠴᠦᠨ ᠥᠬᠡᠶ ᠪᠣᠯᠭᠠᠬᠤ ᠪᠤᠶᠤ ᠤᠷᠲᠤᠳᠬᠠᠬᠤ᠂ ᠭᠥᠯᠢᠶᠡᠨ ᠠᠪᠴᠤ ᠰᠢᠢᠳᠪᠦᠷᠢᠯᠡᠬᠦ ᠬᠢᠨᠠᠨ ᠵᠥᠪᠰᠢᠶᠡᠷᠡᠬᠦ | ᠵᠠᠭᠪᠤᠷ ᠢ ᠰᠢᠯᠢᠳᠡᠭᠵᠢᠭᠦᠯᠬᠦ ᠵᠡᠷᠭᠡ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠠᠷᠭ᠎ᠠ ᠬᠡᠮᠵᠢᠶ᠎ᠡ ᠶᠢ ᠠᠪᠤᠨ᠎ᠠ᠃ | | ᠲᠦᠷᠪᠡ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠳᠤ ᠶᠠᠮᠠᠷ ᠶᠠᠮᠠᠷ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠪᠠᠶᠢᠬᠤ ᠪᠤᠢ︖ | | ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠨᠠᠶᠢᠳᠠᠪᠤᠷᠢᠵᠢᠭᠤᠯᠬᠤ ᠶᠢᠨ ᠲᠤᠰᠠᠳᠠ᠂ ᠤᠯᠠᠭᠠᠨᠴᠠᠪ ᠬᠤᠲᠠ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠪᠣᠳᠠᠲᠠᠶ | ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ | | ᠨᠢᠭᠡ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠪᠦᠬᠦᠨ ᠢ ᠬᠠᠮᠤᠷᠬᠤ | ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ | ᠮᠠᠨ ᠤ ᠬᠤᠲᠠ ᠶᠢᠨ ᠬᠡᠪᠴᠢᠶᠡᠨ ᠳᠤ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ | ᠨᠠᠷᠢᠨ ᠬᠠᠭᠤᠳᠠᠰᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠮᠢᠶ᠎ᠠ ᠪᠥᠬᠦᠶ ᠠᠵᠢᠯ ᠲᠥᠷᠥᠯ ᠳᠤ ᠣᠷᠣᠵᠤ | ᠡᠵᠡᠩᠨᠡᠯᠲᠡ ᠥᠷᠨᠢᠭᠦᠯᠬᠦ ᠶᠢ ᠴᠥᠮ ᠬᠢᠵᠠᠭᠠᠷᠯᠠᠵᠤ ᠪᠣᠯᠬᠤ ᠥᠬᠡᠶ᠃ | | ᠬᠤᠶᠠᠷ ᠲᠤ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ | ᠲᠠᠩᠰᠠᠯᠠᠯᠳᠠ ᠶᠢᠨ ᠲᠦᠷᠢᠮ ᠤᠨ ᠥᠭᠡᠷᠡᠴᠢᠯᠡᠯᠲᠡ ᠶᠢ ︽ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠦᠨᠡᠮᠯᠡᠯ | ᠣᠯᠭᠤᠬᠤ︾ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ ᠳᠠᠩᠰᠠᠯᠠᠭᠤᠯᠬᠤ ᠵᠦᠢᠯ ᠪᠣᠯᠭᠠᠨ ᠬᠤᠪᠢᠷᠠᠭᠤᠯᠬᠤ ᠶᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠬᠤ︾ ᠬᠡᠪᠴᠢᠶᠡᠨ ᠳᠤ ᠣᠷᠣᠭᠤᠯᠵᠤ᠂ ᠦᠯᠡᠳᠡᠭᠡᠭᠰᠡᠨ ᠪᠦᠷᠢᠳᠬᠡᠨ ᠳᠠᠩᠰᠠᠯᠠᠭᠤᠯᠬᠤ ᠶᠢᠨ ᠡᠮᠦᠨᠡᠬᠢ | ᠵᠥᠪᠰᠢᠶᠡᠷᠡᠯ ᠢ ᠬᠤᠶᠢᠨᠠᠬᠢ ᠵᠦᠢᠯ ᠪᠣᠯᠭᠠᠨ ᠬᠤᠪᠢᠷᠠᠭᠤᠯᠬᠤ ᠶᠢ ᠰᠦᠪᠡᠭᠴᠢᠯᠡᠨ᠎ᠡ᠃ | | ᠭᠤᠷᠪᠠ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ | ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢᠨ ᠪᠠᠬᠢᠯᠡᠯᠲᠡ ᠶᠢ ᠬᠦᠴᠦᠯᠡᠨ ᠨᠡᠪᠲᠡᠷᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠡᠮᠵᠢᠨ | ᠣᠯᠵᠤ ᠪᠣᠯᠬᠤ ᠮᠡᠳᠡᠭᠡ ᠵᠠᠩᠭᠢ ᠶᠢ ᠠᠵᠤ ᠠᠬᠤᠶᠢᠯᠠᠯ ᠢᠶᠠᠷ ᠬᠠᠩᠭᠠᠯᠭᠠᠬᠤ ᠪᠠᠷ ᠳᠠᠭᠢᠵᠤ ᠱᠠᠭᠠᠷᠳᠠᠵᠤ ᠪᠣᠯᠬᠤ ᠥᠬᠡᠶ᠂ | ᠬᠠᠮᠢᠶ᠎ᠠ ᠪᠥᠬᠦᠶ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠪᠠᠭᠠᠰᠬᠠᠨ᠎ᠠ᠃ | | ᠳᠥᠷᠪᠡ ᠳᠤ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶ᠋ᠯᠡᠰ ᠢ | ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠪᠥᠬᠦ | ᠶᠠᠪᠤᠴᠠ ᠠᠴᠠ ︽ᠨᠢᠭᠡ ᠰᠦᠯᠵᠢᠶ᠎ᠡ ᠪᠠᠷ ᠨᠡᠶᠢᠳᠡᠮ ᠭᠦᠶ᠋ᠴᠡᠳᠬᠡᠬᠦ︾᠂ ︽ᠬᠠᠮᠤᠭ ᠤᠨ ᠠᠷᠪᠢᠨ ᠳᠠᠭᠠᠨ ᠨᠢᠭᠡ ᠯᠡ | ᠤᠳᠠᠭ᠎ᠠ ᠳᠤ ᠭᠦᠶᠦᠯᠭᠡᠬᠦ︾᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠲᠦᠷᠭᠡᠳᠬᠡᠨ | ᠠᠬᠢᠭᠤᠯᠵᠤ᠂ ᠭᠦᠶ᠋ᠴᠡᠳᠬᠡᠬᠦ ᠶᠠᠪᠤᠴᠠ ᠶᠢ ᠳᠥᠭᠦᠮᠴᠢᠯᠡᠨ᠂ ᠭᠦᠶ᠋ᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ | | ᠲᠠᠪᠤ ᠳᠤ᠂ ᠡᠯᠧᠺᠲᠷᠣᠨ ᠬᠡᠷᠡᠴᠢ ᠦᠨᠡᠮᠯᠡᠯ ᠢ ᠴᠤᠭᠯᠠᠭᠤᠯᠤᠨ ᠬᠡᠷᠡᠭᠯᠡᠬᠦ ᠶᠢ ᠠᠬᠢᠭᠤᠯᠤᠨ᠎ᠠ᠃ 2022 ᠣᠨ ᠤ | ᠵᠢᠯ ᠤᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠳᠤ ᠬᠤᠯᠪᠣᠭᠳᠠᠬᠤ ᠦᠨᠡᠮᠯᠡᠯ ᠢ ᠡᠯᠤᠺᠲᠷᠤᠨᠴᠢᠯᠠᠬᠤ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠯᠧᠺᠲᠷᠣᠨ ᠦᠨᠡᠮᠯᠡᠯ ᠢ ︽ᠭᠤᠷᠪᠠᠨ ᠲᠠᠪᠴᠠᠩ︾ | ︵ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ᠂ ᠥᠪᠡᠷᠲᠡᠭᠡᠨ | ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶︶ ᠤᠨ | ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ ᠳᠤ ᠴᠤᠭᠯᠠᠭᠤᠯᠤᠨ᠎ᠠ᠃ ᠡᠯᠧᠺᠲᠷᠣᠨ ᠦᠨᠡᠮᠯᠡᠯ ᠢᠶᠠᠷ ᠳᠠᠮᠵᠢᠭᠤᠯᠤᠨ | ᠣᠯᠵᠤ ᠪᠣᠯᠬᠤ ᠮᠡᠳᠡᠭᠡ ᠵᠠᠩᠭᠢ ᠪᠦᠬᠦᠨ ᠳᠤ ᠴᠥᠮ ᠠᠵᠤ ᠠᠬᠤᠶᠢᠯᠠᠯ ᠢᠶᠠᠷ ᠵᠣᠬᠢᠴᠠᠩᠭᠤᠶ ᠮᠠᠲ᠋ᠧᠷᠢᠶᠠᠯ | ᠬᠠᠩᠭᠠᠯᠭᠠᠬᠤ ᠪᠠᠷ ᠱᠠᠭᠠᠷᠳᠠᠬᠤ ᠦᠭᠡᠢ᠃ | | ᠵᠢᠷᠭᠤᠭ᠎ᠠ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠰᠢᠪᠠᠳᠠᠨ ᠰᠢᠶ᠋ᠳᠪᠦᠷᠢᠯᠡᠭᠦᠯᠬᠦ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭᠠᠳᠬᠠᠨ᠎ᠠ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠰᠢᠮᠳᠠᠭᠤᠯᠤᠨ ᠵᠢᠯᠣᠭᠤᠳᠴᠤ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ᠂ ᠳᠤᠷ᠎ᠠ ᠪᠠᠷ ᠢᠶᠠᠨ | ᠬᠢᠨᠠᠨ ᠵᠥᠪᠰᠢᠶᠡᠷᠡᠬᠦ ᠶᠢ ᠨᠡᠮᠡᠭᠳᠡᠭᠦᠯᠬᠦ᠂ ᠬᠢᠨᠠᠨ ᠵᠥᠪᠰᠢᠶᠡᠷᠡᠬᠦ ᠶᠢ ᠬᠢᠵᠠᠭᠠᠷᠯᠠᠬᠤ ᠠᠵᠤ ᠠᠬᠤᠶᠢᠯᠠᠯ ᠤᠨ ᠣᠨᠴᠣᠭᠤᠶ | ᠠᠵᠢᠯ ᠲᠥᠷᠥᠯ ᠳᠤ ᠣᠷᠣᠵᠤ ᠡᠵᠡᠩᠨᠡᠯᠲᠡ ᠥᠷᠨᠢᠭᠦᠯᠬᠦ ᠶᠢ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ᠂ | ᠵᠠᠬ᠎ᠠ ᠳᠡᠯᠭᠡᠭᠦᠷ ᠢ ᠰᠠᠯᠭᠠᠬᠤ ᠪᠤᠶᠤ ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠬᠦ ᠦᠶ᠋ᠯᠡ ᠠᠵᠢᠯᠯᠠᠭ᠎ᠠ ᠶᠢ | ᠴᠢᠩᠭ᠎ᠠ ᠰᠢᠮᠳᠠᠭᠤᠯᠤᠨ ᠪᠠᠶᠢᠴᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ | ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ | | ᠲᠠᠪᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠬᠡᠷᠬᠢᠨ ᠴᠢᠩᠭᠠᠳᠬᠠᠬᠤ ᠪᠤᠢ︖ | | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠪᠣᠯ ᠳᠠᠷᠤᠶ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠶᠠᠪᠤᠳᠠᠯ ᠪᠣᠯᠤᠨ᠎ᠠ᠂ ︽ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠭᠤᠤᠯᠯᠠᠨ ᠬᠠᠮᠢᠶᠠᠷᠪᠠᠯ ᠬᠡᠨ | ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠦᠷᠢᠮ ᠢ ᠪᠦᠷᠢᠨᠰᠢᠬᠦᠯᠪᠡ᠃ ᠠᠵᠢᠯ ᠲᠥᠷᠥᠯ ᠤᠨ | ᠣᠨᠴᠠᠯᠢᠭ ᠢ ᠦᠨᠳᠦᠰᠦᠯᠡᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ | ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠵᠡᠷᠭᠡ ᠣᠯᠠᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠭᠲᠠᠭᠠᠪᠠ | ᠃ ︽ᠬᠢᠨᠠᠨ ᠵᠥᠪᠰᠢᠶᠡᠷᠡᠬᠦ ᠶᠢ ᠴᠢᠬᠤᠯᠠᠴᠢᠯᠠᠵᠤ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠤᠯᠠᠮᠵᠢᠯᠠᠯᠲᠤ | ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠬᠤᠪᠢᠷᠠᠭᠤᠯᠵᠤ᠂ ︽ᠬᠢᠨᠠᠨ ᠵᠥᠪᠰᠢᠶᠡᠷᠡᠬᠦ ᠶᠢ ᠬᠥᠩᠭᠡᠪᠴᠢᠯᠡᠵᠦ ᠬᠢᠨᠠᠨ | ᠬᠠᠮᠢᠶᠠᠷᠬᠤ ᠶᠢ ᠴᠢᠬᠤᠯᠠᠴᠢᠯᠠᠬᠤ︾ ᠳᠠᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠤᠴᠢᠷ ᠶᠠᠪᠤᠳᠠᠯ ᠤᠨ | ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠵᠢᠷᠭᠤᠭ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠬᠢᠨ ᠨᠠᠶᠢᠳᠠᠪᠤᠷᠢᠵᠢᠭᠤᠯᠵᠤ | ᠦᠷ᠎ᠡ ᠪᠦᠲᠦᠮᠵᠢ ᠤᠯᠬᠤ ᠪᠣᠶ︖ | | ᠨᠢᠭᠡ ᠳᠤ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠰᠢᠶᠠᠨ ᠤ ᠬᠤᠶᠠᠷ ᠱᠠᠲᠤᠨ ᠳᠤ | ᠠᠵᠢᠯ ᠤᠨ ᠲᠣᠭᠲᠠᠴᠠ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ | ᠳᠥᠯᠭᠢᠨ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ | ᠳᠤᠭᠤᠶᠢᠯᠠᠩ ᠤᠨ ᠨᠡᠷ᠎ᠡ ᠳᠣᠤᠷ᠎ᠠ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠳᠤᠭᠤᠶᠢᠯᠠᠩ ᠢ | ᠨᠡᠮᠡᠵᠦ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ | ᠪᠦᠬᠦ ᠬᠤᠳᠠ ᠶᠢᠨ ᠬᠡᠪᠴᠢᠶᠡᠨ ᠳᠤ ᠬᠡᠷᠡᠭᠵᠢᠭᠦᠯᠦᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠬᠠᠮᠵᠢᠯᠴᠠᠨ᠂ | ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠲᠦᠷᠢᠮ ᠤᠨ ᠪᠠᠲᠤᠯᠠᠭ᠎ᠠ ᠶᠢᠨ ᠲᠦᠷᠢᠮ ᠢ | ᠪᠠᠶᠢᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠣᠭᠲᠠᠭᠠᠬᠤ ᠥᠭᠡᠷᠡᠴᠢᠯᠡᠬᠦ | ᠬᠦᠴᠦᠨ ᠦᠭᠡᠢ ᠪᠣᠯᠭᠠᠬᠤ ᠠᠵᠢᠯ ᠢ ᠲᠦᠷᠭᠡᠬᠡᠨ ᠡᠬᠢᠯᠡᠭᠦᠯᠪᠡ᠃ | | ᠬᠤᠶᠠᠷ ᠲᠤ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠲᠣᠰ ᠱᠠᠲᠤᠨ ᠤ | ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠢ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ | ᠨᠠᠷᠢᠯᠢᠬᠵᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ ᠶᠢᠨ ᠶᠣᠰᠣᠭᠠᠷ᠂ ᠲᠥᠪ ᠤᠨ | ᠲᠠᠯ᠎ᠠ ᠠᠴᠠ ᠲᠣᠭᠲᠠᠭᠠᠭᠰᠠᠨ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠲᠠᠯ᠎ᠠ ᠠᠴᠠ | ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶ᠋ᠯᠡᠰ ᠲᠤ ︽ | ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | | ᠭᠤᠷᠪᠠ ᠳᠤ ᠤᠬᠠᠭᠤᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠬᠤᠲᠠ ᠰᠢᠶᠠᠨ ᠬᠤᠶᠠᠷ ᠱᠠᠲᠤᠨ ᠤ ᠡᠯ᠎ᠡ | ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠪᠠ ᠤᠬᠠᠭᠤᠯᠭ᠎ᠠ | ᠲᠠᠶᠢᠯᠤᠮᠵᠢ ᠶᠢ ᠰᠠᠶᠢᠲᠤᠷ ᠬᠢᠵᠦ᠂ ᠨᠡᠩ ᠣᠯᠠᠨ ᠠᠵᠤ ᠠᠬᠤᠶᠢᠯᠠᠯ ᠳᠤ ᠥᠭᠡᠷᠡᠴᠢᠯᠡᠯᠲᠡ ᠶᠢ ᠣᠶᠢᠯᠠᠭᠠᠭᠤᠯᠵᠤ᠂ | ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠶᠢ ᠬᠠᠮᠲᠤ ᠪᠠᠷ ᠳᠥᠯᠭᠢᠨ ᠠᠬᠢᠭᠤᠯᠵᠤ᠂ | ᠥᠭᠡᠷᠡᠴᠢᠯᠡᠯᠲᠡ ᠶᠢᠨ ᠠᠰᠢᠭ ᠢ ᠭᠦᠢᠴᠡᠳ ᠡᠳ᠋ᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃ | | ᠤᠷᠴᠢᠭᠤᠯᠤᠭᠴᠢ ᠪᠠᠶᠠᠨᠪᠠᠲᠦ |