︽ᠰᠢᠨ᠎ᠡ ᠠᠷᠪᠠᠨ ᠵᠤᠷᠪᠤᠰ︾ ᠢ ᠨᠡᠶᠢᠲᠡᠯᠡᠭᠰᠡᠨ ᠤ ᠳᠠᠷᠠᠭ᠎ᠠ᠂ ᠥᠪᠥᠷ ᠮᠣᠩᠭᠤᠯ ᠶᠠᠮᠠᠷ ᠶᠠᠮᠠᠷ ᠨᠠᠷᠢᠯᠢᠭᠵᠢᠭᠤᠯᠤᠨ | ᠰᠢᠯᠢᠳᠡᠭᠵᠢᠭᠦᠯᠬᠦ ᠠᠵᠢᠯ ᠬᠢᠭᠰᠡᠨ ᠪᠣᠶ︖ | ᠶᠠᠮᠠᠷ ᠪᠠᠶᠢᠳᠠᠯ ᠤᠨ ᠳᠣᠣᠷ᠎ᠠ᠂ ᠪᠥᠭᠡᠮ ᠬᠦᠴᠢᠯ ᠤᠨ ᠪᠠᠶᠢᠴᠠᠭᠠᠯᠲᠠ ᠶᠢ ᠪᠠᠰᠠ ᠦᠷᠭᠦᠯᠵᠢᠯᠡᠨ ᠬᠢᠬᠦ ᠬᠡᠷᠡᠭᠲᠡᠢ ᠪᠤᠢ? | ᠶᠠᠮᠠᠷ ᠶᠠᠮᠠᠷ ᠭᠠᠵᠠᠷ ᠲᠤ ᠪᠠᠰᠠ ᠪᠠᠶᠢᠴᠠᠭᠠᠨ ᠰᠢᠯᠭᠠᠬᠤ ᠪᠤᠢ? | ᠠᠷᠭ᠎ᠠ ᠨᠢ ᠠᠷᠪᠢᠳᠪᠠᠯ ᠶᠠᠭᠠᠬᠢᠵᠤ ᠡᠪᠡᠳᠴᠢᠨ ᠢᠶᠠᠨ ᠦᠵᠡᠭᠦᠯᠬᠦ ᠪᠣᠢ︖ᠬᠠᠮᠢᠭ᠎ᠠ ᠣᠴᠢᠵᠤ ᠡᠪᠡᠳᠴᠢᠨ ᠢᠶᠠᠨ | ᠦᠵᠡᠭᠦᠯᠬᠦ ᠪᠤᠢ?ᠡᠪᠡᠳᠴᠢᠨ ᠢᠶᠠᠨ ᠦᠵᠡᠭᠦᠯᠵᠦ ᠲᠠᠶᠢᠯᠤᠨ᠎ᠠ ᠤᠣ ᠦᠭᠡᠢ ᠦᠸ? | ᠰᠠᠭᠤᠷᠢ ᠡᠪᠡᠳᠴᠢᠨ ᠲᠠᠢ ᠨᠠᠰᠤᠲᠠᠶᠢᠴᠤᠳ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ᠂ ᠶᠠᠭᠠᠬᠢᠪᠠᠯ ᠵᠣᠬᠢᠬᠤ | ᠪᠣᠶ︖ | ᠁ ᠁ | ᠤᠯᠠᠨ ᠢᠶᠠᠷ ᠢᠶᠠᠨ ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠦᠢ ᠬᠤᠩ ᡁᠢ | ᠬᠠᠷᠢᠭᠤᠯᠲᠠ ᠥᠭᠪᠡ ︱ | | 1 ︽ᠴᠢᠯᠦᠭᠡᠲᠡᠢ ᠲᠠᠯᠪᠢᠬᠤ︾ ᠲᠤᠬᠠᠢ | ᠰᠢᠦᠢ ᠬᠤᠩ ᡁᠢ ᠴᠢᠬᠤᠯᠠᠴᠢᠯᠠᠬᠤ ᠳᠠᠭᠠᠨ᠂ ︽ᠴᠢᠯᠦᠭᠡᠲᠡᠢ ᠲᠠᠯᠪᠢᠬᠤ︾ ᠭᠡᠳᠡᠭ ᠨᠢ ᠪᠦᠷᠢᠮᠦᠰᠦᠨ | ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ᠂ ᠬᠠᠷᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠨᠠᠩ ᠨᠠᠷᠢᠨ ᠣᠨᠣᠪᠴᠢᠲᠠᠶ ᠠᠷᠭ᠎ᠠ ᠬᠡᠮᠵᠢᠶ᠎ᠡ ᠠᠪᠬᠤ ᠬᠡᠷᠡᠭᠲᠡᠢ᠃ᠵᠢᠱᠢᠶᠡᠯᠡᠪᠡᠯ᠂ ᠠᠶᠤᠯ | ᠲᠦᠭᠰᠢᠭᠦᠷᠢ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠤᠪᠢᠶᠠᠷᠢᠯᠠᠵᠤ᠂ ᠠᠰᠠᠷ ᠤᠨ | ᠠᠰᠠᠷ᠂ ᠨᠢᠭᠡᠴᠢ᠂ ᠠᠰᠠᠷ ᠤᠨ ᠳᠠᠪᠬᠤᠷᠭ᠎ᠠ᠂ ᠰᠠᠭᠤᠭᠠᠯᠢ ᠡᠷᠦᠬᠡ ᠶᠢᠨ ᠶᠣᠰᠣᠭᠠᠷ ᠠᠶᠤᠯ ᠲᠦᠭᠰᠢᠭᠦᠷᠢ ᠶᠡᠬᠡᠲᠡᠢ | ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ᠂ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃5 | ᠡᠳᠦᠷ ᠳᠠᠷᠠᠭᠠᠯᠠᠨ ᠰᠢᠨ᠎ᠡ ᠪᠠᠷ ᠬᠠᠯᠳᠠᠪᠤᠷᠢᠯᠠᠭᠰᠠᠨ ᠦᠭᠡᠢ ᠠᠶᠤᠯ ᠲᠦᠭᠰᠢᠭᠦᠷᠢ ᠶᠡᠬᠡᠲᠡᠢ ᠣᠷᠣᠨ ᠤ ᠪᠢᠲᠡᠭᠦᠮᠵᠢᠯᠡᠯ ᠢ | ᠴᠠᠭ ᠲᠤᠬᠠᠢ ᠳᠤᠨᠢ ᠬᠦᠴᠦᠨ ᠦᠭᠡᠢ ᠪᠣᠯᠭᠠᠬᠤ ᠬᠡᠷᠡᠭᠲᠡᠢ᠃ | 2 ᠸᠢᠷᠦ᠋ᠰ ᠤᠨ ᠬᠠᠯᠳᠠᠪᠤᠷᠢᠯᠠᠯ ᠤᠨ ᠲᠤᠬᠠᠢ | ᠰᠢᠦᠢ ᠬᠤᠩ ᡁᠢ ᠬᠡᠯᠡᠬᠦ ᠳᠡᠭᠡᠨ᠂ ᠪᠢᠳᠡ ᠡᠶᠢᠮᠦ ᠨᠢᠭᠡᠨ ᠣᠶᠢᠯᠠᠭᠠᠭᠳᠠᠬᠤᠨ ᠢ ᠪᠣᠶ ᠪᠣᠯᠭᠠᠪᠠᠯ ᠵᠣᠬᠢᠨ᠎ᠠ᠄ | ᠠᠷᠭ᠎ᠠ ᠴᠢᠨᠠᠷ ᠢ ᠨᠥᠯᠥᠭᠡᠯᠡᠬᠦ ᠨᠢ ᠲᠡᠶᠢᠮᠦ ᠠᠶᠤᠮᠠᠷ ᠶᠠᠪᠤᠳᠠᠯ ᠪᠢᠰᠢ᠃ | ᠤᠮᠢᠺ ᠷᠦᠩ ᠤᠨ ᠣᠨᠳᠣᠣᠰᠢᠭᠰᠠᠨ ᠤᠷᠭᠤᠮᠠᠯ ᠤᠨ ᠡᠪᠡᠳᠴᠢᠯᠡᠭᠦᠯᠬᠦ ᠬᠦᠴᠦ ᠨᠢ ᠪᠠᠭᠤᠷᠠᠪᠠ᠃ᠲᠣᠰ | ᠡᠭᠡᠯᠵᠢ ᠶᠢᠨ ᠬᠥᠬᠡᠬᠤᠲᠠ ᠪᠣᠯᠣᠨ ᠪᠥᠬᠦ ᠤᠯᠤᠰ ᠤᠨ ᠡᠯ᠎ᠡ ᠭᠠᠵᠠᠷ ᠤᠨ ᠬᠢᠵᠢᠭ ᠤᠨ ᠪᠠᠶᠢᠳᠠᠯ ᠤᠨ ᠵᠠᠳᠠᠯᠤᠯᠲᠠ ᠲᠠᠢ | ᠤᠶᠠᠯᠳᠤᠭᠤᠯᠤᠨ ᠦᠵᠡᠪᠡᠯ᠂ ᠲᠣᠰ ᠡᠭᠡᠯᠵᠢ ᠶᠢᠨ ᠬᠢᠵᠢᠭ ᠤᠨ ᠬᠦᠨᠳᠦ ᠡᠪᠡᠳᠴᠢᠨ ᠤ ᠨᠣᠷᠮ᠎ᠠ ᠨᠢ ᠳᠣᠣᠷ᠎ᠠ ᠪᠠᠶᠢᠵᠤ | ᠂ 99% ᠠᠴᠠ ᠳᠡᠭᠡᠭᠰᠢᠬᠢ ᠨᠢ ᠴᠥᠮ ᠡᠪᠡᠳᠴᠢᠨ ᠤ ᠢᠯᠡᠷᠡᠯ ᠦᠭᠡᠢ ᠪᠠ ᠬᠥᠩᠭᠡᠨ ᠡᠪᠡᠳᠴᠢᠨ ᠪᠠᠶᠢᠵᠤ᠂ ᠬᠦᠨᠳᠦ | ᠡᠪᠡᠳᠴᠢᠨ ᠪᠠ ᠬᠦᠨᠳᠦ ᠲᠦᠭᠰᠢᠭᠦᠷᠢᠲᠡᠢ ᠡᠪᠡᠳᠴᠢᠨ ᠤ ᠬᠡᠮᠵᠢᠶ᠎ᠡ ᠨᠢ 1% ᠬᠦᠷᠬᠦ ᠦᠭᠡᠢ ᠪᠠᠶᠢᠨ᠎ᠠ᠃ | 3 ᠰᠠᠭᠤᠷᠢ ᠡᠪᠡᠳᠴᠢᠨ ᠲᠠᠢ ᠭᠤᠣᠯᠳᠠᠯᠭ᠎ᠠ ᠲᠠᠢ ᠬᠥᠮᠥᠰ ᠤᠨ ᠲᠤᠬᠠᠢ | ᠰᠢᠦᠢ ᠬᠤᠩ ᡁᠢ ᠢᠯᠡᠷᠬᠡᠶᠢᠯᠡᠬᠦ ᠳᠡᠭᠡᠨ᠂ ᠰᠠᠭᠤᠷᠢ ᠡᠪᠡᠳᠴᠢᠨ ᠳᠤ ᠨᠡᠷᠪᠡᠭᠳᠡᠭᠰᠡᠨ ᠭᠤᠣᠯᠳᠠᠯᠭ᠎ᠠ ᠲᠠᠢ ᠬᠥᠮᠥᠰ | ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠪᠣᠯᠬᠤᠷ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ | ᠪᠠᠶᠢᠳᠠᠯ ᠢ ᠣᠶᠢᠯᠠᠭᠠᠬᠤ ᠪᠠ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠬᠤ ᠨᠢ ᠮᠠᠰᠢ ᠴᠢᠬᠤᠯᠠ ᠶᠤᠮ ᠭᠡᠵᠡᠢ᠃ | | ᠡᠯ᠎ᠡ ᠭᠠᠵᠠᠷ ᠤᠨ ᠬᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠵᠢᠴᠢ ᠡᠷᠦᠬᠡ ᠲᠣᠰᠬᠤᠨ ᠳᠤ | ᠬᠦᠷᠴᠦ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠬᠦ ᠵᠡᠷᠭᠡ ᠪᠠᠷ ᠳᠡᠮᠵᠢᠵᠦ᠂ ᠬᠠᠷᠢᠶᠠᠲᠤ ᠣᠷᠣᠨ ᠤ ᠳᠣᠲᠣᠷᠠᠬᠢ | ᠵᠢᠷᠮᠦᠰᠦᠨ ᠡᠮᠡᠭᠲᠡᠢ᠂ ᠴᠢᠰᠤ ᠶᠢ ᠨᠡᠪᠲᠡᠷᠡᠭᠦᠯᠦᠨ ᠵᠠᠳᠠᠷᠠᠭᠤᠯᠬᠤ ᠡᠪᠡᠳᠴᠢᠲᠡᠨ᠂ ᠬᠠᠪᠤᠳᠠᠷ ᠤᠨ ᠡᠪᠡᠳᠴᠢᠲᠡᠨ ᠢ | ᠲᠣᠳᠣᠷᠬᠠᠢ ᠣᠶᠢᠯᠠᠭᠠᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠭᠤᠰᠬᠢ ᠶᠢ ᠤᠳᠠᠭᠠᠨ | ᠰᠠᠭᠠᠲᠠᠭᠠᠬᠤ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ ᠡᠭᠡᠯᠢᠯᠡᠭᠡ ᠶᠢᠨ | ᠴᠢᠳᠠᠪᠤᠷᠢ ᠳᠤᠲᠠᠮᠠᠭ ᠵᠡᠷᠭᠡ ᠡᠪᠡᠳᠴᠢᠨ ᠲᠠᠢ ᠨᠠᠰᠤᠲᠠᠨ ᠵᠢᠴᠢ ᠣᠷᠳᠣ ᠬᠤᠭᠤᠴᠠᠭ᠎ᠠ ᠪᠠᠷ ᠬᠡᠪᠲᠡᠭᠰᠡᠨ ᠴᠢᠳᠠᠪᠤᠷᠢ | ᠠᠯᠳᠠᠭᠰᠠᠨ᠂ ᠤᠬᠠᠭᠠᠨ ᠠᠯᠳᠠᠭᠰᠠᠨ ᠬᠥᠮᠥᠰ ᠲᠤ ᠭᠤᠣᠯᠳᠠᠯᠭ᠎ᠠ ᠲᠠᠢ ᠬᠥᠮᠥᠰ ᠤᠨ ᠡᠬᠡ ᠲᠠᠩᠰᠠ ᠪᠠᠶᠢᠭᠤᠯᠵᠤ᠂ | ᠤᠷᠢᠳᠴᠢᠯᠠᠨ ᠬᠠᠮᠢᠶᠠᠷᠬᠤ ᠬᠡᠪᠴᠢᠶᠡᠨ ᠳᠤ ᠣᠷᠣᠭᠤᠯᠤᠨ᠂ ᠬᠠᠯᠳᠠᠪᠤᠷᠢᠯᠠᠯ ᠡᠭᠦᠰᠪᠡᠯ᠂ ᠲᠡᠷᠡ ᠳᠠᠷᠤᠢ ᠳᠤᠨᠢ | ᠵᠣᠬᠢᠬᠤ ᠡᠮᠨᠡᠯᠭᠡ ᠶᠢᠨ ᠬᠤᠷᠢᠶ᠎ᠠ ᠳᠤ ᠡᠮᠬᠢ ᠵᠢᠷᠤᠮ ᠲᠠᠢ ᠪᠠᠷ ᠰᠢᠯᠵᠢᠭᠦᠯᠵᠦ᠂ ᠬᠦᠨᠳᠦ ᠡᠪᠡᠳᠴᠢᠨ ᠪᠣᠯᠵᠤ | ᠬᠤᠪᠢᠷᠠᠬᠤ ᠶᠢ ᠰᠡᠷᠭᠡᠶᠢᠯᠡᠨ᠎ᠡ᠃ | 4. ᠸᠠᠺᠼᠢᠨ ᠤ ᠲᠠᠷᠢᠯᠭ᠎ᠠ ᠶᠢᠨ ᠲᠤᠬᠠᠢ | ᠰᠢᠦᠢ ᠬᠤᠩ ᡁᠢ ᠴᠢᠬᠤᠯᠠᠴᠢᠯᠠᠬᠤ ᠳᠠᠭᠠᠨ᠂ ᠭᠤᠷᠪᠠᠨ ᠲᠠᠷᠢᠯᠭ᠎ᠠ ᠶᠢᠨ ᠸᠠᠺᠼᠢᠨ ᠢ ᠴᠥᠮ ᠳᠠᠷᠢᠵᠤ | ᠥᠩᠭᠡᠷᠡᠭᠰᠡᠨ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠬᠠᠷᠢᠴᠠᠯ ᠨᠢ ᠲᠤᠶᠢᠯ ᠤᠨ ᠪᠠᠭ᠎ᠠ ᠪᠠᠶᠢᠳᠠᠭ | ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠬᠦᠨᠳᠦ ᠡᠪᠡᠳᠴᠢᠨ ᠢᠶᠠᠷ ᠦᠬᠦᠬᠦ ᠶᠢ ᠪᠠᠭᠠᠰᠬᠠᠬᠤ ᠬᠡᠷᠡᠭᠲᠡᠢ ᠭᠡᠵᠡᠢ᠃ᠨᠠᠰᠤᠲᠠᠶᠢᠴᠤᠳ ᠤᠨ | ᠡᠮᠦᠨ᠎ᠡ ᠬᠤᠶᠠᠷ ᠲᠠᠷᠢᠯᠭ᠎ᠠ ᠶᠢ ᠬᠢᠵᠦ ᠪᠠᠷᠠᠭᠰᠠᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠭᠤᠷᠪᠠᠳᠤᠭᠠᠷ ᠲᠠᠷᠢᠯᠭ᠎ᠠ ᠶᠢ | ᠴᠢᠩᠭᠠᠳᠬᠠᠬᠤ ᠲᠠᠷᠢᠯᠭ᠎ᠠ ᠶᠢ ᠳᠠᠷᠢᠬᠤ ᠶᠢ ᠤᠷᠢᠶᠠᠯᠠᠨ᠎ᠠ᠃ | 5 ᠡᠮ ᠬᠤᠳᠠᠯᠳᠤᠨ ᠠᠪᠬᠤ ᠲᠤᠬᠠᠢ | ᠰᠢᠦᠢ ᠬᠤᠩ ᡁᠢ ᠢᠯᠡᠷᠬᠡᠶᠢᠯᠡᠬᠦ ᠳᠡᠭᠡᠨ᠂ ᠡᠯ᠎ᠡ ᠭᠠᠵᠠᠷ ᠣᠷᠣᠨ ᠤ ᠬᠢᠨ ᠡᠮ ᠤᠨ ᠵᠦᠢᠯ ᠤᠨ ᠬᠠᠩᠭᠠᠯᠭ᠎ᠠ ᠶᠢᠨ | ᠨᠥᠭᠡᠴᠡ ᠶᠢ ᠰᠠᠶᠢᠲᠤᠷ ᠬᠢᠵᠦ᠂ ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ | ᠪᠠᠲᠤᠯᠠᠬᠤ ᠬᠡᠷᠡᠭᠲᠡᠢ᠃ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ | ᠬᠢᠮᠤᠷᠠᠭ᠎ᠠ ᠶᠢ ᠵᠠᠰᠠᠬᠤ ᠵᠡᠷᠭᠡ ᠳᠥᠷᠪᠡᠨ ᠲᠥᠷᠥᠯ ᠤᠨ ᠡᠮ ᠤᠨ ᠵᠦᠢᠯ ᠤᠨ ᠡᠮ ᠬᠤᠳᠠᠯᠳᠤᠨ ᠠᠪᠬᠤ | ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠡᠪᠡᠳᠴᠢᠨ ᠤ ᠢᠯᠡᠷᠡᠯ ᠲᠠᠢ ᠪᠣᠯ ᠬᠡᠷᠡᠭᠴᠡᠭᠡ ᠲᠠᠢ ᠪᠣᠯ ᠬᠡᠪ ᠤᠨ | ᠪᠠᠶᠢᠳᠠᠯ ᠢᠶᠠᠷ ᠡᠮ ᠬᠤᠳᠠᠯᠳᠤᠨ ᠠᠪᠴᠤ ᠪᠣᠯᠣᠨ᠎ᠠ᠂ ᠳᠠᠭᠢᠵᠤ ᠦᠨᠡᠨ ᠨᠡᠷ᠎ᠡ ᠪᠠᠷ ᠳᠠᠩᠰᠠᠯᠠᠭᠤᠯᠬᠤ ᠦᠭᠡᠢ᠃ | 6 ᠭᠡᠷ ᠪᠦᠯᠢ ᠶᠢᠨ ᠲᠤᠰᠠᠭᠠᠷᠯᠠᠯ ᠤᠨ ᠲᠤᠬᠠᠢ | ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠪᠠ ᠬᠥᠩᠭᠡᠨ ᠬᠡᠯᠪᠡᠷᠢ ᠶᠢᠨ ᠡᠪᠡᠳᠴᠢᠨ ᠤ ᠵᠢᠱᠢᠶ᠎ᠡ ᠶᠢᠨ ᠰᠠᠭᠤᠷᠢ ᠴᠢᠨᠠᠷᠲᠠᠢ ᠡᠪᠡᠳᠴᠢᠨ ᠨᠢ | ᠨᠡᠯᠢᠶᠡᠳ ᠲᠣᠭᠲᠠᠪᠤᠷᠢᠲᠠᠢ ᠪᠠᠶᠢᠪᠠᠯ᠂ ᠡᠩ ᠤᠨ ᠪᠠᠶᠢᠳᠠᠯ ᠳᠤ ᠭᠡᠷ ᠲᠡᠭᠡᠨ ᠰᠠᠭᠤᠵᠤ ᠲᠤᠰᠠᠭᠠᠷᠯᠠᠵᠤ ᠥᠪᠡᠷ ᠢ ᠪᠠᠨ | ᠠᠰᠠᠷᠠᠨ ᠬᠠᠷᠠᠭᠠᠯᠵᠠᠬᠤ ᠠᠷᠭ᠎ᠠ ᠶᠢ ᠬᠡᠷᠡᠭᠯᠡᠨ᠎ᠡ᠃ᠭᠡᠪᠡᠴᠦ ᠲᠥᠪᠯᠡᠷᠡᠭᠦᠯᠦᠨ ᠲᠤᠰᠠᠭᠠᠷᠯᠠᠬᠤ ᠶᠢ ᠰᠠᠶᠢᠨ | ᠳᠤᠷ᠎ᠠ ᠠᠴᠠ ᠪᠠᠨ ᠰᠣᠩᠭᠤᠭᠰᠠᠨ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠵᠤ ᠭᠥᠯᠢᠶᠡᠨ ᠠᠪᠴᠤ ᠵᠠᠰᠠᠵᠤ ᠪᠣᠯᠣᠨ᠎ᠠ᠃ | ︽ᠰᠢᠨ᠎ᠡ ᠠᠷᠪᠠᠨ ᠵᠤᠷᠪᠤᠰ︾ ᠢ ᠨᠡᠶᠢᠲᠡᠯᠡᠭᠰᠡᠨ ᠤ ᠳᠠᠷᠠᠭ᠎ᠠ᠂ ᠥᠪᠥᠷ ᠮᠣᠩᠭᠤᠯ ᠶᠠᠮᠠᠷ ᠶᠠᠮᠠᠷ | ᠨᠠᠷᠢᠯᠢᠭᠵᠢᠭᠤᠯᠤᠨ ᠰᠢᠯᠢᠳᠡᠭᠵᠢᠭᠦᠯᠬᠦ ᠠᠵᠢᠯ ᠬᠢᠭᠰᠡᠨ ᠪᠣᠶ︖ | ᠶᠠᠮᠠᠷ ᠪᠠᠶᠢᠳᠠᠯ ᠤᠨ ᠳᠣᠣᠷ᠎ᠠ᠂ ᠪᠥᠭᠡᠮ ᠬᠦᠴᠢᠯ ᠤᠨ ᠪᠠᠶᠢᠴᠠᠭᠠᠯᠲᠠ ᠶᠢ ᠪᠠᠰᠠ ᠦᠷᠭᠦᠯᠵᠢᠯᠡᠨ ᠬᠢᠬᠦ ᠬᠡᠷᠡᠭᠲᠡᠢ ᠪᠤᠢ? | ᠶᠠᠮᠠᠷ ᠶᠠᠮᠠᠷ ᠭᠠᠵᠠᠷ ᠲᠤ ᠪᠠᠰᠠ ᠪᠠᠶᠢᠴᠠᠭᠠᠨ ᠰᠢᠯᠭᠠᠬᠤ ᠪᠤᠢ? | ᠠᠷᠭ᠎ᠠ ᠨᠢ ᠠᠷᠪᠢᠳᠪᠠᠯ ᠶᠠᠭᠠᠬᠢᠵᠤ ᠡᠪᠡᠳᠴᠢᠨ ᠢᠶᠠᠨ ᠦᠵᠡᠭᠦᠯᠬᠦ ᠪᠣᠢ︖ᠬᠠᠮᠢᠭ᠎ᠠ ᠣᠴᠢᠵᠤ ᠡᠪᠡᠳᠴᠢᠨ ᠢᠶᠠᠨ | ᠦᠵᠡᠭᠦᠯᠬᠦ ᠪᠤᠢ?ᠡᠪᠡᠳᠴᠢᠨ ᠢᠶᠠᠨ ᠦᠵᠡᠭᠦᠯᠵᠦ ᠲᠠᠶᠢᠯᠤᠨ᠎ᠠ ᠤᠣ ᠦᠭᠡᠢ ᠦᠸ? | ᠰᠠᠭᠤᠷᠢ ᠡᠪᠡᠳᠴᠢᠨ ᠲᠠᠢ ᠨᠠᠰᠤᠲᠠᠶᠢᠴᠤᠳ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ᠂ ᠶᠠᠭᠠᠬᠢᠪᠠᠯ | ᠵᠣᠬᠢᠬᠤ ᠪᠣᠶ︖ | ᠁ ᠁ | ᠤᠯᠠᠨ ᠢᠶᠠᠷ ᠢᠶᠠᠨ ᠠᠩᠬᠠᠷᠴᠤ ᠪᠠᠶᠢᠭ᠎ᠠ ᠡᠳᠡᠭᠡᠷ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠦᠢ ᠬᠤᠩ ᡁᠢ | ᠬᠠᠷᠢᠭᠤᠯᠲᠠ ᠥᠭᠪᠡ ︱ | 1 ︽ᠴᠢᠯᠦᠭᠡᠲᠡᠢ ᠲᠠᠯᠪᠢᠬᠤ︾ ᠲᠤᠬᠠᠢ | ᠰᠢᠦᠢ ᠬᠤᠩ ᡁᠢ ᠴᠢᠬᠤᠯᠠᠴᠢᠯᠠᠬᠤ ᠳᠠᠭᠠᠨ᠂ ︽ᠴᠢᠯᠦᠭᠡᠲᠡᠢ ᠲᠠᠯᠪᠢᠬᠤ︾ ᠭᠡᠳᠡᠭ ᠨᠢ ᠪᠦᠷᠢᠮᠦᠰᠦᠨ | ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ᠂ ᠬᠠᠷᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠨᠠᠩ ᠨᠠᠷᠢᠨ ᠣᠨᠣᠪᠴᠢᠲᠠᠶ ᠠᠷᠭ᠎ᠠ ᠬᠡᠮᠵᠢᠶ᠎ᠡ ᠠᠪᠬᠤ ᠬᠡᠷᠡᠭᠲᠡᠢ᠃ᠵᠢᠱᠢᠶᠡᠯᠡᠪᠡᠯ᠂ ᠠᠶᠤᠯ | ᠲᠦᠭᠰᠢᠭᠦᠷᠢ ᠶᠢᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠤᠪᠢᠶᠠᠷᠢᠯᠠᠵᠤ᠂ ᠠᠰᠠᠷ ᠤᠨ | ᠠᠰᠠᠷ᠂ ᠨᠢᠭᠡᠴᠢ᠂ ᠠᠰᠠᠷ ᠤᠨ ᠳᠠᠪᠬᠤᠷᠭ᠎ᠠ᠂ ᠰᠠᠭᠤᠭᠠᠯᠢ ᠡᠷᠦᠬᠡ ᠶᠢᠨ ᠶᠣᠰᠣᠭᠠᠷ ᠠᠶᠤᠯ ᠲᠦᠭᠰᠢᠭᠦᠷᠢ ᠶᠡᠬᠡᠲᠡᠢ | ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ᠂ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃5 | ᠡᠳᠦᠷ ᠳᠠᠷᠠᠭᠠᠯᠠᠨ ᠰᠢᠨ᠎ᠡ ᠪᠠᠷ ᠬᠠᠯᠳᠠᠪᠤᠷᠢᠯᠠᠭᠰᠠᠨ ᠦᠭᠡᠢ ᠠᠶᠤᠯ ᠲᠦᠭᠰᠢᠭᠦᠷᠢ ᠶᠡᠬᠡᠲᠡᠢ ᠣᠷᠣᠨ ᠤ ᠪᠢᠲᠡᠭᠦᠮᠵᠢᠯᠡᠯ ᠢ | ᠴᠠᠭ ᠲᠤᠬᠠᠢ ᠳᠤᠨᠢ ᠬᠦᠴᠦᠨ ᠦᠭᠡᠢ ᠪᠣᠯᠭᠠᠬᠤ ᠬᠡᠷᠡᠭᠲᠡᠢ᠃ | 2 ᠸᠢᠷᠦ᠋ᠰ ᠤᠨ ᠬᠠᠯᠳᠠᠪᠤᠷᠢᠯᠠᠯ ᠤᠨ ᠲᠤᠬᠠᠢ | ᠰᠢᠦᠢ ᠬᠤᠩ ᡁᠢ ᠬᠡᠯᠡᠬᠦ ᠳᠡᠭᠡᠨ᠂ ᠪᠢᠳᠡ ᠡᠶᠢᠮᠦ ᠨᠢᠭᠡᠨ ᠣᠶᠢᠯᠠᠭᠠᠭᠳᠠᠬᠤᠨ ᠢ ᠪᠣᠶ ᠪᠣᠯᠭᠠᠪᠠᠯ ᠵᠣᠬᠢᠨ᠎ᠠ᠄ | ᠠᠷᠭ᠎ᠠ ᠴᠢᠨᠠᠷ ᠢ ᠨᠥᠯᠥᠭᠡᠯᠡᠬᠦ ᠨᠢ ᠲᠡᠶᠢᠮᠦ ᠠᠶᠤᠮᠠᠷ ᠶᠠᠪᠤᠳᠠᠯ ᠪᠢᠰᠢ᠃ | ᠤᠮᠢᠺ ᠷᠦᠩ ᠤᠨ ᠣᠨᠳᠣᠣᠰᠢᠭᠰᠠᠨ ᠤᠷᠭᠤᠮᠠᠯ ᠤᠨ ᠡᠪᠡᠳᠴᠢᠯᠡᠭᠦᠯᠬᠦ ᠬᠦᠴᠦ ᠨᠢ ᠪᠠᠭᠤᠷᠠᠪᠠ᠃ᠲᠣᠰ | ᠡᠭᠡᠯᠵᠢ ᠶᠢᠨ ᠬᠥᠬᠡᠬᠤᠲᠠ ᠪᠣᠯᠣᠨ ᠪᠥᠬᠦ ᠤᠯᠤᠰ ᠤᠨ ᠡᠯ᠎ᠡ ᠭᠠᠵᠠᠷ ᠤᠨ ᠬᠢᠵᠢᠭ ᠤᠨ ᠪᠠᠶᠢᠳᠠᠯ ᠤᠨ ᠵᠠᠳᠠᠯᠤᠯᠲᠠ ᠲᠠᠢ | ᠤᠶᠠᠯᠳᠤᠭᠤᠯᠤᠨ ᠦᠵᠡᠪᠡᠯ᠂ ᠲᠣᠰ ᠡᠭᠡᠯᠵᠢ ᠶᠢᠨ ᠬᠢᠵᠢᠭ ᠤᠨ ᠬᠦᠨᠳᠦ ᠡᠪᠡᠳᠴᠢᠨ ᠤ ᠨᠣᠷᠮ᠎ᠠ ᠨᠢ ᠳᠣᠣᠷ᠎ᠠ ᠪᠠᠶᠢᠵᠤ | ᠂ 99% ᠠᠴᠠ ᠳᠡᠭᠡᠭᠰᠢᠬᠢ ᠨᠢ ᠴᠥᠮ ᠡᠪᠡᠳᠴᠢᠨ ᠤ ᠢᠯᠡᠷᠡᠯ ᠦᠭᠡᠢ ᠪᠠ ᠬᠥᠩᠭᠡᠨ ᠡᠪᠡᠳᠴᠢᠨ ᠪᠠᠶᠢᠵᠤ᠂ ᠬᠦᠨᠳᠦ | ᠡᠪᠡᠳᠴᠢᠨ ᠪᠠ ᠬᠦᠨᠳᠦ ᠲᠦᠭᠰᠢᠭᠦᠷᠢᠲᠡᠢ ᠡᠪᠡᠳᠴᠢᠨ ᠤ ᠬᠡᠮᠵᠢᠶ᠎ᠡ ᠨᠢ 1% ᠬᠦᠷᠬᠦ ᠦᠭᠡᠢ ᠪᠠᠶᠢᠨ᠎ᠠ᠃ | 3 ᠰᠠᠭᠤᠷᠢ ᠡᠪᠡᠳᠴᠢᠨ ᠲᠠᠢ ᠭᠤᠣᠯᠳᠠᠯᠭ᠎ᠠ ᠲᠠᠢ ᠬᠥᠮᠥᠰ ᠤᠨ ᠲᠤᠬᠠᠢ | ᠰᠢᠦᠢ ᠬᠤᠩ ᡁᠢ ᠢᠯᠡᠷᠬᠡᠶᠢᠯᠡᠬᠦ ᠳᠡᠭᠡᠨ᠂ ᠰᠠᠭᠤᠷᠢ ᠡᠪᠡᠳᠴᠢᠨ ᠳᠤ ᠨᠡᠷᠪᠡᠭᠳᠡᠭᠰᠡᠨ ᠭᠤᠣᠯᠳᠠᠯᠭ᠎ᠠ ᠲᠠᠢ ᠬᠥᠮᠥᠰ | ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠪᠣᠯᠬᠤᠷ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ | ᠪᠠᠶᠢᠳᠠᠯ ᠢ ᠣᠶᠢᠯᠠᠭᠠᠬᠤ ᠪᠠ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠬᠤ ᠨᠢ ᠮᠠᠰᠢ ᠴᠢᠬᠤᠯᠠ ᠶᠤᠮ ᠭᠡᠵᠡᠢ᠃ | | ᠡᠯ᠎ᠡ ᠭᠠᠵᠠᠷ ᠤᠨ ᠬᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠵᠢᠴᠢ ᠡᠷᠦᠬᠡ | ᠲᠣᠰᠬᠤᠨ ᠳᠤ ᠬᠦᠷᠴᠦ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠬᠦ ᠵᠡᠷᠭᠡ ᠪᠠᠷ ᠳᠡᠮᠵᠢᠵᠦ᠂ ᠬᠠᠷᠢᠶᠠᠲᠤ ᠣᠷᠣᠨ ᠤ | ᠳᠣᠲᠣᠷᠠᠬᠢ ᠵᠢᠷᠮᠦᠰᠦᠨ ᠡᠮᠡᠭᠲᠡᠢ᠂ ᠴᠢᠰᠤ ᠶᠢ ᠨᠡᠪᠲᠡᠷᠡᠭᠦᠯᠦᠨ ᠵᠠᠳᠠᠷᠠᠭᠤᠯᠬᠤ ᠡᠪᠡᠳᠴᠢᠲᠡᠨ᠂ ᠬᠠᠪᠤᠳᠠᠷ ᠤᠨ | ᠡᠪᠡᠳᠴᠢᠲᠡᠨ ᠢ ᠲᠣᠳᠣᠷᠬᠠᠢ ᠣᠶᠢᠯᠠᠭᠠᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠭᠤᠰᠬᠢ ᠶᠢ | ᠤᠳᠠᠭᠠᠨ ᠰᠠᠭᠠᠲᠠᠭᠠᠬᠤ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ᠂ | ᠡᠭᠡᠯᠢᠯᠡᠭᠡ ᠶᠢᠨ ᠴᠢᠳᠠᠪᠤᠷᠢ ᠳᠤᠲᠠᠮᠠᠭ ᠵᠡᠷᠭᠡ ᠡᠪᠡᠳᠴᠢᠨ ᠲᠠᠢ ᠨᠠᠰᠤᠲᠠᠨ ᠵᠢᠴᠢ ᠣᠷᠳᠣ ᠬᠤᠭᠤᠴᠠᠭ᠎ᠠ ᠪᠠᠷ | ᠬᠡᠪᠲᠡᠭᠰᠡᠨ ᠴᠢᠳᠠᠪᠤᠷᠢ ᠠᠯᠳᠠᠭᠰᠠᠨ᠂ ᠤᠬᠠᠭᠠᠨ ᠠᠯᠳᠠᠭᠰᠠᠨ ᠬᠥᠮᠥᠰ ᠲᠤ ᠭᠤᠣᠯᠳᠠᠯᠭ᠎ᠠ ᠲᠠᠢ ᠬᠥᠮᠥᠰ ᠤᠨ ᠡᠬᠡ | ᠲᠠᠩᠰᠠ ᠪᠠᠶᠢᠭᠤᠯᠵᠤ᠂ ᠤᠷᠢᠳᠴᠢᠯᠠᠨ ᠬᠠᠮᠢᠶᠠᠷᠬᠤ ᠬᠡᠪᠴᠢᠶᠡᠨ ᠳᠤ ᠣᠷᠣᠭᠤᠯᠤᠨ᠂ ᠬᠠᠯᠳᠠᠪᠤᠷᠢᠯᠠᠯ ᠡᠭᠦᠰᠪᠡᠯ᠂ | ᠲᠡᠷᠡ ᠳᠠᠷᠤᠢ ᠳᠤᠨᠢ ᠵᠣᠬᠢᠬᠤ ᠡᠮᠨᠡᠯᠭᠡ ᠶᠢᠨ ᠬᠤᠷᠢᠶ᠎ᠠ ᠳᠤ ᠡᠮᠬᠢ ᠵᠢᠷᠤᠮ ᠲᠠᠢ ᠪᠠᠷ ᠰᠢᠯᠵᠢᠭᠦᠯᠵᠦ᠂ ᠬᠦᠨᠳᠦ | ᠡᠪᠡᠳᠴᠢᠨ ᠪᠣᠯᠵᠤ ᠬᠤᠪᠢᠷᠠᠬᠤ ᠶᠢ ᠰᠡᠷᠭᠡᠶᠢᠯᠡᠨ᠎ᠡ᠃ | 4. ᠸᠠᠺᠼᠢᠨ ᠤ ᠲᠠᠷᠢᠯᠭ᠎ᠠ ᠶᠢᠨ ᠲᠤᠬᠠᠢ | ᠰᠢᠦᠢ ᠬᠤᠩ ᡁᠢ ᠴᠢᠬᠤᠯᠠᠴᠢᠯᠠᠬᠤ ᠳᠠᠭᠠᠨ᠂ ᠭᠤᠷᠪᠠᠨ ᠲᠠᠷᠢᠯᠭ᠎ᠠ ᠶᠢᠨ ᠸᠠᠺᠼᠢᠨ ᠢ ᠴᠥᠮ ᠳᠠᠷᠢᠵᠤ | ᠥᠩᠭᠡᠷᠡᠭᠰᠡᠨ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠬᠠᠷᠢᠴᠠᠯ ᠨᠢ ᠲᠤᠶᠢᠯ ᠤᠨ ᠪᠠᠭ᠎ᠠ ᠪᠠᠶᠢᠳᠠᠭ | ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠬᠦᠨᠳᠦ ᠡᠪᠡᠳᠴᠢᠨ ᠢᠶᠠᠷ ᠦᠬᠦᠬᠦ ᠶᠢ ᠪᠠᠭᠠᠰᠬᠠᠬᠤ ᠬᠡᠷᠡᠭᠲᠡᠢ ᠭᠡᠵᠡᠢ᠃ᠨᠠᠰᠤᠲᠠᠶᠢᠴᠤᠳ ᠤᠨ | ᠡᠮᠦᠨ᠎ᠡ ᠬᠤᠶᠠᠷ ᠲᠠᠷᠢᠯᠭ᠎ᠠ ᠶᠢ ᠬᠢᠵᠦ ᠪᠠᠷᠠᠭᠰᠠᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠭᠤᠷᠪᠠᠳᠤᠭᠠᠷ ᠲᠠᠷᠢᠯᠭ᠎ᠠ ᠶᠢ | ᠴᠢᠩᠭᠠᠳᠬᠠᠬᠤ ᠲᠠᠷᠢᠯᠭ᠎ᠠ ᠶᠢ ᠳᠠᠷᠢᠬᠤ ᠶᠢ ᠤᠷᠢᠶᠠᠯᠠᠨ᠎ᠠ᠃ | 5 ᠡᠮ ᠬᠤᠳᠠᠯᠳᠤᠨ ᠠᠪᠬᠤ ᠲᠤᠬᠠᠢ | ᠰᠢᠦᠢ ᠬᠤᠩ ᡁᠢ ᠢᠯᠡᠷᠬᠡᠶᠢᠯᠡᠬᠦ ᠳᠡᠭᠡᠨ᠂ ᠡᠯ᠎ᠡ ᠭᠠᠵᠠᠷ ᠣᠷᠣᠨ ᠤ ᠬᠢᠨ ᠡᠮ ᠤᠨ ᠵᠦᠢᠯ ᠤᠨ ᠬᠠᠩᠭᠠᠯᠭ᠎ᠠ ᠶᠢᠨ | ᠨᠥᠭᠡᠴᠡ ᠶᠢ ᠰᠠᠶᠢᠲᠤᠷ ᠬᠢᠵᠦ᠂ ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠶᠢ | ᠪᠠᠲᠤᠯᠠᠬᠤ ᠬᠡᠷᠡᠭᠲᠡᠢ᠃ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ | ᠬᠢᠮᠤᠷᠠᠭ᠎ᠠ ᠶᠢ ᠵᠠᠰᠠᠬᠤ ᠵᠡᠷᠭᠡ ᠳᠥᠷᠪᠡᠨ ᠲᠥᠷᠥᠯ ᠤᠨ ᠡᠮ ᠤᠨ ᠵᠦᠢᠯ ᠤᠨ ᠡᠮ ᠬᠤᠳᠠᠯᠳᠤᠨ ᠠᠪᠬᠤ | ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠡᠪᠡᠳᠴᠢᠨ ᠤ ᠢᠯᠡᠷᠡᠯ ᠲᠠᠢ ᠪᠣᠯ ᠬᠡᠷᠡᠭᠴᠡᠭᠡ ᠲᠠᠢ ᠪᠣᠯ ᠬᠡᠪ ᠤᠨ | ᠪᠠᠶᠢᠳᠠᠯ ᠢᠶᠠᠷ ᠡᠮ ᠬᠤᠳᠠᠯᠳᠤᠨ ᠠᠪᠴᠤ ᠪᠣᠯᠣᠨ᠎ᠠ᠂ ᠳᠠᠭᠢᠵᠤ ᠦᠨᠡᠨ ᠨᠡᠷ᠎ᠡ ᠪᠠᠷ ᠳᠠᠩᠰᠠᠯᠠᠭᠤᠯᠬᠤ ᠦᠭᠡᠢ᠃ | 6 ᠭᠡᠷ ᠪᠦᠯᠢ ᠶᠢᠨ ᠲᠤᠰᠠᠭᠠᠷᠯᠠᠯ ᠤᠨ ᠲᠤᠬᠠᠢ | ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠪᠠ ᠬᠥᠩᠭᠡᠨ ᠬᠡᠯᠪᠡᠷᠢ ᠶᠢᠨ ᠡᠪᠡᠳᠴᠢᠨ ᠤ ᠵᠢᠱᠢᠶ᠎ᠡ ᠶᠢᠨ ᠰᠠᠭᠤᠷᠢ ᠴᠢᠨᠠᠷᠲᠠᠢ ᠡᠪᠡᠳᠴᠢᠨ ᠨᠢ | ᠨᠡᠯᠢᠶᠡᠳ ᠲᠣᠭᠲᠠᠪᠤᠷᠢᠲᠠᠢ ᠪᠠᠶᠢᠪᠠᠯ᠂ ᠡᠩ ᠤᠨ ᠪᠠᠶᠢᠳᠠᠯ ᠳᠤ ᠭᠡᠷ ᠲᠡᠭᠡᠨ ᠰᠠᠭᠤᠵᠤ ᠲᠤᠰᠠᠭᠠᠷᠯᠠᠵᠤ ᠥᠪᠡᠷ ᠢ ᠪᠠᠨ | ᠠᠰᠠᠷᠠᠨ ᠬᠠᠷᠠᠭᠠᠯᠵᠠᠬᠤ ᠠᠷᠭ᠎ᠠ ᠶᠢ ᠬᠡᠷᠡᠭᠯᠡᠨ᠎ᠡ᠃ᠭᠡᠪᠡᠴᠦ ᠲᠥᠪᠯᠡᠷᠡᠭᠦᠯᠦᠨ ᠲᠤᠰᠠᠭᠠᠷᠯᠠᠬᠤ ᠶᠢ ᠰᠠᠶᠢᠨ | ᠳᠤᠷ᠎ᠠ ᠠᠴᠠ ᠪᠠᠨ ᠰᠣᠩᠭᠤᠭᠰᠠᠨ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠵᠤ ᠭᠥᠯᠢᠶᠡᠨ ᠠᠪᠴᠤ ᠵᠠᠰᠠᠵᠤ ᠪᠣᠯᠣᠨ᠎ᠠ᠃ | 7 ᠡᠪᠡᠳᠴᠢᠨ ᠦᠵᠡᠭᠦᠯᠬᠦ ᠲᠤᠬᠠᠢ | ᠰᠢᠦᠢ ᠬᠤᠩ ᡁᠢ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠠᠷᠭ᠎ᠠ ᠵᠠᠮ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠬᠡᠷᠡᠭᠲᠡᠢ᠃ᠨᠡᠶᠢᠭᠡᠮ ᠲᠣᠭᠤᠷᠢᠭ ᠬᠢᠭᠡᠳ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢ | ᠵᠣᠯᠭᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ ᠳᠤ ᠥᠯᠥ | ᠭᠦᠷᠦᠭᠰᠡᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ | ᠵᠡᠷᠭᠡ ᠳᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ | ᠦᠷᠭᠦᠯᠵᠢᠯᠡᠨ ᠬᠠᠯᠠᠭᠤᠷᠠᠭᠠᠳ ᠪᠠᠭᠤᠷᠠᠬᠤ ᠦᠭᠡᠢ ᠪᠤᠶᠤ ᠡᠪᠡᠳᠴᠢᠨ ᠤ ᠢᠯᠡᠷᠡᠯ ᠨᠢ ᠢᠯᠡᠷᠬᠡᠢ ᠪᠤᠰᠤᠳ ᠣᠯᠠᠨ | ᠲᠦᠮᠡᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠬᠤ ᠪᠤᠶᠤ ᠢᠨᠲ᠋ᠧᠷ ᠰᠦᠯᠵᠢᠶᠡᠨ ᠤ ᠬᠡᠯᠪᠡᠷᠢ ᠪᠠᠷ ᠤᠷᠢᠳᠴᠢᠯᠠᠨ | ᠪᠣᠯᠵᠣᠵᠤ ᠪᠣᠯᠣᠨ᠎ᠠ᠂ ᠵᠠᠪᠠᠯ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠮᠥᠷᠯᠡᠨᠡ ᠭᠡᠰᠡᠨ ᠶᠠᠪᠤᠳᠠᠯ ᠪᠢᠰᠢ᠃ | 8 ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠢ | ᠰᠢᠦᠢ ᠬᠤᠩ ᡁᠢ ᠴᠢᠬᠤᠯᠠᠴᠢᠯᠠᠭᠰᠠᠨ ᠨᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ | ᠡᠮᠴᠢᠯᠡᠭᠡᠨ ᠤ ᠪᠠᠶᠢᠭᠤᠯᠤᠮᠵᠢ ᠵᠡᠷᠭᠡ ᠣᠨᠴᠠᠭᠠᠶ ᠲᠠᠯᠠᠪᠤᠷ ᠲᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ᠂ | ᠪᠠᠶᠢᠴᠠᠭᠠᠨ ᠰᠢᠯᠭᠠᠯᠲᠠ ᠬᠢᠵᠦ᠂ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠪᠥᠭᠡᠳ ᠴᠢᠩᠭ᠎ᠠ ᠰᠡᠷᠭᠡᠶᠢᠯᠡᠬᠦ ᠬᠡᠷᠡᠭᠲᠡᠢ | ᠃ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠬᠡᠪᠡᠷᠡᠭ ᠬᠠᠮᠲᠤᠯᠢᠭ ᠢ ᠦᠷᠭᠦᠯᠵᠢᠯᠡᠨ | ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠪᠠ ᠭᠠᠵᠠᠷ ᠣᠷᠣᠨ | ᠠᠯᠤᠰᠯᠠᠭᠰᠠᠨ ᠨᠡᠭᠦᠳᠡᠯ ᠬᠥᠮᠥᠰ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠭᠡᠪᠡᠴᠦ ᠬᠤᠪᠢ ᠬᠥᠮᠥᠨ ᠤ ᠬᠠᠮᠠᠭᠠᠯᠠᠯᠲᠠ ᠶᠢ | ᠰᠠᠶᠢᠲᠤᠷ ᠬᠢᠵᠦ᠂ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠂ ᠪᠢᠳᠡ ᠥᠪᠡᠷ ᠢᠶᠠᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠬᠤ ᠬᠡᠷᠡᠭᠲᠡᠢ᠃ | ᠡᠭᠦᠨ ᠤ ᠵᠡᠷᠭᠡᠴᠡᠭᠡᠪᠡᠷ᠂ ᠡᠮᠴᠢᠯᠡᠭᠡᠨ ᠤ ᠪᠠᠶᠢᠭᠤᠯᠤᠮᠵᠢ ᠨᠢ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ | ᠳ᠋ᠦᠩ ᠢ ᠪᠠᠶᠢᠴᠠᠭᠠᠨ ᠰᠢᠯᠭᠠᠬᠤ ᠪᠠᠷ ᠰᠢᠯᠲᠠᠭ ᠪᠣᠯᠭᠠᠵᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ | ᠭᠥᠯᠢᠶᠡᠨ ᠠᠪᠴᠤ ᠣᠨᠣᠰᠢᠯᠠᠬᠤ ᠶᠢ ᠲᠡᠪᠴᠢᠵᠦ ᠪᠣᠯᠬᠤ ᠦᠭᠡᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | 7 ᠡᠪᠡᠳᠴᠢᠨ ᠦᠵᠡᠭᠦᠯᠬᠦ ᠲᠤᠬᠠᠢ | ᠰᠢᠦᠢ ᠬᠤᠩ ᡁᠢ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠠᠷᠭ᠎ᠠ ᠵᠠᠮ ᠤᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠬᠡᠷᠡᠭᠲᠡᠢ᠃ᠨᠡᠶᠢᠭᠡᠮ ᠲᠣᠭᠤᠷᠢᠭ ᠬᠢᠭᠡᠳ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢ | ᠵᠣᠯᠭᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ ᠳᠤ ᠥᠯᠥ | ᠭᠦᠷᠦᠭᠰᠡᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ | ᠵᠡᠷᠭᠡ ᠳᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ | ᠦᠷᠭᠦᠯᠵᠢᠯᠡᠨ ᠬᠠᠯᠠᠭᠤᠷᠠᠭᠠᠳ ᠪᠠᠭᠤᠷᠠᠬᠤ ᠦᠭᠡᠢ ᠪᠤᠶᠤ ᠡᠪᠡᠳᠴᠢᠨ ᠤ ᠢᠯᠡᠷᠡᠯ ᠨᠢ ᠢᠯᠡᠷᠬᠡᠢ ᠪᠤᠰᠤᠳ | ᠣᠯᠠᠨ ᠲᠦᠮᠡᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠬᠤ ᠪᠤᠶᠤ ᠢᠨᠲ᠋ᠧᠷ ᠰᠦᠯᠵᠢᠶᠡᠨ ᠤ ᠬᠡᠯᠪᠡᠷᠢ ᠪᠠᠷ | ᠤᠷᠢᠳᠴᠢᠯᠠᠨ ᠪᠣᠯᠵᠣᠵᠤ ᠪᠣᠯᠣᠨ᠎ᠠ᠂ ᠵᠠᠪᠠᠯ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠮᠥᠷᠯᠡᠨᠡ ᠭᠡᠰᠡᠨ | ᠶᠠᠪᠤᠳᠠᠯ ᠪᠢᠰᠢ᠃ | 8 ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠢ | ᠰᠢᠦᠢ ᠬᠤᠩ ᡁᠢ ᠴᠢᠬᠤᠯᠠᠴᠢᠯᠠᠭᠰᠠᠨ ᠨᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ | ᠡᠮᠴᠢᠯᠡᠭᠡᠨ ᠤ ᠪᠠᠶᠢᠭᠤᠯᠤᠮᠵᠢ ᠵᠡᠷᠭᠡ ᠣᠨᠴᠠᠭᠠᠶ ᠲᠠᠯᠠᠪᠤᠷ ᠲᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ᠂ | ᠪᠠᠶᠢᠴᠠᠭᠠᠨ ᠰᠢᠯᠭᠠᠯᠲᠠ ᠬᠢᠵᠦ᠂ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠪᠥᠭᠡᠳ ᠴᠢᠩᠭ᠎ᠠ ᠰᠡᠷᠭᠡᠶᠢᠯᠡᠬᠦ ᠬᠡᠷᠡᠭᠲᠡᠢ | ᠃ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠬᠡᠪᠡᠷᠡᠭ ᠬᠠᠮᠲᠤᠯᠢᠭ ᠢ ᠦᠷᠭᠦᠯᠵᠢᠯᠡᠨ | ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠪᠠ ᠭᠠᠵᠠᠷ ᠣᠷᠣᠨ | ᠠᠯᠤᠰᠯᠠᠭᠰᠠᠨ ᠨᠡᠭᠦᠳᠡᠯ ᠬᠥᠮᠥᠰ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠭᠡᠪᠡᠴᠦ ᠬᠤᠪᠢ ᠬᠥᠮᠥᠨ ᠤ ᠬᠠᠮᠠᠭᠠᠯᠠᠯᠲᠠ ᠶᠢ | ᠰᠠᠶᠢᠲᠤᠷ ᠬᠢᠵᠦ᠂ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠂ ᠪᠢᠳᠡ ᠥᠪᠡᠷ ᠢᠶᠠᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠬᠤ ᠬᠡᠷᠡᠭᠲᠡᠢ᠃ | ᠡᠭᠦᠨ ᠤ ᠵᠡᠷᠭᠡᠴᠡᠭᠡᠪᠡᠷ᠂ ᠡᠮᠴᠢᠯᠡᠭᠡᠨ ᠤ ᠪᠠᠶᠢᠭᠤᠯᠤᠮᠵᠢ ᠨᠢ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ | ᠳ᠋ᠦᠩ ᠢ ᠪᠠᠶᠢᠴᠠᠭᠠᠨ ᠰᠢᠯᠭᠠᠬᠤ ᠪᠠᠷ ᠰᠢᠯᠲᠠᠭ ᠪᠣᠯᠭᠠᠵᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ | ᠭᠥᠯᠢᠶᠡᠨ ᠠᠪᠴᠤ ᠣᠨᠣᠰᠢᠯᠠᠬᠤ ᠶᠢ ᠲᠡᠪᠴᠢᠵᠦ ᠪᠣᠯᠬᠤ ᠦᠭᠡᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠤᠷᠴᠢᠭᠤᠯᠤᠭᠴᠢ᠄ ᠪᠠᠶᠠᠨᠪᠠᠲᠤ | | |