ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2022 ᠣᠨ ᠤ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠵᠦᠢᠯᠡᠰ ᠢ ᠰᠢᠯᠭᠠᠨ ᠠᠪᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/12/13
    ᠲᠠᠷᠢᠮᠠᠯ ᠤᠨ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠠᠬᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠶᠢ ᠶᠡᠬᠡᠪᠡᠷ ᠬᠥᠭᠵᠢᠭᠦᠯᠵᠦ᠂ ︽ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠦᠷ᠎ᠡ ᠠᠰᠢᠭ ᠢ ᠨᠡᠮᠡᠭᠳᠡᠭᠦᠯᠬᠦ︾ ᠲᠡᠵᠢᠭᠡᠨ ᠦᠷᠡᠵᠢᠭᠦᠯᠬᠦ ᠬᠠᠷᠠᠯᠲᠠ ᠶᠢ ᠪᠡᠶᠡᠯᠡᠭᠦᠯᠦᠨ᠂ ᠵᠦᠸᠧᠽᠢ ᠰᠢᠶᠠᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ᠂ ︽ᠵᠦᠸᠧᠽᠢ ᠰᠢᠶᠠᠨ ᠤ 2022 ᠣᠨ ᠤ ︿ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ﹀ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠪᠥᠬᠦ ᠰᠢᠶᠠᠨ ᠤ 2022 ᠣᠨ ᠤ ︿ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠰᠢᠯᠭᠠᠨ
     12 ᠰᠠᠷ᠎ᠠ ᠶᠢᠨ 6 ᠤ ᠡᠳᠦᠷ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠵᠦᠸᠧᠽᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠤᠨ ᠡᠳ᠋ ᠤᠨ ᠵᠠᠰᠠᠭ ᠤᠨ ᠬᠤᠪᠢ ᠣᠷᠣᠭᠤᠯᠤᠯᠲᠠ ᠶᠢᠨ ᠲᠠᠰᠤᠭ ᠲᠠᠢ ᠬᠠᠮᠲᠤᠷᠠᠨ᠂ ᠵᠦᠸᠧᠽᠢ ᠱᠠᠨ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠬᠥᠬᠡ ᠳᠠᠷᠤᠰᠢ ᠶᠢᠨ ᠬᠠᠳᠠᠭᠠᠯᠠᠮᠵᠢ ᠶᠢᠨ ᠡᠷᠦᠬᠡ ᠶᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠵᠤ ᠪᠠᠶᠢᠭ᠎ᠠ ᠨᠢ᠃ᠰᠢᠯᠭᠠᠨ ᠠᠪᠬᠤ ᠬᠤᠭᠤᠴᠠᠭᠠᠨ ᠳᠤ᠂ ᠠᠵᠢᠯᠲᠠᠳ ᠲᠤᠬᠠᠢ ᠶᠢᠨ ᠲᠠᠯᠠᠪᠤᠷ ᠲᠤ ᠨᠣᠭᠤᠭᠠᠨ ᠳᠠᠷᠤᠰᠢ ᠶᠢᠨ ᠪᠡᠯᠡᠳᠬᠡᠮᠵᠢ ᠲᠥᠬᠦᠭᠡᠷᠦᠮᠵᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠣᠭᠤᠭᠠᠨ ᠳᠠᠷᠤᠰᠢ ᠶᠢᠨ ᠲᠡᠵᠢᠭᠡᠯ ᠡᠪᠡᠰᠦᠨ ᠤ ᠬᠤᠷᠢᠶᠠᠯᠲᠠ ᠶᠢᠨ ᠬᠡᠮᠵᠢᠶ᠎ᠡ ᠶᠢ ᠬᠡᠮᠵᠢᠨ ᠪᠤᠳᠤᠵᠤ᠂ ︽ᠠᠰᠢᠭ ᠭᠥᠷᠳᠡᠬᠦ ᠡᠲᠡᠭᠡᠳ ᠨᠢ ᠲᠣᠳᠣᠷᠬᠠᠢ᠂ ᠬᠠᠳᠠᠭᠠᠯᠠᠬᠤ ᠭᠠᠵᠠᠷ ᠨᠢ ᠲᠣᠳᠣᠷᠬᠠᠢ᠂ ᠨᠥᠬᠦᠪᠦᠷᠢ ᠥᠭᠬᠦ ᠲᠤᠭ᠎ᠠ ᠬᠡᠮᠵᠢᠶ᠎ᠡ  ᠨᠢ ᠣᠨᠣᠪᠴᠢᠲᠠᠶ︾ ᠰᠢᠯᠭᠠᠨ ᠠᠪᠬᠤ ᠦᠷ᠎ᠡ ᠪᠦᠲᠦᠮᠵᠢ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2