ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠡᠭᠦᠷ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠤ᠂ ᠬᠤᠳᠠ ᠬᠥᠳᠡᠭᠡ ᠶᠢ ᠪᠦᠷᠬᠦᠭᠰᠡᠨ ᠣᠳᠣᠬᠢᠴᠢᠯᠠᠭᠰᠠᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠥᠮ ᠢ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/12/13
ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠬᠠᠤᠯᠢᠵᠢᠯ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠠᠤᠯᠢᠵᠢᠯ ᠤᠨ ᠠᠷᠭ᠎ᠠ ᠬᠡᠯᠪᠡᠷᠢ ᠶᠢ ᠨᠡᠩ ᠰᠠᠶᠢᠲᠤᠷ ᠡᠵᠡᠮᠰᠢᠵᠦ᠂︽ᠠᠮᠤᠷ ᠠᠮᠤᠭᠤᠯᠠᠩ ᠭᠠᠷᠮᠠᠭᠠᠢ ᠭᠠᠷᠮᠠᠭᠠᠢ ᠭᠠᠷᠮᠠᠭᠠᠢ ᠭᠠᠷᠮᠠᠭᠠᠢ ᠭᠠᠷᠮᠠᠭᠠᠢ︾ ᠶᠢ ᠪᠠᠶᠢᠭᠤᠯᠬᠤ ᠳᠤᠮᠳᠠ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠵᠤ᠂ 11 ᠰᠠᠷ᠎ᠠ ᠶᠢᠨ 30 ᠋ ᠤ ᠡᠳᠦᠷ᠂ ᠭᠠᠷᠮᠠᠭᠠᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠡᠭᠦᠷ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠳᠠ ᠬᠥᠳᠡᠭᠡ ᠶᠢ ᠪᠦᠷᠬᠦᠭᠰᠡᠨ ᠣᠳᠣᠬᠢᠴᠢᠯᠠᠭᠰᠠᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠥᠮ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠲᠣᠪᠴᠢᠶᠠᠨ ᠳᠠᠷᠤᠭ᠎ᠠ ᠯᠢ ᠬᠦᠢ ᠰᠦᠸ᠋ᠸ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠬᠠᠮᠢᠶ᠎ᠠ ᠪᠦᠬᠦᠢ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠡᠷᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠳᠠ ᠬᠥᠳᠡᠭᠡ ᠶᠢ ᠪᠦᠷᠬᠦᠭᠰᠡᠨ ᠣᠳᠣᠬᠢᠴᠢᠯᠠᠭᠰᠠᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠥᠮ ᠢ ᠪᠠᠶᠢᠭᠤᠯᠬᠤ ᠲᠤᠬᠠᠢ ᠥᠪᠡᠷ ᠤᠨ ᠣᠯᠣᠯᠲᠠ ᠲᠥᠷᠥᠭᠳᠡᠯ ᠢᠶᠠᠨ ᠶᠠᠷᠢᠪᠠ᠃
    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ᠬᠤᠳᠠ ᠬᠥᠳᠡᠭᠡ ᠶᠢ ᠬᠠᠮᠤᠷᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠂ ᠡᠨᠡ ᠨᠢ ᠬᠠᠤᠯᠢ ᠪᠠᠷ ᠵᠠᠰᠠᠬᠤ ᠨᠡᠶᠢᠭᠡᠮ ᠢ ᠲᠦᠷᠭᠡᠪᠴᠢᠯᠡᠨ ᠪᠠᠶᠢᠭᠤᠯᠬᠤ ᠳᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠣᠯ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠡᠭᠦᠷᠭᠡ ᠴᠢᠳᠠᠪᠤᠷᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠥᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠦᠷ᠎ᠡ ᠪᠦᠲᠦᠮᠵᠢ ᠲᠠᠰᠤᠷᠠᠯᠳᠡ ᠦᠭᠡᠢ ᠳᠡᠭᠡᠭᠰᠢᠯᠡᠵᠦ᠂ ᠠᠷᠠᠳ ᠤᠯᠠᠨ ᠤ ᠬᠠᠤᠯᠢᠵᠢᠯ ᠤᠨ ᠬᠦᠷᠲᠡᠮᠵᠢ ᠶᠢᠨ ᠲᠥᠷᠥᠭᠳᠡᠯ ᠢᠯᠡᠳᠲᠡ ᠨᠡᠮᠡᠭᠳᠡᠵᠡᠢ᠃     ᠬᠤᠶᠢᠰᠢᠳᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ︽ᠮᠣᠷᠢ ᠡᠮᠡᠭᠡᠯ ᠠᠴᠠ ᠪᠠᠨ ᠰᠠᠯᠬᠤ ᠦᠭᠡᠢ᠂ ᠵᠢᠯᠣᠭᠤ ᠪᠠᠨ ᠲᠠᠯᠪᠢᠬᠤ ᠦᠭᠡᠢ︾ ᠲᠣᠭᠲᠠᠯ ᠬᠦᠴᠦᠨ ᠢᠶᠠᠷ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠬᠤᠲᠠ ᠬᠥᠳᠡᠭᠡ ᠶᠢ ᠬᠠᠮᠤᠷᠤᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ᠂ ᠠᠳᠠᠯᠢ ᠲᠡᠭᠰᠢ ᠲᠦᠭᠡᠮᠡᠯ ᠠᠰᠢᠭ ᠬᠦᠷᠲᠡᠭᠡᠬᠦ ᠣᠲᠣ ᠦᠶ᠎ᠡ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠬᠡᠨ ᠪᠠᠶᠢᠭᠤᠯᠬᠤ ᠬᠡᠷᠡᠭᠲᠡᠢ᠃     ᠤᠷᠴᠢᠭᠤᠯᠤᠭᠴᠢ᠄ ᠪᠠᠶᠠᠨᠪᠠᠲᠤ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2