ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠳᠤᠮᠳᠠᠳᠤ ᠰᠤᠷᠭᠠᠭᠤᠯᠢ ᠶᠢᠨ ᠰᠦᠯᠵᠢᠶᠡᠨ ᠳᠡᠭᠡᠷ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/13
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠣᠷᠣᠭᠤᠯᠬᠤ ᠶᠢ ᠠᠬᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠶᠢ ᠦᠨᠡᠨᠬᠦ ᠬᠥᠲᠥᠯᠥᠨ ᠵᠢᠯᠤᠭᠤᠳᠴᠤ᠂ ᠮᠡᠳᠡᠯᠭᠡ ᠦᠢᠯᠡ ᠠᠵᠢᠯᠯᠠᠭ᠎ᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠᠷ᠂ ᠰᠤᠷᠭᠠᠭᠤᠯᠢ ᠶᠢᠨ ᠨᠠᠮ ᠤᠨ ᠡᠭᠦᠷ ᠨᠠᠷᠢᠨ ᠨᠢᠮᠪᠠᠢ ᠲᠣᠬᠢᠷᠠᠭᠤᠯᠵᠤ᠂ 12 ᠰᠠᠷ᠎ᠠ ᠶᠢᠨ 3  ᠤ ᠡᠳᠦᠷ᠂ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠳᠤᠮᠳᠠᠳᠤ ᠰᠤᠷᠭᠠᠭᠤᠯᠢ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︾ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠵᠡᠢ᠃ᠲᠣᠰ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ᠂ ᠰᠢᠶᠠᠨ ᠤ ᠬᠤᠷᠢᠳᠤᠭᠠᠷ ᠶᠡᠭᠡ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ ᠶᠢᠨ ᠭᠡᠰᠢᠭᠦᠨ ᠵᠠᠩ ᠬᠤᠶ ᠪᠠᠭᠰᠢ ᠪᠠᠷ ᠭᠤᠣᠯ ᠬᠢᠴᠢᠶᠡᠯ ᠵᠢᠭᠠᠯᠭᠠᠬᠤ ᠠᠵᠢᠯ ᠢ ᠬᠠᠷᠢᠭᠤᠴᠠᠭᠤᠯᠪᠠ᠃ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ᠂ ᠨᠡᠶᠢᠳᠡ 500 ᠭᠠᠷᠤᠢ ᠬᠥᠮᠥᠨ ᠲᠠᠶᠢᠯᠤᠮᠵᠢ ᠶᠢ ᠰᠣᠨᠣᠰᠴᠠᠢ᠃     ᠭᠡᠷᠡᠯ ᠵᠢᠷᠤᠭ ᠤᠨ ᠪᠠᠭᠰᠢ ᠶᠢᠨ ᠤᠬᠠᠭᠤᠯᠤᠨ ᠲᠠᠶᠢᠯᠪᠤᠷᠢᠯᠠᠯᠲᠠ    ᠤᠬᠠᠭᠤᠯᠤᠨ ᠲᠠᠶᠢᠯᠪᠤᠷᠢᠯᠠᠬᠤ ᠳᠤᠮᠳᠠ᠂ ᠵᠠᠩ ᠾᠦᠢ ᠪᠠᠭᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠭᠤᠣᠯ ᠰᠢᠵᠢᠮ ᠪᠣᠯᠭᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ᠂ ᠭᠤᠷᠪᠠᠨ ᠡᠷᠬᠡᠪᠰᠢ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠵᠡᠷᠭᠡ ᠲᠠᠯ᠎ᠠ ᠠᠴᠠ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠬᠡᠷᠡᠭ ᠤᠨ ᠵᠢᠱᠢᠶ᠎ᠡ᠂ ᠠᠮᠢᠳᠤᠯᠢᠭ ᠤᠨᠤᠯ᠂ ᠣᠶᠢᠯᠠᠭᠠᠬᠤ ᠳᠤ ᠬᠢᠯᠪᠠᠷ ᠶᠣᠰᠣ ᠤᠴᠢᠷ ᠪᠣᠯᠭᠠᠨ ᠨᠠᠶᠢᠳᠠᠪᠤᠷᠢᠵᠢᠭᠤᠯᠬᠤ ᠬᠡᠷᠡᠭᠲᠡᠢ᠃
ᠪᠠᠭᠰᠢ ᠰᠤᠷᠤᠭᠴᠢ ᠬᠢᠴᠢᠶᠡᠯ ᠰᠣᠨᠣᠰᠤᠨ᠎ᠠ
ᠪᠠᠭᠰᠢ ᠰᠤᠷᠤᠭᠴᠢ ᠶᠢᠨ ᠣᠯᠣᠯᠲᠠᠠᠵᠢᠯᠯᠠᠭ᠎ᠠ ᠳᠤ ᠣᠷᠣᠯᠴᠠᠭᠰᠠᠨ ᠪᠠᠭᠰᠢ ᠰᠤᠷᠤᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠵᠠᠩ ᠬᠤᠢ ᠪᠠᠭᠰᠢ ᠶᠢᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠲᠠᠢ ᠤᠶᠠᠯᠳᠤᠭᠤᠯᠤᠨ ᠥᠪᠡᠷ ᠤᠨ ᠰᠤᠷᠤᠯᠴᠠᠭᠰᠠᠨ ᠣᠶᠢᠯᠠᠭᠠᠯᠲᠠ ᠪᠠᠨ ᠬᠤᠪᠢᠶᠠᠯᠴᠠᠬᠤ ᠶᠢᠨ ᠬᠠᠮᠲᠤ ᠶᠡᠷᠦᠩᠬᠡᠢ ᠱᠦᠵᠢ ᠰᠢ ᠶᠢᠨ ᠫᠢᠩ  ᠤ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠨ᠎ᠠ᠃ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠳᠤᠮᠳᠠᠳᠤ ᠰᠤᠷᠭᠠᠭᠤᠯᠢ ᠶᠢᠨ ᠥᠷᠭᠡᠨ ᠤᠯᠠᠨ ᠪᠠᠭᠰᠢ ᠰᠤᠷᠤᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠨ᠎ᠠ᠃      ᠤᠷᠴᠢᠭᠤᠯᠤᠭᠴᠢ᠄ ᠪᠠᠶᠠᠨᠪᠠᠲᠤ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2