ᠨᠢᠭᠡ᠂ ᠲᠣᠭᠲᠠᠭᠠᠬᠤ ᠵᠣᠷᠢᠯᠭ᠎ᠠ | | ᠤᠯᠠᠭᠠᠨᠴᠠᠪ ᠬᠤᠲᠠ ᠶᠢᠨ ᠸᠠᠺᠼᠢᠨ ᠤ ᠡᠮ ᠤᠨ ᠵᠦᠢᠯ ︵ᠡᠮᠴᠢᠯᠡᠭᠡᠨ ᠤ ᠪᠠᠭᠠᠵᠢ ᠬᠡᠷᠡᠭᠰᠡᠯ ᠢ ᠪᠠᠭᠲᠠᠭᠠᠨ᠎ᠠ᠂ | ᠳᠣᠷᠣᠭᠰᠢ ᠠᠳᠠᠯᠢ︶ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠸᠠᠺᠼᠢᠨ ᠤ ᠡᠮ ᠤᠨ ᠵᠦᠢᠯ ᠤᠨ ᠠᠮᠤᠷ | ᠲᠦᠪᠰᠢᠨ ᠤ ᠭᠡᠨᠡᠳᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ᠂ ᠢᠳᠡᠪᠬᠢᠲᠡᠶ ᠠᠷᠭᠠᠴᠠᠬᠤ ᠪᠠ ᠴᠠᠭ | ᠲᠤᠬᠠᠶ ᠳᠤᠨᠢ ᠬᠢᠵᠠᠭᠠᠷᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠨᠳᠥᠷ ᠪᠦᠲᠦᠮᠵᠢᠲᠡᠶ | ᠵᠣᠬᠢᠶᠠᠨ ᠪᠠᠶᠢᠭᠤᠯᠵᠤ᠂ ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠣᠯᠠᠨ | ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠤᠴᠠᠷᠠᠭᠤᠯᠬᠤ ᠬᠤᠤᠷ ᠬᠥᠨᠥᠭᠡᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠡᠪ ᠤᠨ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠨ᠎ᠠ᠃ | | | ᠬᠤᠶᠠᠷ᠂ ᠲᠣᠭᠲᠠᠭᠠᠭᠰᠠᠨ ᠠᠬᠤᠶ ᠪᠠᠶᠢᠳᠠᠯ | | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ | ᠵᠦᠢᠯ ᠤᠨ ᠬᠠᠮᠢᠶᠠᠷᠤᠯᠲᠠ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠸᠠᠺᠼᠢᠨ ᠤ ᠬᠠᠮᠢᠶᠠᠷᠤᠯᠲᠠ ᠶᠢᠨ ᠬᠠᠤᠯᠢ︾ ᠶᠢ 2019 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠵᠦ᠂ ᠬᠤᠶᠠᠷ ᠬᠠᠤᠯᠢ ᠴᠠᠭᠠᠵᠠ ᠳᠤ ᠸᠠᠺᠼᠢᠨ ᠤ ᠡᠮ ᠤᠨ ᠵᠦᠢᠯ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠳᠤ ᠲᠣᠳᠣᠷᠬᠠᠶ ᠲᠣᠭᠲᠠᠭᠠᠯ ᠭᠠᠷᠭᠠᠪᠠ᠃ ᠡᠭᠦᠨ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠮ ᠤᠨ ᠵᠦᠢᠯ ᠢ ᠬᠠᠮᠢᠶᠠᠷᠬᠤ ᠬᠠᠤᠯᠢ︾ ᠶᠢᠨ ᠵᠠᠭᠤ ᠨᠠᠢᠮᠠᠳᠤᠭᠠᠷ ᠵᠦᠢᠯ ᠳᠤ᠄ ︽ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠮ ᠤᠨ ᠵᠦᠢᠯ ᠤᠨ | ᠠᠶᠤᠯᠭᠦᠶ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠢ ᠲᠣᠭᠲᠠᠭᠠᠬᠤ ᠬᠡᠷᠡᠭᠲᠡᠶ︾ | ᠭᠡᠵᠦ ᠲᠣᠭᠲᠠᠭᠠᠵᠠᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠸᠠᠺᠼᠢᠨ ᠤ ᠬᠠᠮᠢᠶᠠᠷᠤᠯᠲᠠ ᠶᠢᠨ | ᠬᠠᠤᠯᠢ︾ ᠶᠢᠨ ᠳᠠᠯᠠᠨ ᠨᠠᠶ᠋ᠮᠠᠳᠤᠭᠠᠷ ᠵᠦᠢᠯ ᠳᠤ᠄ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠸᠠᠺᠼᠢᠨ ᠤ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠲᠣᠭᠲᠠᠭᠠᠵᠤ᠂ ᠸᠠᠺᠼᠢᠨ ᠤ ᠠᠮᠤᠷ ᠲᠦᠪᠰᠢᠨ ᠤ ᠬᠡᠷᠡᠭ ᠤᠨ ᠲᠠᠰ ᠬᠤᠪᠢᠶᠠᠬᠤ᠂ ᠰᠢᠢᠳᠪᠦᠷᠢᠯᠡᠬᠦ ᠶᠢ ᠵᠣᠬᠢᠶᠠᠨ | ᠪᠠᠶᠢᠭᠤᠯᠵᠤ ᠵᠢᠯᠣᠭᠤᠳᠬᠤ ᠰᠢᠰᠲ᠋ᠧᠮ ᠬᠢᠭᠡᠳ ᠲᠤᠰᠢᠶᠠᠯ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠰᠢᠢᠳᠪᠦᠷᠢᠯᠡᠬᠦ ᠵᠢᠷᠤᠮ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠤ ᠲᠣᠭᠲᠠᠭᠠᠯ ᠭᠠᠷᠭᠠᠬᠤ ᠬᠡᠷᠡᠭᠲᠡᠶ︾ ᠭᠡᠵᠦ ᠲᠣᠭᠲᠠᠭᠠᠵᠠᠶ᠃ | | ᠳᠡᠭᠡᠷᠡᠬᠢ ᠲᠣᠭᠲᠠᠭᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 28 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠪᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ | ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ | ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ︵ᠰᠠᠨᠠᠯ ᠬᠤᠷᠢᠶᠠᠬᠤ ᠨᠣᠤᠷᠠᠭ︶ ᠢ ᠲᠦᠷᠦᠭᠦᠯᠡᠨ ᠲᠤᠭᠤᠷᠪᠢᠪᠠ᠃ ᠬᠤᠳᠠ ᠶᠢᠨ ᠰᠢᠭᠤᠳ | ᠬᠠᠷᠢᠶ᠎ᠠ 20 ᠰᠠᠯᠠᠭ᠎ᠠ ᠮᠥᠴᠢᠷ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠬᠠᠷᠢᠭᠤ ᠲᠤᠰᠬᠠᠭᠰᠠᠨ ᠰᠠᠨᠠᠯ ᠢ | ᠬᠤᠷᠢᠶᠠᠩᠭᠤᠶᠢᠯᠠᠭᠰᠠᠨ ᠪᠥᠭᠡᠳ ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠦᠷᠭᠡᠨ ᠬᠢᠨᠠᠭᠤᠯᠬᠤ ᠨᠤᠤᠷᠠᠬ ᠢ ᠪᠤᠢ ᠪᠣᠯᠭᠠᠪᠠ᠃ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ 2020 ᠣᠨ ᠤ 12 ᠰᠠᠷ᠎ᠠ ᠶᠢᠨ 23 ᠤ ᠡᠳᠦᠷ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ | | ᠭᠤᠷᠪᠠ᠂ ᠭᠤᠣᠯ ᠠᠭᠤᠯᠭ᠎ᠠ | | ︵ᠨᠢᠭᠡ︶ ᠶᠡᠷᠦᠩᠬᠡᠶ ᠳᠦᠷᠢᠮ | | ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠪᠠ | ᠠᠵᠢᠯ ᠤᠨ ᠵᠠᠷᠴᠢᠮ ᠢ ᠲᠣᠳᠣᠷᠬᠠᠶᠢᠯᠠᠬᠤ ᠬᠡᠷᠡᠭᠲᠡᠶ᠃ ᠨᠢᠭᠡᠳᠦᠯᠲᠡᠶ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ | ᠂ ᠲᠦᠷᠭᠡᠨ ᠲᠤᠰᠬᠠᠯ ᠭᠠᠷᠭᠠᠬᠤ᠂ ᠬᠠᠮᠵᠢᠯᠴᠠᠨ ᠠᠷᠭᠠᠴᠠᠬᠤ᠂ ᠨᠢᠭᠲᠠ ᠴᠢᠩᠭ᠎ᠠ ᠬᠢᠨᠠᠨ ᠬᠡᠮᠵᠢᠬᠦ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠵᠢᠷᠤᠮᠵᠢᠭᠤᠯᠬᠤ ᠶᠢ | ᠴᠢᠬᠤᠯᠠᠴᠢᠯᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ | ᠰᠢᠢᠳᠪᠦᠷᠢᠯᠡᠬᠦ ᠶᠢ ᠴᠢᠬᠤᠯᠠᠴᠢᠯᠠᠪᠠ᠃ | | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ | | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ᠂ 21 ᠪᠦᠷᠢᠯᠳᠦᠬᠦᠨ ᠨᠢᠭᠡᠴᠡ | ᠂ 11 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠳᠤᠭᠤᠶᠢᠯᠠᠩ ᠪᠣᠯᠤᠨ ᠬᠤᠰᠢᠭᠤ ᠰᠢᠶᠠᠨ ︵ | ᠬᠤᠲᠠ᠂ ᠲᠣᠭᠤᠷᠢᠭ︶ ᠤ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠲᠣᠳᠣᠷᠬᠠᠶᠢᠯᠠᠪᠠ᠃ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠤᠨ | ᠡᠵᠡᠮᠰᠢᠭᠴᠢ᠂ ᠡᠮ ᠤᠨ ᠵᠦᠢᠯ ᠢ ᠦᠶ᠋ᠯᠡᠳᠪᠦᠷᠢᠯᠡᠬᠦ ᠠᠵᠤ ᠠᠬᠤᠶᠢᠯᠠᠯ᠂ ᠡᠮ ᠤᠨ ᠵᠦᠢᠯ ᠢ ᠡᠵᠡᠩᠨᠡᠬᠦ ᠠᠵᠤ | ᠠᠬᠤᠶᠢᠯᠠᠯ ᠪᠠ ᠬᠡᠷᠡᠭᠯᠡᠬᠦ ᠨᠢᠭᠡᠴᠡ ᠶᠢᠨ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ | ᠬᠡᠷᠡᠭᠲᠡᠶ᠃ | | ︵ᠭᠤᠷᠪᠠ︶ ᠬᠢᠨᠠᠨ ᠬᠡᠮᠵᠢᠵᠦ ᠰᠡᠷᠡᠮᠵᠢᠯᠡᠭᠦᠯᠬᠦ | | ᠡᠭᠦᠨ ᠳᠤ ᠲᠦᠭᠰᠢᠭᠦᠷᠢ ᠶᠢ ᠬᠢᠨᠠᠨ ᠬᠡᠮᠵᠢᠬᠦ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ | ᠠᠭᠤᠯᠭ᠎ᠠ ᠶᠢ ᠪᠠᠭᠲᠠᠭᠠᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠮᠡᠳᠡᠭᠦᠯᠦᠨ | ᠬᠦᠷᠭᠡᠬᠦ᠂ ᠮᠡᠳᠡᠭᠡ ᠵᠠᠩᠭᠢ ᠨᠡᠶᠢᠲᠡᠯᠡᠬᠦ᠂ ᠰᠢᠢᠳᠪᠦᠷᠢᠯᠡᠬᠦ᠂ ᠳᠣᠭᠢᠷᠠᠭᠤᠯᠬᠤ᠂ ᠬᠦᠴᠦᠨ ᠥᠬᠡᠶ ᠪᠣᠯᠭᠠᠬᠤ ᠶᠢ | ᠲᠣᠳᠣᠷᠬᠠᠶᠢᠯᠠᠬᠤ ᠪᠠ ᠱᠠᠭᠠᠷᠳᠠᠨ᠎ᠠ᠃ | | ︵ᠲᠥᠷᠪᠡ︶ ᠭᠡᠨᠡᠳᠲᠡ ᠶᠢᠨ ᠬᠡᠷᠡᠭ ᠤᠨ ᠲᠡᠰ ᠬᠤᠪᠢᠶᠠᠬᠤ | | ᠭᠡᠨᠡᠳᠲᠡ ᠶᠢᠨ ᠬᠡᠷᠡᠭ ᠤᠨ ᠰᠢᠨᠵᠢ ᠴᠢᠨᠠᠷ᠂ ᠬᠦᠨᠳᠦ ᠨᠣᠴᠢᠲᠠᠶ ᠬᠡᠮᠵᠢᠶ᠎ᠡ᠂ ᠡᠵᠡᠮᠳᠡᠵᠦ ᠪᠣᠯᠬᠤ ᠴᠢᠨᠠᠷ ᠪᠠ | ᠨᠥᠯᠥᠭᠡᠯᠡᠬᠦ ᠬᠡᠪᠴᠢᠶ᠎ᠡ ᠵᠡᠷᠭᠡ ᠶᠢ ᠦᠨᠳᠦᠰᠦᠯᠡᠨ᠂ ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠪᠠ | ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠲᠠᠰ ᠬᠤᠪᠢᠶᠠᠨ ᠬᠠᠮᠢᠶᠠᠷᠴᠤ᠂ ᠣᠨᠴᠠᠭᠠᠶ | ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠪᠠ ᠡᠩ ᠤᠨ ᠭᠡᠵᠦ ᠳᠥᠷᠪᠡᠨ ᠲᠠᠰ ᠬᠤᠪᠢᠶᠠᠨ᠎ᠠ᠃ | | ︵ᠲᠠᠪᠤ︶ ᠮᠡᠳᠡᠭᠡ ᠵᠠᠩᠭᠢ ᠶᠢ ᠮᠡᠳᠡᠭᠳᠡᠬᠦ ᠪᠠ ᠮᠡᠳᠡᠭᠦᠯᠬᠦ | | ᠮᠡᠳᠡᠭᠡ ᠵᠠᠩᠭᠢ ᠶᠢ ᠮᠡᠳᠡᠭᠡᠯᠡᠬᠦ ᠪᠠ ᠮᠡᠳᠡᠭᠡ ᠵᠠᠩᠭᠢ ᠶᠢ ᠮᠡᠳᠡᠭᠦᠯᠬᠦ ᠵᠡᠷᠭᠡ ᠠᠭᠤᠯᠭ᠎ᠠ ᠶᠢ ᠪᠠᠭᠲᠠᠭᠠᠵᠤ᠂ ᠮᠡᠳᠡᠭᠡ | ᠵᠠᠩᠭᠢ ᠶᠢ ᠮᠡᠳᠡᠭᠦᠯᠬᠦ ᠲᠠᠰ ᠳᠠᠷᠠᠭᠠᠯᠠᠯ᠂ ᠴᠠᠭ ᠤᠨ ᠬᠢᠵᠠᠭᠠᠷ ᠪᠠ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠳᠠᠭᠠᠯ | | ᠳᠠᠭᠠᠬᠤ ᠶᠢ ᠲᠠᠰ ᠬᠤᠪᠢᠶᠠᠬᠤ᠂ ᠳᠠᠭᠠᠬᠤ ᠶᠢᠨ ᠭᠤᠤᠯ ᠴᠣᠭᠴᠠ᠂ ᠳᠠᠭᠠᠬᠤ ᠶᠢᠨ ᠠᠷᠭ᠎ᠠ ᠬᠡᠮᠵᠢᠶ᠎ᠡ᠂ | ᠳᠠᠭᠠᠬᠤ ᠶᠢᠨ ᠲᠣᠬᠢᠷᠠᠭᠤᠯᠤᠯᠲᠠ᠂ ᠳᠠᠭᠠᠬᠤ ᠶᠢ ᠳᠠᠭᠤᠰᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠪᠠ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠲᠠᠰ ᠬᠤᠪᠢᠶᠠᠬᠤ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ | ᠬᠢᠬᠦ ᠶᠢ ᠣᠨᠴᠠ ᠬᠦᠨᠳᠦ ᠶᠡᠭᠡ ︵I ᠲᠠᠰ︶᠂ ᠬᠦᠨᠳᠦ ᠶᠡᠭᠡ ︵Ⅱ ᠲᠠᠰ︶᠂ ᠨᠡᠯᠢᠶᠡᠳ ᠶᠡᠭᠡ ︵Ⅲ ᠲᠠᠰ︶ ᠪᠠ | ᠡᠩ ᠤᠨ ︵Ⅳ ᠲᠠᠰ︶ ᠳᠥᠷᠪᠡᠨ ᠲᠠᠰ ᠢᠶᠠᠷ ᠲᠣᠭᠲᠠᠭᠠᠨ᠎ᠠ᠃ ᠳᠠᠭᠠᠬᠤ ᠲᠠᠰ ᠢ ᠳᠡᠭᠡᠭᠰᠢᠯᠡᠭᠦᠯᠬᠦ᠂ ᠪᠠᠭᠤᠷᠠᠭᠤᠯᠬᠤ | ᠪᠠ ᠳᠠᠭᠤᠰᠬᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ | | ︵ᠲᠤᠯᠤᠭ᠎ᠠ︶ ᠪᠠᠴᠢᠮ ᠪᠠᠶᠢᠳᠠᠯ ᠶᠢ ᠠᠷᠭᠠᠴᠠᠨ ᠰᠢᠢᠳᠪᠦᠷᠢᠯᠡᠬᠦ | | ᠡᠭᠦᠨ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠷᠴᠢᠮ᠂ ᠰᠢᠢᠳᠪᠦᠷᠢᠯᠡᠬᠦ ᠵᠢᠷᠤᠮ᠂ ᠰᠢᠢᠳᠪᠦᠷᠢᠯᠡᠬᠦ | ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠠᠪᠤᠴᠠ ᠶᠣᠰᠣᠭᠠᠷ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠣᠯᠤᠭᠰᠠᠨ ᠠᠴᠠ ᠠᠪᠤᠭᠠᠳ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠠᠭᠤᠰᠬᠤ ᠬᠦᠷᠲᠡᠯᠡᠬᠢ ᠪᠦᠬᠦ ᠶᠠᠪᠤᠴᠠ ᠶᠢᠨ ᠰᠢᠢᠳᠪᠦᠷᠢᠯᠡᠬᠦ | ᠠᠷᠭ᠎ᠠ ᠬᠡᠮᠵᠢᠶ᠎ᠡ ᠶᠢ ᠲᠣᠭᠲᠠᠭᠠᠵᠠᠶ᠃ | | ︵ᠨᠠᠶ᠋ᠮᠠ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | | ᠡᠭᠦᠨ ᠳᠤ ᠰᠡᠭᠦᠯ ᠤᠨ ᠶᠠᠪᠤᠳᠠᠯ ᠢ ᠰᠢᠢᠳᠪᠦᠷᠢᠯᠡᠬᠦ᠂ ᠳᠠᠭᠠᠳᠬᠠᠯ ᠬᠢᠭᠡᠳ ᠲᠥᠯᠥᠪᠦᠷᠢ ᠥᠭᠬᠦ᠂ ᠬᠠᠷᠢᠭᠤᠴᠠᠯᠭ᠎ᠠ | ᠬᠢᠭᠡᠳ ᠱᠠᠩᠨᠠᠵᠤ ᠲᠣᠷᠭᠠᠬᠤ᠂ ᠪᠠᠶᠢᠴᠠᠭᠠᠨ ᠦᠨᠡᠯᠡᠬᠦ ᠪᠠ ᠳ᠋ᠦᠩᠨᠡᠬᠦ ᠵᠡᠷᠭᠡ ᠠᠭᠤᠯᠭ᠎ᠠ ᠪᠠᠭᠲᠠᠨ᠎ᠠ᠃ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠳᠠᠭᠤᠰᠬᠠᠭᠰᠠᠨ ᠤ ᠳᠠᠷᠠᠭ᠎ᠠ᠂ ᠬᠡᠷᠡᠭ ᠡᠭᠦᠰᠦᠭᠰᠡᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠢᠭᠠᠨ | ᠲᠣᠭᠲᠠᠭᠠᠵᠤ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠶᠢ ᠬᠠᠷᠢᠭᠤᠴᠠᠭᠤᠯᠤᠨ᠂ ᠬᠡᠷᠡᠭ ᠤᠨ ᠨᠥᠯᠥᠭᠡ ᠶᠢ ᠠᠯᠢ | ᠲᠦᠷᠭᠡᠨ ᠢᠶᠠᠷ ᠠᠷᠢᠯᠭᠠᠵᠤ᠂ ᠨᠡᠶᠢᠭᠡᠮ ᠤᠨ ᠬᠡᠪ ᠤᠨ ᠡᠮᠬᠢ ᠬᠡᠷᠡᠭ ᠶᠠᠪᠤᠳᠠᠯ ᠳᠤ ᠴᠠᠭ ᠲᠤᠬᠠᠶ ᠳᠤᠨᠢ ᠪᠠᠶᠢᠴᠠᠭᠠᠨ | ᠦᠨᠡᠯᠡᠯᠲᠡ ᠬᠢᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ︔ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠪᠠ ᠰᠢᠢᠳᠪᠦᠷᠢᠯᠡᠯᠲᠡ ᠶᠢᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠬᠠᠮᠲᠤ ᠨᠡᠶᠢᠲᠡ ᠪᠠ ᠬᠤᠪᠢ ᠬᠥᠮᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ︔ | ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠵᠡᠷᠭᠡ ᠦᠶ᠋ᠯᠡ ᠠᠵᠢᠯᠯᠠᠭ᠎ᠠ ᠲᠠᠢ ᠬᠠᠮᠢᠶ᠎ᠠ | ᠪᠥᠬᠦᠶ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | | ︵ᠶᠢᠰᠦ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | | ᠡᠩᠨᠡᠭᠡᠨ ᠤ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠮᠡᠳᠡᠭᠡ ᠵᠠᠩᠭᠢ ᠶᠢᠨ ᠪᠠᠲᠤᠯᠠᠭ᠎ᠠ᠂ ᠮᠡᠳᠡᠭᠡ | ᠬᠤᠯᠪᠣᠭᠠᠨ ᠤ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠵᠠᠮ ᠬᠠᠷᠢᠯᠴᠠᠭᠠᠨ ᠤ | ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠠᠮᠤᠷ ᠢ ᠬᠠᠮᠠᠭᠠᠯᠠᠬᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢᠨ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ | | ︵ᠠᠷᠪᠠ︶ ᠳᠠᠭᠠᠯᠳᠤᠭᠤᠯᠤᠭᠰᠠᠨ ᠲᠦᠷᠢᠮ | | ᠨᠡᠷ᠎ᠡ ᠦᠭᠡ ᠨᠡᠷ᠎ᠡ ᠲᠣᠮᠢᠶ᠎ᠠ᠂ ᠪᠡᠯᠡᠳᠬᠡᠯ ᠲᠥᠰᠦᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ ᠲᠥᠰᠦᠯ ᠢ | ᠲᠠᠶᠢᠯᠪᠤᠷᠢᠯᠠᠬᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ ᠬᠤᠶᠠᠷ | ᠳᠠᠭᠠᠯᠳᠤᠭᠤᠯᠤᠯ ᠨᠢ ︽ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠤᠨ ᠲᠠᠰ ᠬᠤᠪᠢᠶᠠᠬᠤ | ᠪᠠᠷᠢᠮᠵᠢᠶ᠎ᠠ ᠪᠠ ᠳᠠᠭᠠᠬᠤ ᠲᠠᠰ︾ ᠪᠠ ︽ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠲᠠᠰ | ᠬᠤᠪᠢᠶᠠᠬᠤ ᠪᠠᠷᠢᠮᠵᠢᠶ᠎ᠠ ᠪᠠ ᠳᠠᠭᠠᠬᠤ ᠲᠣᠭᠲᠠᠭᠠᠯ︾ ᠪᠣᠯᠤᠨ᠎ᠠ᠃ | | ᠳᠥᠷᠪᠡ᠂ ᠭᠤᠤᠯ ᠣᠨᠴᠠᠯᠢᠭ | | ︽ᠤᠯᠠᠭᠠᠨᠴᠠᠪ ᠬᠤᠲᠠ ᠶᠢᠨ ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠣᠶᠢᠷ᠎ᠠ ᠶᠢᠨ ᠵᠢᠯ ᠤᠨ ᠲᠤᠷᠰᠢᠬᠢ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠭᠰᠡᠨ ᠠᠮᠵᠢᠯᠲᠠᠲᠠᠶ ᠲᠤᠷᠰᠢᠯᠭ᠎ᠠ ᠪᠠᠷ ᠭᠦᠶ᠋ᠴᠡᠳ ᠲᠣᠯᠢ ᠪᠣᠯᠭᠠᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢᠶᠠᠷ ᠯᠠᠪᠯᠠᠯᠲᠠ ᠪᠣᠯᠭᠠᠬᠤ ᠪᠠ ᠡᠯ᠎ᠡ ᠬᠠᠮᠢᠶ᠎ᠠ | ᠪᠥᠬᠦᠶ ᠪᠦᠷᠢᠯᠳᠦᠬᠦᠨ ᠨᠢᠭᠡᠴᠡ ᠶᠢᠨ ᠰᠠᠨᠠᠯ ᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ ᠪᠦᠷᠢᠯᠳᠦᠭᠦᠯᠪᠡ᠃ | ᠭᠤᠣᠯ ᠣᠨᠴᠠᠯᠢᠭ ᠨᠢ ᠳᠣᠣᠷᠠᠬᠢ ᠲᠠᠪᠤᠨ ᠲᠠᠯ᠎ᠠ ᠪᠠᠷ ᠢᠯᠡᠷᠡᠵᠦ ᠪᠤᠢ᠄ | | ︵ᠨᠢᠭᠡ︶ ᠨᠢᠭᠡᠳᠦᠯᠲᠡᠶ ᠰᠢᠢᠳᠪᠦᠷᠢᠯᠡᠬᠦ ᠲᠣᠭᠲᠠᠴᠠ | | ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠬᠢᠭᠡᠳ ᠡᠮ ᠤᠨ ᠵᠦᠢᠯ ᠤᠨ ᠠᠮᠤᠷ ᠲᠦᠪᠰᠢᠨ ᠤ | ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠶᠠᠪᠤᠴᠠ ᠶᠢᠨ ᠨᠡᠶᠢᠲᠡᠯᠢᠭ ᠴᠢᠨᠠᠷ ᠪᠠ ᠥᠪᠡᠷᠮᠢᠴᠡ ᠣᠨᠴᠠᠯᠢᠭ ᠢ | ᠭᠦᠶ᠋ᠴᠡᠳ ᠪᠣᠳᠣᠯᠬᠢᠯᠠᠵᠤ᠂ ᠲᠠᠰ ᠬᠤᠪᠢᠶᠠᠬᠤ ᠪᠠᠷᠢᠮᠵᠢᠶ᠎ᠠ᠂ ᠳᠠᠭᠠᠬᠤ ᠲᠠᠰ ᠤᠨ ᠲᠠᠯ᠎ᠠ ᠪᠠᠷ ᠢᠯᠭᠠᠨ ᠰᠠᠯᠭᠠᠵᠤ᠂ | ᠸᠠᠺᠼᠢᠨ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠶᠢ | ᠡᠮᠬᠢᠯᠡᠨ ᠨᠡᠶᠢᠯᠡᠭᠦᠯᠵᠦ ᠪᠠᠶᠢᠭᠠᠳ ᠸᠠᠺᠼᠢᠨ ᠤ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠭᠠᠨ ᠲᠣᠭᠲᠠᠭᠠᠨ᠎ᠠ᠃ ᠨᠢᠭᠡᠳᠦᠯᠲᠡᠶ ᠤᠳᠤᠷᠢᠳᠤᠭᠰᠠᠨ᠂ | ᠡᠷᠬᠡ ᠬᠠᠷᠢᠭᠤᠴᠠᠯᠭ᠎ᠠ ᠨᠢᠭᠡᠳᠦᠯᠲᠡᠶ᠂ ᠨᠢᠭᠲᠠ ᠬᠠᠮᠵᠢᠯᠴᠠᠭᠰᠠᠨ ᠸᠠᠺᠼᠢᠨ ᠤ ᠡᠮ ᠤᠨ ᠵᠦᠢᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠭᠰᠠᠨ ᠨᠢ ᠤᠯᠠᠭᠠᠨᠴᠠᠪ ᠬᠤᠲᠠ ᠶᠢᠨ ᠸᠠᠺᠼᠢᠨ ᠤ ᠡᠮ ᠤᠨ | ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠶᠢᠨ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ | | ︵ᠬᠤᠶᠠᠷ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ | | ᠲᠦᠭᠰᠢᠭᠦᠷᠢ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶ᠎ᠠ ᠪᠥᠬᠦᠶ | ᠠᠭᠤᠯᠭ᠎ᠠ ᠳᠤ ᠲᠣᠭᠲᠠᠭᠠᠯ ᠭᠠᠷᠭᠠᠵᠤ᠂ ᠲᠠᠰ ᠬᠤᠪᠢᠶᠠᠬᠤ ᠠᠷᠭ᠎ᠠ ᠮᠠᠶ᠋ᠢᠭ ᠢᠶᠠᠷ ᠤᠷᠢᠳᠴᠢᠯᠠᠨ ᠰᠡᠷᠡᠮᠵᠢᠯᠡᠭᠦᠯᠵᠦ᠂ | ᠡᠯ᠎ᠡ ᠱᠠᠲᠤᠨ ᠤ ᠪᠣᠳᠠᠲᠠᠶ ᠪᠠᠶᠢᠳᠠᠯ ᠢ ᠲᠣᠳᠣᠷᠬᠠᠶᠢᠯᠠᠬᠤ ᠵᠢᠴᠢ ᠬᠠᠷᠢᠭᠤᠴᠠᠯᠭ᠎ᠠ ᠶᠢᠨ ᠭᠤᠤᠯ ᠴᠣᠭᠴᠠ ᠶᠢ | ᠨᠡᠶᠢᠲᠡᠯᠡᠵᠦ᠂ ᠴᠢᠭᠯᠡᠭᠦᠯᠬᠦ ᠴᠢᠨᠠᠷᠲᠠᠶ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠣᠭᠢᠷᠠᠭᠤᠯᠤᠨ᠎ᠠ᠃ | ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ᠂ ᠰᠢᠶ᠋ᠳᠪᠦᠷᠢᠯᠡᠭᠰᠡᠨ ᠪᠠᠶᠢᠳᠠᠯ ᠪᠠ ᠦᠨᠡᠯᠡᠨ ᠵᠢᠱᠢᠭᠰᠡᠨ ᠦᠷ᠎ᠡ | ᠳ᠋ᠦᠩ ᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠳᠡᠭᠡᠭᠰᠢᠯᠡᠭᠦᠯᠬᠦ᠂ ᠪᠠᠭᠤᠷᠠᠭᠤᠯᠬᠤ ᠪᠠ ᠬᠦᠴᠦᠨ | ᠥᠬᠡᠶ ᠪᠣᠯᠭᠠᠬᠤ ᠳᠤ ᠲᠣᠬᠢᠷᠠᠭᠤᠯᠤᠯᠲᠠ ᠬᠢᠵᠦ᠂ ᠭᠡᠨᠡᠳᠲᠡ ᠶᠢᠨ ᠬᠡᠷᠡᠭ ᠤᠨ ︽ᠤᠷᠢᠳᠴᠢᠯᠠᠨ ᠰᠡᠷᠭᠡᠶᠢᠯᠡᠬᠦ ᠪᠠᠷ | ᠭᠤᠤᠯ ᠪᠣᠯᠭᠠᠬᠤ︾ ᠵᠠᠷᠴᠢᠮ ᠢ ᠳᠣᠪᠤᠶᠢᠯᠭᠠᠨ᠎ᠠ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ | | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ | ᠬᠤᠪᠢᠷᠠᠯᠲᠠ ᠶᠢ ᠦᠨᠳᠦᠰᠦᠯᠡᠨ᠂ ᠸᠠᠺᠼᠢᠨ ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠡᠮ ᠤᠨ ᠵᠦᠢᠯ ᠢ ᠵᠠᠬ᠎ᠠ ᠳᠡᠯᠭᠡᠭᠦᠷ ᠲᠤ | ᠭᠠᠷᠭᠠᠬᠤ ᠵᠥᠪᠰᠢᠶᠡᠷᠡᠯ ᠤᠨ ᠡᠵᠡᠮᠰᠢᠭᠴᠢ᠂ ᠡᠮ ᠤᠨ ᠵᠦᠢᠯ ᠤᠨ ᠦᠶ᠋ᠯᠡᠳᠪᠦᠷᠢᠯᠡᠯ ᠤᠨ ᠠᠵᠤ ᠠᠬᠤᠶᠢᠯᠠᠯ᠂ ᠡᠮ ᠤᠨ | ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢᠨ ᠸᠠᠺᠼᠢᠨ ᠡᠮ ᠤᠨ ᠵᠦᠢᠯ ᠤᠨ ᠠᠮᠤᠷ | ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠬᠠᠮᠢᠶ᠎ᠠ ᠪᠥᠬᠦᠶ | ᠱᠠᠭᠠᠷᠳᠠᠯᠭ᠎ᠠ ᠳᠤᠷᠠᠳᠴᠤ᠂ ᠭᠡᠨᠡᠳᠲᠡ ᠶᠢᠨ ᠬᠡᠷᠡᠭ ᠢ ᠠᠷᠭᠠᠴᠠᠬᠤ ᠣᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠪᠠ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠤ ᠲᠦᠷᠢᠮ ᠢ ᠪᠠᠶᠢᠭᠤᠯᠤᠨ᠎ᠠ᠃ | | ︵ᠳᠥᠷᠪᠡ︶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ | | ᠣᠶᠢᠷ᠎ᠠ ᠶᠢᠨ ᠵᠢᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠭᠰᠡᠨ | ᠲᠤᠷᠰᠢᠯᠭ᠎ᠠ ᠶᠢ ᠠᠨᠠᠭᠠᠬᠤ ᠤᠬᠠᠭᠠᠨ ᠤ ᠠᠪᠤᠷᠠᠨ ᠵᠠᠰᠠᠬᠤ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ᠂ ᠬᠡᠷᠡᠭ ᠢ | ᠪᠠᠶᠢᠴᠠᠭᠠᠬᠤ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ᠂ ᠦᠢᠯᠡᠳᠬᠦᠨ ᠢ ᠡᠭᠡᠭᠦᠯᠦᠨ ᠠᠪᠴᠢᠷᠠᠬᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠪᠠᠷ᠂ ᠠᠯᠬᠤᠮ ᠳᠠᠷᠠᠭ᠎ᠠ ᠶᠢᠨ ᠶᠣᠰᠣᠭᠠᠷ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠶᠢ ᠡᠮᠬᠢᠯᠡᠨ ᠬᠤᠷᠢᠶᠠᠩᠭᠤᠶᠢᠯᠠᠵᠤ᠂ | ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠭᠥᠯᠢᠶᠡᠨ ᠠᠪᠤᠭᠰᠠᠨ ᠠᠴᠠ ᠠᠪᠤᠭᠠᠳ ᠡᠴᠦᠰ ᠤᠨ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠵᠦ ᠳᠠᠭᠤᠰᠬᠤ ᠪᠣᠯᠲᠠᠯ᠎ᠠ ᠭᠤᠭᠴᠤᠭ᠎ᠠ ᠳᠠᠷᠠᠭᠠᠯᠠᠨ ᠪᠣᠳᠠᠲᠠᠶ ᠲᠣᠭᠲᠠᠭᠠᠯ | ᠭᠠᠷᠭᠠᠵᠤ᠂ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ︽ᠤᠯᠠᠭᠠᠨᠴᠠᠪ ᠬᠤᠲᠠ ᠶᠢᠨ ᠸᠠᠺᠼᠢᠨ | ᠡᠮ ᠤᠨ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ | ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ | | ︵ᠲᠠᠪᠤ︶ ᠮᠡᠳᠡᠭᠦᠯᠦᠯᠲᠡ ᠶᠢᠨ ᠲᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ | | ᠠᠩᠬᠠᠨ ᠤ ᠮᠡᠳᠡᠭᠦᠯᠦᠯᠲᠡ᠂ ᠱᠠᠳᠤ ᠦᠶ᠎ᠡ ᠶᠢᠨ ᠮᠡᠳᠡᠭᠦᠯᠦᠯᠲᠡ᠂ ᠳ᠋ᠦᠩᠨᠡᠯᠲᠡ ᠶᠢᠨ ᠮᠡᠳᠡᠭᠦᠯᠦᠯᠲᠡ ᠳᠤ | ᠪᠣᠳᠠᠲᠠᠢ ᠱᠠᠭᠠᠷᠳᠠᠯᠭ᠎ᠠ ᠳᠤᠷᠠᠳᠴᠠᠢ᠃ ᠠᠳᠠᠯᠢ ᠪᠤᠰᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ | ᠬᠠᠷᠢᠭᠤᠴᠠᠯᠭ᠎ᠠ ᠶᠢᠨ ᠪᠡᠶᠡᠴᠢ ᠴᠣᠭᠴᠠ ᠳᠤ ᠴᠢᠭᠯᠡᠭᠦᠯᠦᠨ᠂ ᠮᠡᠳᠡᠭᠦᠯᠦᠯᠲᠡ ᠶᠢᠨ ᠲᠠᠰ ᠳᠠᠷᠠᠭᠠᠯᠠᠯ᠂ | ᠮᠡᠳᠡᠭᠦᠯᠦᠯᠲᠡ ᠶᠢᠨ ᠴᠠᠭ ᠤᠨ ᠬᠢᠵᠠᠭᠠᠷ᠂ ᠮᠡᠳᠡᠭᠦᠯᠦᠯᠲᠡ ᠶᠢᠨ ᠲᠠᠯ᠎ᠠ ᠵᠡᠷᠭᠡ ᠲᠠᠯ᠎ᠠ ᠶᠢ ᠲᠣᠳᠣᠷᠬᠠᠶᠢᠯᠠᠵᠤ᠂ ᠳᠡᠭᠡᠳᠦ | ᠳᠣᠤᠷᠠᠳᠤ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠡᠯ᠎ᠡ | ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠮᠡᠳᠡᠭᠡᠯᠡᠬᠦ ᠠᠵᠢᠯ ᠢ ᠨᠠᠷᠢᠨ ᠨᠢᠮᠪᠠᠶ ᠵᠢᠷᠤᠮᠵᠢᠭᠤᠯᠵᠠᠶ᠂ | ᠡᠭᠦᠨ ᠤ ᠵᠣᠷᠢᠯᠭ᠎ᠠ ᠨᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠲᠣᠭᠲᠠᠴᠠ ᠶᠢ ᠪᠣᠶ ᠪᠣᠯᠭᠠᠬᠤ ᠶᠢᠨ ᠲᠥᠯᠥᠭᠡ ᠶᠤᠮ᠃ | | ᠤᠷᠴᠢᠭᠤᠯᠤᠭᠴᠢ ᠪᠠᠶᠠᠨᠪᠠᠲᠦ |