ᠵᠦᠸᠧᠽᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠢᠯᠡ ᠪᠠᠷ ᠠᠵᠢᠯᠲᠠᠨ | ᠡᠯᠰᠡᠬᠦ | ᠬᠦ᠋ᠯᠢᠶᠠᠨ ᠰᠢᠢᠳᠪᠦᠷᠢᠯᠡᠬᠦ ᠠᠵᠢᠯᠲᠠᠳ ᠣᠨ ᠠᠯᠪᠠᠨ ᠵᠠᠷ | ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ | ᠦᠵᠡᠭᠦᠯᠬᠦ ᠶᠢᠨ ᠲᠤᠰᠠᠳᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢᠶᠠᠷ ᠰᠤᠳᠤᠯᠤᠨ | ᠲᠣᠭᠲᠠᠭᠠᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠤᠯᠠᠭᠠᠨᠴᠠᠪ ᠬᠤᠲᠠ ᠶᠢᠨ ᠰᠢ | ᠱᠧᠩ ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠴᠣᠩᠬᠤᠨ ᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠠᠵᠢᠯ ᠤᠨ ᠪᠠᠶᠢᠷᠢ ᠶᠢᠨ ᠠᠵᠢᠯᠲᠠᠨ ᠢ ᠢᠯᠡ ᠪᠠᠷ ᠤᠷᠢᠨ ᠬᠡᠷᠡᠭᠯᠡᠨ᠎ᠡ᠂ ᠪᠣᠳᠠᠲᠠᠢ ᠤᠷᠢᠨ ᠬᠡᠷᠡᠭᠯᠡᠬᠦ ᠠᠷᠭ᠎ᠠ ᠨᠢ | ᠳᠣᠣᠷᠠᠬᠢ ᠮᠡᠲᠦ | ᠨᠢᠭᠡ᠂ ᠡᠯᠰᠡᠬᠦ ᠬᠥᠮᠥᠨ ᠤ ᠲᠤᠭ᠎ᠠ ᠵᠢᠴᠢ ᠠᠵᠢᠯ ᠤᠨ ᠪᠠᠶᠢᠷᠢ ᠶᠢᠨ ᠲᠣᠬᠢᠷᠠᠭᠤᠯᠤᠯᠲᠠ | ᠲᠣᠰ ᠤᠳᠠᠭ᠎ᠠ ᠶᠢᠨ ᠢᠯᠡ ᠪᠠᠷ ᠠᠵᠢᠯᠲᠠᠨ ᠡᠯᠰᠡᠬᠦ ᠳᠤ ᠭᠤᠣᠯᠳᠠᠭᠤ ᠵᠦᠸᠧᠽᠢ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠴᠣᠩᠬᠤᠨ ᠤ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ | ᠠᠵᠢᠯ ᠢ ᠡᠭᠦᠷᠭᠡᠯᠡᠵᠦ᠂ 10 ᠠᠵᠢᠯᠲᠠᠨ ᠡᠯᠰᠡᠬᠦ ᠪᠠᠷ ᠲᠥᠯᠥᠪᠯᠡᠵᠦ ᠪᠣᠶ᠃ | ᠬᠤᠶᠠᠷ᠂ ᠠᠵᠢᠯ ᠣᠨ ᠪᠠᠶᠢᠷᠢ ᠶᠢᠨ ᠦᠨᠳᠦᠰᠦᠨ ᠨᠥᠬᠦᠴᠡᠯ | 1. ᠡᠯᠰᠡᠬᠦ ᠨᠥᠬᠦᠴᠡᠯ᠄ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯᠲᠠᠨ ᠳᠣᠣᠷᠠᠬᠢ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ | (1)ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶ᠎ᠠ ᠲᠠᠢ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠨ᠎ᠡ᠃ | (2)ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠰᠠᠶᠢᠨ ᠰᠠᠶᠢᠬᠠᠨ ᠤᠯᠤᠰ ᠲᠥᠷᠥ ᠶᠢᠨ ᠬᠡᠪ ᠴᠢᠨᠠᠷ ᠪᠠ ᠶᠣᠰᠣ | ᠮᠣᠷᠠᠯ ᠵᠠᠩ ᠰᠤᠷᠲᠠᠯ ᠲᠠᠢ᠂ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ | ᠨᠥᠬᠦᠴᠡᠯ ᠪᠠ ᠰᠡᠳᠬᠢᠴᠡ ᠶᠢᠨ ᠬᠡᠪ ᠴᠢᠨᠠᠷ ᠲᠠᠢ ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ | ᠳᠠᠭᠠᠵᠤ᠂ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠢ᠃ | (3) ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ | ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠲᠤᠰᠬᠠᠢ ᠮᠡᠷᠭᠡᠵᠢᠯ ᠢ ᠬᠢᠵᠠᠭᠠᠷᠯᠠᠬᠤ ᠦᠭᠡᠢ᠃ | (4) ᠨᠡᠷ᠎ᠡ ᠮᠡᠳᠡᠭᠦᠯᠬᠦ ᠨᠠᠰᠤ ᠨᠢ ᠪᠦᠬᠦᠯᠢ ᠠᠷᠪᠠᠨ ᠨᠠᠢᠮᠠᠨ ᠨᠠᠰᠤᠨ ᠠᠴᠠ ᠳᠡᠭᠡᠭᠰᠢ 35 ᠨᠠᠰᠤᠨ ᠠᠴᠠ | ᠳᠣᠷᠣᠭᠰᠢ ︵1987 ᠣᠨ ᠤ 11 ᠰᠠᠷ᠎ᠠ ᠶᠢᠨ 25 ᠤ ᠡᠳᠦᠷ ᠠᠴᠠ 2004 ᠣᠨ ᠤ 11 ᠰᠠᠷ᠎ᠠ ᠶᠢᠨ | 25 ᠤ ᠡᠳᠦᠷ ᠪᠣᠯᠲᠠᠯᠠᠬᠢ ᠬᠤᠭᠤᠴᠠᠭᠠᠨ ᠳᠤ ᠲᠥᠷᠥᠭᠰᠡᠨ︶᠃ | (5) ᠨᠡᠶᠢᠲᠡᠯᠢᠭ ᠬᠡᠯᠡ ᠪᠠᠷ ᠶᠠᠷᠢᠵᠤ ᠴᠢᠳᠠᠬᠤ᠂ ᠨᠡᠯᠢᠶᠡᠳ ᠰᠠᠶᠢᠨ ᠬᠠᠷᠢᠯᠴᠠᠭᠠᠨ ᠤ ᠴᠢᠳᠠᠪᠤᠷᠢ ᠪᠠ | ᠦᠢᠯᠡᠴᠢᠯᠡᠭᠡᠨ ᠤ ᠤᠬᠠᠮᠰᠠᠷ ᠲᠠᠢ ᠪᠠᠶᠢᠬᠤ ᠬᠡᠷᠡᠭᠲᠡᠢ᠃ | (6) ᠵᠡᠮᠳᠡᠭ ᠦᠭᠡᠢ᠂ ᠥᠩᠭᠡᠨ ᠤ ᠬᠠᠷᠠᠯᠭᠠᠨ ᠦᠭᠡᠢ᠂ ᠬᠦᠨᠳᠦ ᠰᠣᠨᠣᠰᠪᠤᠷᠢ ᠦᠭᠡᠢ᠂ ᠬᠡᠯᠡᠭᠡᠢ ᠦᠭᠡᠢ᠂ | ᠰᠢᠪᠡᠭᠡᠰᠦ ᠦᠭᠡᠢ᠂ ᠬᠠᠯᠳᠠᠪᠤᠷᠢᠲᠤ ᠡᠪᠡᠳᠴᠢᠨ ᠤ ᠲᠡᠦᠬᠡ ᠦᠭᠡᠢ ᠵᠡᠷᠭᠡ ᠶᠢ ᠵᠢᠭᠠᠵᠤ ᠪᠠᠶᠢᠨ᠎ᠠ᠃ (6) ᠵᠡᠮᠳᠡᠭ ᠦᠭᠡᠢ᠂ | ᠥᠩᠭᠡᠨ ᠤ ᠬᠠᠷᠠᠯᠭᠠᠨ ᠦᠭᠡᠢ᠂ ᠬᠦᠨᠳᠦ ᠰᠣᠨᠣᠰᠪᠤᠷᠢ ᠦᠭᠡᠢ᠂ ᠬᠡᠯᠡᠭᠡᠢ ᠦᠭᠡᠢ᠂ ᠰᠢᠪᠡᠭᠡᠰᠦ ᠦᠭᠡᠢ᠂ ᠬᠠᠯᠳᠠᠪᠤᠷᠢᠲᠤ | ᠡᠪᠡᠳᠴᠢᠨ ᠤ ᠲᠡᠦᠬᠡ ᠦᠭᠡᠢ ᠵᠡᠷᠭᠡ ᠶᠢ ᠵᠢᠭᠠᠵᠤ ᠪᠠᠶᠢᠨ᠎ᠠ᠃ | (7)ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ᠄ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ | ᠡᠷᠦᠬᠡ ᠠᠮᠠ ᠶᠢᠨ ᠲᠠᠩᠰᠠ ︵2022 ᠣᠨ ᠤ 11 ᠰᠠᠷ᠎ᠠ ᠶᠢᠨ 1 ᠤ ᠡᠳᠦᠷ ᠠᠴᠠ ᠡᠮᠦᠨ᠎ᠡ ᠣᠲᠣ ᠪᠣᠯᠲᠠᠯ᠎ᠠ | ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠵᠦᠸᠧᠽᠢ ᠰᠢᠶᠠᠨ ᠪᠣᠯᠣᠨ᠎ᠠ︶ ᠪᠣᠯᠣᠨ᠎ᠠ᠃ | 2. ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ | (1)ᠡᠩ ᠤᠨ ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠣᠷᠣᠭᠴᠢ᠂ | ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ᠰᠤᠷᠤᠯᠴᠠᠵᠤ ᠪᠠᠶᠢᠨ᠎ᠠ᠃ | (2) ᠠᠵᠢᠯ ᠳᠤ ᠪᠠᠶᠢᠭ᠎ᠠ ᠠᠯᠪᠠᠲᠠᠨ ᠪᠠ ᠠᠯᠪᠠᠨ ᠳᠤ ᠣᠷᠣᠯᠴᠠᠭᠴᠢ ︵ᠲᠤᠷᠰᠢᠨ ᠬᠡᠷᠡᠭᠯᠡᠬᠦ ᠬᠤᠭᠤᠴᠠᠭᠠᠨ ᠳᠤ | ᠪᠠᠶᠢᠭ᠎ᠠ ᠠᠯᠪᠠᠲᠠᠨ ᠪᠠ ᠠᠯᠪᠠᠨ ᠳᠤ ᠣᠷᠣᠯᠴᠠᠭᠴᠢ ᠪᠠᠭᠲᠠᠨ᠎ᠠ︶ ᠵᠢᠴᠢ ᠲᠤᠷᠰᠢᠨ ᠬᠡᠷᠡᠭᠯᠡᠬᠦ ᠬᠤᠭᠤᠴᠠᠭᠠᠨ ᠳᠤ | ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ︵ᠣᠷᠣᠨ ᠲᠤᠭ᠎ᠠ ᠶᠢ ᠵᠢᠭᠰᠠᠭᠠᠵᠤ ᠤᠷᠢᠨ ᠬᠡᠷᠡᠭᠯᠡᠬᠦ | ᠠᠵᠢᠯᠲᠠᠨ︶᠃ | (3) ᠠᠯᠪᠠᠲᠠᠨ ᠪᠠ ᠠᠯᠪᠠᠨ ᠳᠤ ᠣᠷᠣᠯᠴᠠᠭᠰᠠᠳ ᠢ ᠠᠵᠢᠯ ᠠᠴᠠ ᠨᠢ ᠵᠣᠭᠰᠣᠭᠠᠭᠰᠠᠨ ᠪᠤᠶᠤ ᠡᠯᠰᠡᠨ | ᠬᠡᠷᠡᠭᠯᠡᠬᠦ ᠪᠠᠨ ᠪᠣᠯᠢᠭᠠᠳ ᠪᠦᠬᠦᠯᠢ 5 ᠵᠢᠯ ᠪᠣᠯᠣᠭᠠᠳᠤᠢ ᠪᠠᠶᠢᠬᠤ᠃ | (4) ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ ᠬᠥᠮᠥᠨ; ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠷᠢᠶ᠎ᠠ ᠠᠴᠠ ᠪᠠᠨ ᠬᠥᠭᠡᠭᠡᠭᠳᠡᠭᠰᠡᠨ ᠬᠥᠮᠥᠰ; ᠠᠯᠪᠠᠨ ᠲᠤᠰᠢᠶᠠᠯ ᠠᠴᠠ ᠪᠠᠨ | ᠬᠥᠭᠡᠭᠡᠭᠳᠡᠭᠰᠡᠨ ᠬᠥᠮᠥᠰ᠃ | (5)ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠬᠠᠤᠯᠢ ᠶᠣᠰᠣᠭᠠᠷ | ᠵᠢᠭᠰᠠᠭᠠᠭᠳᠠᠭᠰᠠᠨ ᠬᠥᠮᠥᠰ᠃ | (6) ᠡᠯ᠎ᠡ ᠱᠠᠲᠤᠨ ᠤ ᠠᠯᠪᠠᠲᠠᠨ ︵ᠠᠯᠪᠠᠨ ᠳᠤ ᠣᠷᠣᠯᠴᠠᠭᠴᠢ︶ ᠡᠯᠰᠡᠬᠦ ᠰᠢᠯᠭᠠᠯᠲᠠ ᠳᠤ ᠬᠡᠮ ᠬᠢᠭᠰᠡᠨ ᠵᠡᠷᠭᠡ | ᠡᠯᠰᠡᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠭᠡᠵᠦ ᠲᠣᠳᠣᠯᠠᠨ | ᠲᠣᠭᠲᠠᠭᠠᠭᠳᠠᠭᠰᠠᠨ ᠬᠥᠮᠥᠰ᠃ | ᠭᠤᠷᠪᠠ᠂ ᠤᠷᠢᠬᠤ ᠲᠠᠰ ᠳᠠᠷᠠᠭᠠᠯᠠᠯ | ᠲᠣᠰ ᠤᠳᠠᠭᠠᠨ ᠤ ᠠᠵᠢᠯᠲᠠᠨ ᠡᠯᠰᠡᠬᠦ ᠠᠵᠢᠯ ᠢ ᠠᠵᠢᠯᠲᠠᠨ ᠡᠯᠰᠡᠬᠦ ᠠᠯᠪᠠᠨ ᠵᠠᠷ ᠨᠡᠶᠢᠲᠡᠯᠡᠬᠦ᠂ ᠨᠡᠷ᠎ᠡ ᠮᠡᠳᠡᠭᠦᠯᠬᠦ᠂ | ᠬᠢᠷᠢ ᠬᠡᠮ ᠤᠨ ᠠᠩᠬᠠᠨ ᠤ ᠬᠢᠨᠠᠯᠲᠠ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠬᠢᠷᠢ ᠬᠡᠮ ᠤᠨ ᠳᠠᠬᠢᠨ | ᠬᠢᠨᠠᠯᠲᠠ᠂ ᠪᠡᠶ᠎ᠡ ᠶᠢᠨ ᠪᠠᠶᠢᠴᠠᠭᠠᠯᠲᠠ ᠵᠢᠴᠢ ᠤᠷᠢᠨ ᠬᠡᠷᠡᠭᠯᠡᠬᠦ ᠶᠢ ᠲᠣᠭᠲᠠᠭᠠᠬᠤ ᠵᠡᠷᠭᠡ ᠠᠯᠬᠤᠮ ᠳᠠᠷᠠᠭ᠎ᠠ ᠪᠠᠷ | ᠶᠠᠪᠤᠭᠳᠠᠭᠤᠯᠤᠨ᠎ᠠ᠃ | 1. ᠨᠡᠷ᠎ᠡ ᠮᠡᠳᠡᠭᠦᠯᠬᠦ ᠠᠷᠭ᠎ᠠ ᠮᠠᠶ᠋ᠢᠭ | (1) ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠳᠡᠭᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ | ᠮᠠᠶ᠋ᠢᠭ ᠢᠶᠠᠷ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠦᠭᠰᠡᠳ ᠰᠢᠭᠤᠳ ︽ᠤᠯᠠᠭᠠᠨᠴᠠᠪ ᠬᠤᠲᠠ ᠶᠢᠨ ᠰᠢ ᠱᠧᠩ ᠤᠨ | ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠤ ᠰᠦᠯᠵᠢᠶ᠎ᠡ ᠶᠢᠨ | http://hr.havta.cn/︾ ᠳᠤ ᠣᠷᠣᠵᠤ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠦᠨ᠎ᠡ ︵ᠨᠡᠷ᠎ᠡ ᠮᠡᠳᠡᠭᠦᠯᠬᠦ ᠵᠢᠭᠠᠯᠲᠠ ᠶᠢ ᠳᠠᠭᠠᠯᠳᠤᠭᠤᠯᠤᠯ 1 ᠳᠤ ᠦᠵᠡ︶᠃ | (2)ᠨᠡᠷ᠎ᠡ ᠮᠡᠳᠡᠭᠦᠯᠬᠦ ᠴᠠᠭ᠄ 2022 ᠣᠨ ᠤ 11 ᠰᠠᠷ᠎ᠠ ᠶᠢᠨ 28 ᠤ ᠡᠳᠦᠷ ᠠᠴᠠ 2022 ᠣᠨ ᠤ 12 | ᠰᠠᠷ᠎ᠠ ᠶᠢᠨ 7 ᠤ ᠡᠳᠦᠷ ᠤᠨ 18 ᠴᠠᠭ ᠲᠤ ᠳᠠᠭᠤᠰᠤᠨ᠎ᠠ᠃ | 2. ᠨᠡᠷ᠎ᠡ ᠮᠡᠳᠡᠭᠦᠯᠬᠦ ᠲᠣᠳᠣᠷᠬᠠᠶᠢᠯᠠᠯᠲᠠ | (1)ᠰᠢᠯᠭᠠᠭᠤᠯᠤᠭᠴᠢ ᠨᠢᠭᠡᠪᠦᠷᠢ ᠨᠡᠷ᠎ᠡ ᠮᠡᠳᠡᠭᠦᠯᠬᠦ ᠰᠢᠰᠲ᠋ᠧᠮ ᠳᠤ ᠲᠡᠮᠳᠡᠭᠯᠡᠭᠰᠡᠨ ᠤ ᠳᠠᠷᠠᠭ᠎ᠠ᠂ ᠡᠷᠬᠡᠪᠰᠢ | ᠤᠷᠢᠳ ᠢᠶᠠᠷ ᠳᠠᠩᠰᠠᠯᠠᠭᠤᠯᠬᠤ ᠬᠡᠷᠡᠭᠲᠡᠢ ᠪᠥᠭᠡᠳ ᠨᠡᠷ᠎ᠡ ᠮᠡᠳᠡᠭᠦᠯᠬᠦ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ | ᠮᠡᠳᠡᠭᠡ ᠵᠠᠩᠭᠢ ᠪᠠᠨ ᠲᠠᠭᠯᠠᠵᠤ᠂ ᠲᠣᠰ ᠬᠥᠮᠥᠨ ᠤ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠲᠣᠭᠠᠨ ᠤ | ᠪᠤᠳᠤᠭᠲᠤ ᠵᠢᠷᠤᠭ ᠢᠶᠠᠨ ᠬᠡᠷᠡᠯ ᠵᠢᠷᠤᠭ ᠤᠨ ᠭᠠᠵᠠᠷ ᠲᠤ ᠳᠠᠮᠵᠢᠭᠤᠯᠤᠨ ᠬᠦᠷᠭᠡᠬᠦ ᠬᠡᠷᠡᠭᠲᠡᠢ ︵ᠬᠡᠷᠡᠯ ᠵᠢᠷᠤᠭ ᠤᠨ | ᠬᠡᠯᠪᠡᠷᠢ ᠨᠢ jpg ᠬᠡᠯᠪᠡᠷᠢ᠂ ᠶᠡᠭᠡ ᠪᠠᠭ᠎ᠠ ᠨᠢ 30k ᠠᠴᠠ ᠬᠡᠲᠦᠷᠡᠵᠦ ᠪᠣᠯᠬᠤ ᠦᠭᠡᠢ︶᠃ | (2)ᠨᠡᠷ᠎ᠡ ᠮᠡᠳᠡᠭᠦᠯᠦᠭᠰᠡᠳ ᠮᠡᠳᠡᠭᠡ ᠵᠠᠩᠭᠢ ᠪᠠᠨ ᠲᠠᠭᠯᠠᠵᠤ ᠳᠠᠭᠤᠰᠤᠭᠰᠠᠨ ᠤ ᠳᠠᠷᠠᠭ᠎ᠠ ᠡᠷᠬᠡᠪᠰᠢ ᠳᠣᠣᠷᠠᠬᠢ | ᠮᠠᠲ᠋ᠧᠷᠢᠶᠠᠯ ᠤᠳ ᠢ ᠪᠢᠴᠢᠬᠦ ᠬᠡᠷᠡᠭᠲᠡᠢ᠄ ᠪᠡᠶ᠎ᠡ ᠶᠢᠨ ᠦᠨᠡᠮᠯᠡᠯ ︵ᠵᠢᠩᠬᠢᠨᠢ ᠪᠠ ᠡᠰᠡᠷᠭᠦ ᠲᠠᠯ᠎ᠠ︶᠂ ᠡᠷᠦᠬᠡ ᠠᠮᠠ ᠶᠢᠨ | ᠳᠡᠪᠲᠡᠷ᠂ ᠰᠤᠷᠭᠠᠭᠤᠯᠢ ᠲᠡᠭᠦᠰᠦᠭᠰᠡᠨ ᠦᠨᠡᠮᠯᠡᠯ ᠵᠢᠴᠢ ᠬᠦᠴᠦᠨ ᠲᠠᠢ ᠬᠤᠭᠤᠴᠠᠭᠠᠨ ᠳᠠᠬᠢ ᠡᠯᠧᠺᠲᠷᠣᠨ | ᠳᠠᠩᠰᠠᠯᠠᠯᠲᠠ ᠶᠢᠨ ᠬᠦᠰᠦᠨᠦᠭᠲᠦ ᠪᠤᠶᠤ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ᠂ | ᠭᠠᠳᠠᠭᠠᠳᠤ ᠳᠤ ᠰᠤᠷᠤᠯᠴᠠᠭᠰᠠᠳ ᠤᠨ ᠬᠠᠩᠭᠠᠭᠰᠠᠨ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ | ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠭᠰᠠᠨ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ | ᠴᠣᠯᠠ ᠶᠢᠨ ᠭᠡᠷᠡᠴᠢᠯᠡᠯ ᠤᠨ ᠪᠢᠴᠢᠭ︾ ᠵᠡᠷᠭᠡ ᠰᠢᠷᠪᠢᠯᠲᠡ ᠶᠢᠨ ᠮᠠᠲ᠋ᠧᠷᠢᠶᠠᠯ ᠢ ᠨᠡᠷ᠎ᠡ ᠮᠡᠳᠡᠭᠦᠯᠬᠦ ᠰᠢᠰᠲ᠋ᠧᠮ ᠳᠤ | ᠳᠠᠮᠵᠢᠭᠤᠯᠤᠨ᠎ᠠ᠃ | (3) ᠨᠡᠷ᠎ᠡ ᠮᠡᠳᠡᠭᠦᠯᠦᠭᠰᠡᠳ ᠠᠴᠠ ᠲᠠᠭᠯᠠᠭᠰᠠᠨ ᠮᠡᠳᠡᠭᠡ ᠵᠠᠩᠭᠢ ᠨᠢᠭᠡᠪᠦᠷᠢ ᠶᠢ ᠬᠠᠷᠭᠤᠭᠤᠯᠬᠤ ᠪᠠ ᠬᠤᠯᠪᠣᠭᠳᠠᠯ | ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠳᠤ ᠴᠥᠮ ᠵᠥᠪ ᠣᠨᠣᠪᠴᠢᠲᠠᠶ ᠪᠠᠶᠢᠬᠤ ᠶᠢᠨ ᠳᠠᠷᠠᠭ᠎ᠠ ︽ | ᠲᠤᠰᠢᠶᠠᠵᠤ ᠬᠢᠨᠠᠭᠤᠯᠬᠤ︾ ᠶᠢ ᠲᠣᠪᠴᠢᠳᠠᠨ᠎ᠠ᠃ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ | ᠬᠢᠨᠠᠨ ᠬᠠᠷᠭᠤᠭᠤᠯᠬᠤ ᠪᠠᠷ ᠲᠤᠰᠢᠶᠠᠪᠠᠯ ᠬᠤᠪᠢᠷᠠᠭᠤᠯᠵᠤ ᠪᠣᠯᠬᠤ ᠦᠭᠡᠢ᠃ᠲᠤᠰᠢᠶᠠᠭᠰᠠᠨ ᠤ ᠳᠠᠷᠠᠭᠠᠬᠢ 3 | ᠠᠵᠢᠯᠯᠠᠬᠤ ᠡᠳᠦᠷ ᠤᠨ ᠳᠣᠲᠣᠷ᠎ᠠ ᠨᠡᠷ᠎ᠡ ᠮᠡᠳᠡᠭᠦᠯᠬᠦ ᠰᠦᠯᠵᠢᠶᠡᠨ ᠳᠤ ᠭᠠᠷᠴᠤ ᠬᠢᠨᠠᠨ ᠬᠠᠷᠭᠤᠭᠤᠯᠤᠭᠰᠠᠨ ᠦᠷ᠎ᠡ | ᠳ᠋ᠦᠩ ᠢ ᠪᠠᠶᠢᠴᠠᠭᠠᠨ ᠦᠵᠡᠬᠦ ᠬᠡᠷᠡᠭᠲᠡᠢ᠃ | (4) ᠨᠡᠷ᠎ᠡ ᠮᠡᠳᠡᠭᠦᠯᠦᠭᠰᠡᠳ ᠠᠵᠢᠯᠲᠠᠨ ᠡᠯᠰᠡᠬᠦ ᠲᠣᠪᠴᠢ ᠳᠦᠷᠢᠮ ᠢ ᠨᠠᠷᠢᠨ ᠬᠢᠨᠠᠮᠠᠭᠠᠢ ᠤᠩᠰᠢᠵᠤ᠂ ᠬᠤᠪᠢ | ᠬᠥᠮᠥᠨ ᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠢᠯᠭᠠᠨ ᠲᠣᠳᠣᠯᠠᠬᠤ ᠶᠢᠨ ᠬᠠᠮᠲᠤ | ᠰᠦᠯᠵᠢᠶᠡᠨ ᠳᠡᠭᠡᠷ᠎ᠡ ᠲᠠᠭᠯᠠᠨ ᠪᠢᠴᠢᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ | ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ︔ ᠲᠠᠭᠯᠠᠨ ᠪᠢᠴᠢᠭᠰᠡᠨ ᠮᠠᠲ᠋ᠧᠷᠢᠶᠠᠯ ᠨᠢ ᠣᠨᠣᠪᠴᠢ ᠦᠭᠡᠢ᠂ | ᠪᠦᠷᠢᠨ ᠭᠦᠢᠴᠡᠳ ᠦᠭᠡᠢ ᠠᠴᠠ ᠪᠣᠯᠵᠤ ᠨᠡᠷ᠎ᠡ ᠮᠡᠳᠡᠭᠦᠯᠬᠦ᠂ ᠰᠢᠯᠭᠠᠬᠤ ᠪᠤᠶᠤ ᠤᠷᠢᠵᠤ ᠬᠡᠷᠡᠭᠯᠡᠬᠦ ᠬᠢᠷᠢ ᠬᠡᠮ ᠢ | ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ︔ ᠬᠤᠳᠠᠯ ᠬᠠᠭᠤᠷᠮᠠᠭ ᠮᠡᠳᠡᠭᠡ | ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠰᠢᠯᠭᠠᠯᠲᠠ ᠳᠤ | ᠨᠡᠷ᠎ᠡ ᠮᠡᠳᠡᠭᠦᠯᠦᠭᠰᠡᠳ ᠲᠤ᠂ ᠦᠶᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠤᠷᠢᠨ ᠬᠡᠷᠡᠭᠯᠡᠬᠦ | ᠬᠢᠷᠢ ᠬᠡᠮ ᠢ ᠨᠢ ᠬᠦᠴᠦᠨ ᠦᠭᠡᠢ ᠪᠣᠯᠭᠠᠬᠤ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ | ᠣᠷᠣᠭᠤᠯᠬᠤ ᠵᠡᠷᠭᠡ ᠪᠠᠷ ᠰᠢᠢᠳᠪᠦᠷᠢᠯᠡᠨ᠎ᠡ᠃ | (5) ᠲᠣᠰ ᠤᠳᠠᠭᠠᠨ ᠤ ᠠᠵᠢᠯᠲᠠᠨ ᠡᠯᠰᠡᠬᠦ ᠬᠢᠷᠢ ᠬᠡᠮ ᠤᠨ ᠠᠩᠬᠠᠨ ᠤ ᠬᠢᠨᠠᠯᠲᠠ᠂ ᠳᠠᠬᠢᠨ ᠬᠢᠨᠠᠯᠲᠠ ᠳᠤ | ᠰᠦᠯᠵᠢᠶᠡᠨ ᠭᠠᠳᠠᠨ᠎ᠠ ᠬᠢᠨᠠᠨ ᠪᠠᠶᠢᠴᠠᠭᠠᠬᠤ ᠠᠷᠭ᠎ᠠ ᠶᠢ ᠬᠡᠷᠡᠭᠯᠡᠨ᠎ᠡ᠃ | (6)ᠠᠩᠬ᠎ᠠ ᠬᠢᠨᠠᠬᠤ᠂ ᠪᠢᠷ ᠤᠨ ᠰᠢᠯᠭᠠᠯᠲᠠ ᠬᠢᠬᠦ᠂ ᠨᠢᠭᠤᠷᠲᠠᠨ ᠰᠢᠯᠭᠠᠬᠤ᠂ ᠳᠠᠬᠢᠨ ᠬᠢᠨᠠᠬᠤ ᠵᠢᠴᠢ ᠪᠡᠶ᠎ᠡ ᠶᠢᠨ | ᠪᠠᠶᠢᠴᠠᠭᠠᠯᠲᠠ ᠶᠢᠨ ᠪᠣᠳᠠᠲᠠᠢ ᠵᠦᠢᠯᠡᠰ ᠢ ᠤᠯᠠᠭᠠᠨᠴᠠᠪ ᠬᠤᠲᠠ ᠶᠢᠨ ᠰᠢ ᠱᠧᠩ ᠬᠥᠳᠡᠯᠮᠦᠷᠢ ᠦᠢᠯᠡᠴᠢᠯᠡᠭᠡ | ᠲᠣᠮᠢᠯᠠᠬᠤ ᠬᠢᠵᠠᠭᠠᠷᠲᠤ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠮᠡᠳᠡᠭᠳᠡᠨ᠎ᠡ᠂ | ᠤᠲᠠᠰᠤᠨ ᠨᠣᠮᠧᠷ᠂ ᠡᠯᠧᠺᠲᠷᠣᠨ ᠰᠢᠤᠳᠠᠨ ᠤ ᠬᠠᠶᠢᠷᠴᠠᠭ ᠢ ᠲᠠᠭᠯᠠᠨ ᠮᠡᠳᠡᠭᠦᠯᠬᠦ ᠣᠨᠣᠪᠴᠢᠲᠤ ᠴᠢᠨᠠᠷ ᠢ | ᠪᠠᠲᠤᠯᠠᠬᠤ ᠶᠢᠨ ᠬᠠᠮᠲᠤ ᠴᠢᠮᠡᠭᠡ ᠨᠡᠪᠲᠡᠷᠡᠯᠭᠡ ᠶᠢᠨ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠭᠠᠷᠠᠢ᠃ | (7) ᠰᠢᠯᠭᠠᠯᠲᠠ ᠳᠤ ᠨᠡᠷ᠎ᠡ ᠮᠡᠳᠡᠭᠦᠯᠦᠭᠰᠡᠳ ᠥᠪᠡᠷ ᠤᠨ ᠪᠡᠶ᠎ᠡ ᠶᠢᠨ ᠦᠨᠡᠮᠯᠡᠯ ᠤᠨ ᠤᠤᠯ ᠪᠢᠴᠢᠭ ᠮᠠᠲ᠋ᠧᠷᠢᠶᠠᠯ | ᠪᠣᠯᠣᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠠᠪᠴᠤ ᠪᠢᠷ ᠤᠨ ᠰᠢᠯᠭᠠᠯᠲᠠ ᠪᠣᠯᠣᠨ ᠨᠢᠭᠤᠷᠲᠠᠨ | ᠰᠢᠯᠭᠠᠯᠲᠠ ᠳᠤ ᠣᠷᠤᠯᠴᠠᠬᠤ ᠬᠡᠷᠡᠭᠲᠡᠢ᠃ | (8) ᠬᠠᠮᠤᠭ ᠡᠴᠦᠰ ᠲᠤ ᠤᠷᠢᠨ ᠬᠡᠷᠡᠭᠯᠡᠬᠦ ᠪᠠᠷ ᠲᠣᠭᠲᠠᠭᠰᠠᠨ ᠬᠥᠮᠥᠨ ᠥᠪᠡᠷ ᠤᠨ ᠵᠠᠷᠤᠳᠠᠯ ᠢᠶᠠᠷ ᠢᠶᠠᠨ | ᠱᠠᠭᠠᠷᠳᠠᠯᠭ᠎ᠠ ᠶᠣᠰᠣᠭᠠᠷ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠲᠡᠢ᠂ ᠡᠰᠡ ᠲᠡᠶᠢᠮᠦ ᠪᠣᠯ ᠥᠪᠡᠷ ᠢᠶᠠᠨ | ᠬᠠᠶᠠᠭᠰᠠᠨ ᠢᠶᠠᠷ ᠦᠵᠡᠨ᠎ᠡ᠃ | 3. ᠰᠦᠯᠵᠢᠶᠡᠨ ᠭᠠᠳᠠᠨᠠᠬᠢ ᠬᠢᠷᠢ ᠬᠡᠮ ᠤᠨ ᠬᠢᠨᠠᠨ ᠪᠠᠶᠢᠴᠠᠭᠠᠯᠲᠠ | (1)ᠰᠦᠯᠵᠢᠶᠡᠨ ᠭᠠᠳᠠᠨᠠᠬᠢ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠲᠠᠢ ᠵᠡᠷᠭᠡ ᠪᠠᠷ ᠶᠠᠪᠤᠭᠳᠠᠭᠤᠯᠤᠨ᠎ᠠ᠃ | (2) ᠰᠦᠯᠵᠢᠶᠡᠨ ᠭᠠᠳᠠᠨᠠᠬᠢ ᠬᠢᠷᠢ ᠬᠡᠮ ᠢ ᠬᠢᠨᠠᠨ ᠪᠠᠶᠢᠴᠠᠭᠠᠬᠤ ᠠᠷᠭ᠎ᠠ ᠮᠠᠶ᠋ᠢᠭ᠄ ᠨᠡᠷ᠎ᠡ ᠮᠡᠳᠡᠭᠦᠯᠦᠭᠰᠡᠳ ᠤᠨ | ᠲᠤᠰᠢᠶᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ | ᠦᠨᠳᠦᠰᠦᠯᠡᠨ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠤᠨ᠎ᠠ᠃ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠦᠭᠡᠢ ᠬᠥᠮᠥᠰ ᠤᠴᠢᠷ ᠰᠢᠯᠲᠠᠭᠠᠨ ᠢᠶᠠᠨ ᠲᠥᠬᠦᠮ ᠲᠣᠳᠣᠷᠬᠠᠶᠢᠯᠠᠨ᠎ᠠ᠃ᠬᠢᠷᠢ ᠬᠡᠮ ᠤᠨ ᠬᠢᠨᠠᠨ | ᠪᠠᠶᠢᠴᠠᠭᠠᠯᠲᠠ ᠶᠢ ᠥᠩᠭᠡᠷᠡᠭᠡᠭᠰᠡᠨ ᠬᠥᠮᠥᠨ ᠳᠤ ᠲᠣᠳᠣᠷᠬᠠᠶᠢᠯᠠᠯᠲᠠ ᠬᠢᠬᠦ ᠦᠭᠡᠢ᠃ | ᠳᠥᠷᠪᠡ᠂ ᠪᠢᠷ ᠤᠨ ᠰᠢᠯᠭᠠᠯᠲᠠ | 1. ᠡᠪᠬᠡᠮᠡᠯ ᠬᠠᠭᠠᠬᠤ ᠬᠡᠯᠪᠡᠷᠢ ᠪᠠᠷ ᠶᠠᠪᠤᠭᠳᠠᠭᠤᠯᠤᠨ᠎ᠠ᠂ ᠪᠦᠷᠢᠨ ᠬᠤᠪᠢ 100 ᠬᠤᠪᠢ᠃ᠪᠢᠷ ᠤᠨ | ᠰᠢᠯᠭᠠᠯᠲᠠ ᠶᠢᠨ ᠬᠠᠭᠤᠳᠠᠰᠤ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠨᠢᠭᠡ | ᠵᠦᠢᠯ ᠤᠨ ᠥᠰᠥᠭ ᠪᠢᠴᠢᠭ ᠤᠨ ᠰᠢᠯᠭᠠᠯᠲᠠ ᠶᠢᠨ ᠬᠠᠭᠤᠳᠠᠰᠤ ᠮᠥᠨ᠂ ᠰᠢᠯᠭᠠᠭᠤᠯᠤᠭᠴᠢ ᠡᠷᠬᠡᠪᠰᠢ | ᠲᠣᠭᠲᠠᠭᠠᠭᠰᠠᠨ ᠥᠰᠥᠭ ᠪᠢᠴᠢᠭ ᠢᠶᠠᠷ ᠬᠠᠷᠢᠭᠤᠯᠬᠤ ᠬᠡᠷᠡᠭᠲᠡᠢ᠂ ᠡᠰᠡ ᠲᠡᠭᠡᠪᠡᠯ ᠲᠡᠭ ᠬᠤᠪᠢ ᠪᠠᠷ ᠰᠢᠢᠳᠪᠦᠷᠢᠯᠡᠨ᠎ᠡ | ᠃ᠪᠢᠷ ᠤᠨ ᠰᠢᠯᠭᠠᠯᠲᠠ ᠳᠤ ᠵᠢᠭᠠᠬᠤ ᠮᠠᠲ᠋ᠧᠷᠢᠶᠠᠯ ᠢ ᠵᠢᠭᠠᠨ ᠲᠣᠭᠲᠠᠭᠠᠬᠤ ᠦᠭᠡᠢ᠂ ᠰᠢᠯᠭᠠᠯᠲᠠ ᠶᠢᠨ ᠪᠠᠶᠢᠭᠤᠯᠤᠮᠵᠢ | ᠠᠴᠠ ᠨᠢᠭᠡᠳᠦᠯᠲᠡᠢ ᠰᠡᠳᠦᠪ ᠭᠠᠷᠭᠠᠵᠤ᠂ ᠨᠢᠭᠡᠳᠦᠯᠲᠡᠢ ᠰᠢᠯᠭᠠᠯᠲᠠ ᠦᠵᠡᠨ᠎ᠡ᠃ᠰᠢᠯᠭᠠᠭᠤᠯᠤᠭᠴᠢ ᠪᠡᠶ᠎ᠡ ᠶᠢᠨ | ᠦᠨᠡᠮᠯᠡᠯ ᠢᠶᠠᠷ ᠢᠶᠠᠨ ᠰᠢᠯᠭᠠᠯᠲᠠ ᠳᠤ ᠣᠷᠣᠯᠴᠠᠵᠤ᠂ ᠪᠢᠷ ᠤᠨ ᠰᠢᠯᠭᠠᠯᠲᠠ ᠶᠢᠨ ᠪᠣᠳᠠᠲᠠᠢ ᠴᠠᠭ ᠪᠠ ᠭᠠᠵᠠᠷ ᠢ ᠠᠰ | ᠲᠤᠨᠢ ᠮᠡᠳᠡᠭᠳᠡᠨ᠎ᠡ᠃ | 2. ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠯᠰᠡᠬᠦ ᠬᠥᠮᠥᠨ ᠤ ᠲᠣᠭᠠᠨ ᠤ 1:3 ᠶᠢᠨ | ᠬᠠᠷᠢᠴᠠᠯ ᠢᠶᠠᠷ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠨᠢᠭᠤᠷᠲᠠᠨ ᠰᠢᠯᠭᠠᠯᠲᠠ ᠳᠤ ᠣᠷᠣᠬᠤ ᠶᠢ | ᠲᠣᠭᠲᠠᠭᠠᠨ᠎ᠠ᠂ ᠬᠡᠷᠪᠡ ᠬᠠᠮᠤᠭ ᠰᠡᠭᠦᠯ ᠤᠨ ᠨᠢᠭᠡ ᠨᠢ ᠵᠡᠷᠭᠡᠴᠡᠭᠰᠡᠨ ᠪᠠᠶᠢᠪᠠᠯ᠂ ᠵᠡᠷᠭᠡᠴᠡᠭᠰᠡᠨ ᠬᠥᠮᠥᠰ ᠪᠦᠬᠦᠨ ᠢᠶᠠᠷ | ᠢᠶᠠᠨ ᠨᠢᠭᠤᠷᠲᠠᠨ ᠰᠢᠯᠭᠠᠯᠲᠠ ᠳᠤ ᠣᠷᠣᠨ᠎ᠠ᠃ | 3. ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠨᠢᠭᠤᠷᠲᠠᠨ ᠰᠢᠯᠭᠠᠯᠲᠠ ᠳᠤ ᠣᠷᠣᠯᠴᠠᠭᠰᠠᠳ ᠤᠨ ᠨᠡᠷᠡᠰ ᠢ | ︽ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ︾ ᠳᠡᠭᠡᠷ᠎ᠡ ᠨᠡᠶᠢᠲᠡᠯᠡᠨ᠎ᠡ᠃ | ᠲᠠᠪᠤ᠂ ᠨᠢᠭᠤᠷᠲᠠᠨ ᠰᠢᠯᠭᠠᠬᠤ | 1. ᠪᠦᠲᠦᠴᠡ ᠶᠢᠨ ᠴᠢᠨᠠᠷᠲᠠᠢ ᠨᠢᠭᠤᠷᠲᠠᠨ ᠰᠢᠯᠭᠠᠯᠲᠠ ᠶᠢᠨ ᠬᠡᠯᠪᠡᠷᠢ ᠶᠢ ᠠᠪᠴᠤ᠂ ᠨᠢᠭᠤᠷᠲᠠᠨ ᠰᠢᠯᠭᠠᠯᠲᠠ ᠶᠢᠨ | ᠶᠡᠷᠦᠩᠬᠡᠢ ᠬᠤᠪᠢ ᠨᠢ 100 ᠬᠤᠪᠢ ᠪᠣᠯᠣᠨ᠎ᠠ᠃ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠲᠡᠷᠡ ᠳᠣᠣᠷ᠎ᠠ | ᠨᠢ | 2. ᠨᠢᠭᠤᠷᠲᠠᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠯᠰᠡᠬᠦ ᠬᠥᠮᠥᠨ ᠤ ᠲᠤᠭ᠎ᠠ ᠶᠢᠨ 1:1 ᠶᠢᠨ | ᠬᠠᠷᠢᠴᠠᠯ ᠢᠶᠠᠷ ᠶᠡᠷᠦᠩᠬᠡᠢ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠬᠡᠮᠵᠢᠶ᠎ᠡ ᠪᠠᠷ ᠪᠡᠶ᠎ᠡ ᠶᠢᠨ | ᠪᠠᠶᠢᠴᠠᠭᠠᠯᠲᠠ ᠳᠤ ᠣᠷᠣᠭᠤᠯᠬᠤ ᠶᠢ ᠲᠣᠭᠲᠠᠭᠠᠨ᠎ᠠ᠃ᠬᠡᠷᠪᠡ ᠬᠠᠮᠤᠭ ᠰᠡᠭᠦᠯ ᠤᠨ ᠨᠢᠭᠡ ᠨᠢ ᠵᠡᠷᠭᠡᠴᠡᠭᠰᠡᠨ ᠪᠠᠶᠢᠪᠠᠯ᠂ | ᠵᠡᠷᠭᠡᠴᠡᠭᠰᠡᠨ ᠬᠥᠮᠥᠰ ᠨᠢ ᠪᠦᠬᠦᠨ ᠢᠶᠠᠷ ᠢᠶᠠᠨ ᠪᠡᠶ᠎ᠡ ᠶᠢᠨ ᠪᠠᠶᠢᠴᠠᠭᠠᠯᠲᠠ ᠳᠤ ᠣᠷᠣᠨ᠎ᠠ᠃ | ᠵᠢᠷᠭᠤᠭ᠎ᠠ᠂ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ ᠬᠤᠪᠢ ᠣᠯᠬᠤ ᠠᠷᠭ᠎ᠠ ᠮᠠᠶ᠋ᠢᠭ | ᠪᠢᠷ ᠤᠨ ᠰᠢᠯᠭᠠᠯᠲᠠ ᠶᠢᠨ ᠬᠢᠷᠢ ᠪᠦᠲᠦᠮᠵᠢ ×60% + ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ | ×40% = ᠶᠡᠷᠦᠩᠬᠡᠢ ᠬᠢᠷᠢ ᠪᠦᠲᠦᠮᠵᠢ ︵ᠬᠤᠶᠠᠷ ᠠᠷᠪᠠᠲᠤ ᠶᠢᠨ ᠪᠤᠲᠠᠷᠬᠠᠢ ᠶᠢ ᠦᠯᠡᠳᠡᠭᠡᠨ᠎ᠡ︶᠃ | ᠳᠣᠯᠤᠭ᠎ᠠ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ | 1. ᠪᠡᠶ᠎ᠡ ᠶᠢᠨ ᠪᠠᠶᠢᠴᠠᠭᠠᠯᠲᠠ | 1. ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠢᠯᠡ ᠪᠠᠷ ᠠᠵᠢᠯᠲᠠᠨ ᠡᠯᠰᠡᠬᠦ ᠠᠵᠢᠯ ᠤᠨ ᠳᠤᠭᠤᠶᠢᠯᠠᠩ ᠤᠨ | ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠠᠴᠠ ᠬᠢᠨ᠎ᠡ᠃ᠪᠣᠳᠠᠲᠠᠢ ᠴᠠᠭ ᠪᠠ ᠭᠠᠵᠠᠷ ᠢ ᠠᠰ ᠲᠤᠨᠢ ᠮᠡᠳᠡᠭᠳᠡᠵᠦ | ᠂ ︽ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ︾ ᠳᠡᠭᠡᠷ᠎ᠡ ᠨᠡᠶᠢᠲᠡᠯᠡᠨ᠎ᠡ᠃ | 2︶ ᠰᠢᠯᠭᠠᠭᠤᠯᠤᠭᠴᠢ ᠪᠡᠶ᠎ᠡ ᠶᠢᠨ ᠪᠠᠶᠢᠴᠠᠭᠠᠯᠲᠠ ᠬᠢᠬᠦ ᠶᠠᠪᠤᠴᠠ ᠳᠠᠭᠠᠨ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠬᠤ ᠪᠤᠶᠤ ᠦᠨᠡᠨ ᠪᠠᠶᠢᠳᠠᠯ ᠢᠶᠠᠨ ᠨᠢᠭᠤᠨ ᠳᠠᠯᠳᠠᠯᠠᠭᠠᠳ ᠦᠨᠡᠨ ᠪᠠᠶᠢᠳᠠᠯ ᠢ ᠨᠢ ᠠᠯᠳᠠᠭᠤᠯᠤᠭᠰᠠᠨ ᠪᠠᠶᠢᠪᠠᠯ᠂ | ᠲᠡᠭᠦᠨ ᠤ ᠤᠷᠢᠵᠤ ᠬᠡᠷᠡᠭᠯᠡᠬᠦ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠬᠤᠪᠢ ᠬᠥᠮᠥᠨ ᠤ | ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ | 3. ᠰᠢᠯᠭᠠᠭᠤᠯᠤᠭᠴᠢ ᠶᠢᠨ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠤᠷᠢᠵᠤ | ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ᠬᠡᠷᠪᠡ ᠠᠵᠢᠯ ᠤᠨ ᠪᠠᠶᠢᠷᠢ ᠶᠢᠨ ᠬᠤᠭᠤᠰᠤᠨ ᠣᠷᠣ ᠭᠠᠷᠪᠠᠯ ᠲᠣᠰ | ᠠᠵᠢᠯ ᠤᠨ ᠪᠠᠶᠢᠷᠢ ᠳᠤ ᠣᠷᠣᠯᠴᠠᠭᠰᠠᠨ ᠰᠢᠯᠭᠠᠭᠤᠯᠤᠭᠴᠢ ᠶᠢᠨ ᠳᠣᠲᠣᠷ᠎ᠠ ᠠᠴᠠ ᠶᠡᠷᠦᠩᠬᠡᠢ ᠬᠢᠷᠢ ᠪᠦᠲᠦᠮᠵᠢ ᠪᠠᠷ ᠨᠢ | ᠥᠨᠳᠥᠷ ᠳᠡᠭᠡᠷ᠎ᠡ ᠠᠴᠠ ᠳᠣᠣᠷ᠎ᠠ ᠵᠦᠭ ᠲᠠᠰ ᠳᠠᠷᠠᠭᠠᠯᠠᠨ ᠨᠥᠬᠦᠪᠦᠷᠢᠯᠡᠨ᠎ᠡ᠃ | 4. ᠠᠭᠤᠰᠬᠢᠨ ᠦᠷᠪᠢᠰᠦᠯ ᠤᠨ ᠰᠢᠨ᠎ᠡ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠡᠷᠪᠡ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠪᠠ | ᠲᠣᠭᠲᠠᠭᠠᠯ ᠲᠠᠢ ᠪᠠᠶᠢᠪᠠᠯ᠂ ᠲᠣᠰ ᠤᠳᠠᠭᠠᠨ ᠤ ᠰᠢᠯᠭᠠᠯᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠬᠡᠷᠡᠭᠴᠡᠭᠡ ᠠᠴᠠ ᠪᠣᠯᠵᠤ ᠲᠣᠬᠢᠷᠠᠭᠤᠯᠤᠯᠲᠠ ᠬᠢᠵᠦ ᠮᠡᠳᠡᠨ᠎ᠡ᠂ ᠬᠢᠵᠦ ᠳᠠᠭᠤᠰᠤᠭᠠᠳᠤᠢ ᠤᠴᠢᠷ ᠶᠠᠪᠤᠳᠠᠯ | ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ︽ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ | ᠦᠢᠯᠡᠴᠢᠯᠡᠭᠡ ᠲᠣᠮᠢᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ︾ | ᠳᠡᠭᠡᠷ᠎ᠡ ᠨᠡᠶᠢᠲᠡᠯᠡᠬᠦ ᠪᠣᠯᠣᠨ᠎ᠠ᠃ | 2᠂ ᠬᠢᠷᠢ ᠬᠡᠮ ᠢ ᠳᠠᠬᠢᠨ ᠬᠢᠨᠠᠬᠤ | 1. ᠳᠠᠬᠢᠨ ᠬᠢᠨᠠᠬᠤ ᠪᠣᠯ ᠨᠡᠷ᠎ᠡ ᠮᠡᠳᠡᠭᠦᠯᠦᠭᠰᠡᠳ ᠤᠨ ᠲᠤᠰᠢᠶᠠᠭᠰᠠᠨ ᠰᠤᠷᠤᠯᠭ᠎ᠠ ᠶᠢᠨ ᠨᠠᠮᠲᠠᠷ ᠤᠨ ᠦᠨᠡᠨ | ᠪᠣᠳᠠᠲᠤ ᠴᠢᠨᠠᠷ ᠢ ᠬᠢᠨᠠᠨ ᠬᠠᠷᠭᠤᠭᠤᠯᠬᠤ ᠶᠢᠨ ᠬᠠᠮᠲᠤ ᠰᠢᠯᠭᠠᠭᠤᠯᠤᠭᠴᠢ ᠠᠴᠠ ᠥᠪᠡᠷ ᠤᠨ ᠡᠷᠦᠬᠡ ᠠᠮᠠ ᠶᠢᠨ | ᠳᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠷᠭᠠᠭᠰᠠᠨ ︽ᠶᠠᠯ᠎ᠠ ᠬᠢᠭᠰᠡᠨ | ᠲᠡᠮᠳᠡᠭᠯᠡᠯ ᠦᠭᠡᠢ ᠭᠡᠷᠡᠴᠢ︾ ᠶᠢ ᠬᠠᠩᠭᠠᠨ᠎ᠠ᠃ | 2. ᠳᠠᠬᠢᠨ ᠬᠢᠨᠠᠬᠤ ᠳᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠴᠢᠬᠤᠯᠠ ᠮᠡᠳᠡᠭᠡ ᠵᠠᠩᠭᠢ ᠪᠠᠨ | ᠨᠢᠭᠤᠨ ᠳᠠᠯᠳᠠᠯᠠᠭᠰᠠᠨ ᠰᠢᠯᠭᠠᠯᠲᠠ ᠳᠤ ᠨᠡᠷ᠎ᠡ ᠮᠡᠳᠡᠭᠦᠯᠦᠭᠴᠢ ᠶᠢ ᠬᠢᠷᠢ ᠲᠡᠩᠴᠡᠭᠰᠡᠨ ᠦᠭᠡᠢ ᠪᠠᠷ ᠦᠵᠡᠵᠦ᠂ | ᠲᠡᠭᠦᠨ ᠤ ᠤᠷᠢᠨ ᠬᠡᠷᠡᠭᠯᠡᠬᠦ ᠬᠢᠷᠢ ᠬᠡᠮ ᠢ ᠬᠠᠰᠤᠨ᠎ᠠ᠃ᠬᠡᠷᠪᠡ ᠠᠵᠢᠯ ᠤᠨ ᠪᠠᠶᠢᠷᠢ ᠶᠢᠨ ᠬᠤᠭᠤᠰᠤᠨ ᠣᠷᠣ ᠭᠠᠷᠪᠠᠯ | ᠲᠣᠰ ᠠᠵᠢᠯ ᠤᠨ ᠪᠠᠶᠢᠷᠢ ᠳᠤ ᠣᠷᠣᠯᠴᠠᠭᠰᠠᠨ ᠰᠢᠯᠭᠠᠭᠤᠯᠤᠭᠴᠢ ᠶᠢᠨ ᠳᠣᠲᠣᠷ᠎ᠠ ᠠᠴᠠ ᠶᠡᠷᠦᠩᠬᠡᠢ ᠬᠢᠷᠢ | ᠪᠦᠲᠦᠮᠵᠢ ᠪᠠᠷ ᠨᠢ ᠥᠨᠳᠥᠷ ᠳᠡᠭᠡᠷ᠎ᠡ ᠠᠴᠠ ᠳᠣᠣᠷ᠎ᠠ ᠵᠦᠭ ᠲᠠᠰ ᠳᠠᠷᠠᠭᠠᠯᠠᠨ ᠨᠥᠬᠦᠪᠦᠷᠢᠯᠡᠨ᠎ᠡ᠃ | 3. ᠪᠡᠶ᠎ᠡ ᠶᠢᠨ ᠪᠠᠶᠢᠴᠠᠭᠠᠯᠲᠠ ᠬᠢᠭᠡᠳ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠶᠢᠨ ᠨᠡᠷᠡᠰ ᠢ | ︽ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ︾ ᠳᠡᠭᠡᠷ᠎ᠡ ᠵᠠᠷᠯᠠᠨ ᠨᠡᠶᠢᠲᠡᠯᠡᠨ᠎ᠡ᠃ | ᠨᠠᠢᠮᠠ᠂ ᠤᠷᠢᠵᠤ ᠬᠡᠷᠡᠭᠯᠡᠬᠦ ᠵᠢᠴᠢ ᠬᠠᠷᠠᠭᠠᠯᠵᠠᠯ; | 1. ᠤᠷᠢᠨ ᠬᠡᠷᠡᠭᠯᠡᠬᠦ ᠵᠢᠴᠢ ᠣᠯᠭᠤᠮᠵᠢ᠄ | 1. ᠤᠷᠢᠨ ᠬᠡᠷᠡᠭᠯᠡᠬᠦ᠄ ᠪᠢᠷ ᠤᠨ ᠰᠢᠯᠭᠠᠯᠲᠠ ᠥᠩᠭᠡᠷᠡᠭᠰᠡᠨ ᠤ ᠳᠠᠷᠠᠭ᠎ᠠ ᠨᠢᠭᠤᠷᠲᠠᠨ ᠰᠢᠯᠭᠠᠯᠲᠠ ᠶᠢᠨ ᠬᠢᠷᠢ | ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 10 ᠨᠡᠷᠡᠰ ᠬᠥᠮᠥᠰ ᠢ ᠳᠠᠬᠢᠨ ᠬᠢᠨᠠᠭᠠᠳ᠂ ᠪᠡᠶ᠎ᠡ ᠶᠢᠨ | ᠪᠠᠶᠢᠴᠠᠭᠠᠯᠲᠠ ᠬᠢᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠳᠤ | ᠣᠷᠣᠯᠴᠠᠭᠤᠯᠵᠤ ᠪᠣᠯᠣᠨ᠎ᠠ᠃ | 2︶ ᠤᠷᠢᠨ ᠬᠡᠷᠡᠭᠯᠡᠬᠦ ᠬᠥᠮᠥᠰ ᠢ ᠨᠢᠭᠡᠳᠦᠯᠲᠡᠢ ᠲᠥᠯᠥᠪᠯᠡᠨ ᠠᠵᠢᠯ ᠬᠤᠪᠢᠶᠠᠷᠢᠯᠠᠵᠤ᠂ ᠬᠤᠪᠢᠶᠠᠷᠢᠯᠠᠯᠲᠠ ᠶᠢ | ᠳᠠᠭᠠᠬᠤ ᠦᠭᠡᠢ ᠬᠥᠮᠥᠰ ᠢ ᠤᠷᠢᠨ ᠬᠡᠷᠡᠭᠯᠡᠬᠦ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ᠃ᠤᠷᠢᠵᠤ ᠬᠡᠷᠡᠭᠯᠡᠬᠦ | ᠬᠥᠮᠥᠨ ᠨᠢ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠲᠠᠢ ᠬᠥᠳᠡᠯᠮᠦᠷᠢ ᠶᠢᠨ ᠭᠡᠷ᠎ᠡ ᠲᠣᠭᠲᠠᠭᠠᠬᠤ ᠳᠤ ᠣᠷᠣᠨ | ᠲᠣᠭᠠᠨ ᠤ ᠬᠠᠮᠢᠶᠠᠷᠤᠯᠲᠠ ᠳᠤ ᠣᠷᠣᠭᠤᠯᠬᠤ ᠦᠭᠡᠢ᠃ᠠᠩᠬ᠎ᠠ ᠤᠳᠠᠭ᠎ᠠ ᠶᠢᠨ ᠭᠡᠷ᠎ᠡ ᠶᠢᠨ ᠬᠤᠭᠤᠴᠠᠭ᠎ᠠ ᠨᠢ 3 ᠵᠢᠯ | ᠪᠣᠯᠣᠨ᠎ᠠ᠃ | ᠲᠠᠶᠢᠯᠪᠤᠷᠢ᠄ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ | ᠪᠣᠯᠵᠤ᠂ ᠰᠢᠯᠭᠠᠨ ᠡᠯᠰᠡᠬᠦ ᠬᠤᠯᠪᠣᠭᠳᠠᠯ ᠪᠦᠬᠦᠢ ᠲᠠᠰ ᠳᠠᠷᠠᠭᠠᠯᠠᠯ᠂ ᠠᠯᠬᠤᠮ ᠳᠠᠷᠠᠭ᠎ᠠ᠂ ᠱᠠᠭᠠᠷᠳᠠᠯᠭ᠎ᠠ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠤ ᠲᠣᠬᠢᠷᠠᠭᠤᠯᠤᠯᠲᠠ ᠬᠢᠵᠦ | ᠮᠡᠳᠡᠨ᠎ᠡ᠂ ᠰᠢᠯᠭᠠᠭᠤᠯᠤᠭᠰᠠᠳ ︽ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ︾ ᠢ ᠴᠠᠭ ᠲᠤᠬᠠᠢ ᠳᠤᠨᠢ | ᠠᠩᠬᠠᠷᠬᠤ ᠶᠢ ᠬᠦᠰᠡᠵᠦ ᠪᠠᠶᠢᠨ᠎ᠠ᠃ | 2 ᠬᠠᠷᠠᠭᠠᠯᠵᠠᠯ᠄ | ᠤᠷᠢᠵᠤ ᠬᠡᠷᠡᠭᠯᠡᠬᠦ ᠬᠥᠮᠥᠰ ᠤᠨ ᠴᠠᠯᠢᠩ ᠣᠯᠭᠤᠮᠵᠢ ᠶᠢ ᠳᠣᠣᠷᠠᠬᠢ ᠠᠷᠭ᠎ᠠ ᠮᠠᠶ᠋ᠢᠭ ᠢᠶᠠᠷ ᠲᠣᠭᠠᠴᠠᠭ᠎ᠠ ᠬᠢᠬᠦ ᠪᠠᠷ | ᠪᠣᠶ᠄ ᠰᠠᠷ᠎ᠠ ᠪᠦᠷᠢ ᠶᠢᠨ 3500 ᠲᠥᠭᠦᠷᠢᠭ ᠢ ︽ᠦᠨᠳᠦᠰᠦᠨ ᠴᠠᠯᠢᠩ᠂ ᠪᠦᠷᠢᠨ ᠠᠵᠢᠯ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ ᠢᠶᠠᠷ ᠪᠦᠷᠢᠯᠳᠦᠭᠦᠯᠦᠨ᠎ᠡ︾᠃ | 3᠂ ᠠᠵᠢᠯ ᠤᠨ ᠪᠠᠶᠢᠷᠢ ᠶᠢᠨ ᠠᠵᠢᠯᠯᠠᠬᠤ ᠴᠠᠭ᠄ | ᠭᠠᠷᠠᠭ ᠤᠨ ᠡᠳᠦᠷ ᠵᠢᠴᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠬᠤ ᠳᠤ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠯᠠᠬᠤ ᠴᠠᠭ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ᠶᠢᠰᠦ᠂ ᠰᠠᠬᠢᠯᠭ᠎ᠠ ᠪᠠᠲᠤ ᠪᠠ ᠬᠢᠨᠠᠯᠲᠠ ᠲᠠᠯᠪᠢᠬᠤ | 1. ᠠᠵᠢᠯᠲᠠᠨ ᠡᠯᠰᠡᠬᠦ ᠠᠵᠢᠯ ᠳᠤ ᠵᠠᠶᠢᠯᠠᠬᠤ ᠳᠦᠷᠢᠮ ᠢ ᠬᠡᠷᠡᠭᠵᠢᠭᠦᠯᠦᠨ᠎ᠡ᠃ | 2︶ ᠢᠯᠡ ᠪᠠᠷ ᠡᠯᠰᠡᠬᠦ ᠰᠠᠬᠢᠯᠭ᠎ᠠ ᠪᠠᠲᠤ ᠶᠢ ᠵᠥᠷᠢᠴᠡᠵᠦ᠂ ᠦᠨᠡᠮᠯᠡᠯ᠂ ᠭᠡᠷᠡᠴᠢ ᠶᠢ ᠬᠠᠭᠤᠷᠮᠠᠭᠯᠠᠨ | ᠵᠣᠬᠢᠶᠠᠭᠰᠠᠨ᠂ ᠪᠠᠯᠠᠯᠤᠨ ᠵᠠᠰᠠᠭᠰᠠᠨ ᠪᠤᠶᠤ ᠪᠤᠰᠤᠳ ᠵᠦᠢ ᠪᠤᠰᠤ ᠠᠷᠭ᠎ᠠ ᠪᠠᠷᠢᠯ ᠢᠶᠠᠷ ᠤᠷᠢᠭᠳᠠᠬᠤ ᠬᠢᠷᠢ ᠬᠡᠮ | ᠣᠯᠣᠭᠰᠠᠨ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠪᠤᠶᠤ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ | ᠪᠣᠯᠭᠠᠬᠤ ᠶᠢᠨ ᠬᠠᠮᠲᠤ ᠬᠤᠪᠢ ᠬᠥᠮᠥᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ ᠶᠠᠯ᠎ᠠ | ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 3. ᠢᠯᠡ ᠪᠠᠷ ᠡᠯᠰᠡᠬᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠲᠠᠨ ᠤ ᠦᠢᠯᠡ ᠪᠠᠶᠢᠳᠠᠯ ᠤᠨ ᠬᠦᠨᠳᠦ | ᠬᠥᠩᠭᠡᠨ ᠢ ᠦᠵᠡᠵᠦ ᠪᠠᠶᠢᠭᠠᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠ᠂ ᠪᠤᠰᠤᠳ ᠵᠦᠢᠯ | 1. ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠨᠡᠷ᠎ᠡ ᠮᠡᠳᠡᠭᠦᠯᠬᠦ ᠠᠴᠠ ᠡᠬᠢᠯᠡᠨ ᠠᠵᠢᠯᠲᠠᠨ ᠡᠯᠰᠡᠬᠦ ᠪᠥᠬᠦ | ᠶᠠᠪᠤᠴᠠ ᠳᠤ ᠲᠤᠤᠱᠯᠠᠭᠤᠯᠤᠨ᠎ᠠ᠃ | 2. ᠰᠢᠯᠭᠠᠯᠲᠠ ᠳᠤ ᠨᠡᠷ᠎ᠡ ᠮᠡᠳᠡᠭᠦᠯᠦᠭᠰᠡᠳ ᠡᠷᠬᠡᠪᠰᠢ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ ᠬᠠᠷᠢᠯᠴᠠᠬᠤ | ᠤᠲᠠᠰᠤᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠮᠡᠳᠡᠭᠳᠡᠯ ᠢ | ᠭᠥᠯᠢᠶᠡᠨ ᠠᠪᠬᠤ ᠳᠤ ᠳᠥᠭᠦᠮ ᠪᠣᠯᠭᠠᠬᠤ ᠬᠡᠷᠡᠭᠲᠡᠢ᠃ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠬᠠᠷᠢᠯᠴᠠᠬᠤ | ᠤᠲᠠᠰᠤ ᠨᠡᠪᠲᠡᠷᠡᠭᠰᠡᠨ ᠦᠭᠡᠢ ᠠᠴᠠ ᠪᠣᠯᠤᠭᠰᠠᠨ ᠦᠷ᠎ᠡ ᠳ᠋ᠦᠩ ᠢ ᠰᠢᠯᠭᠠᠯᠲᠠ ᠳᠤ ᠨᠡᠷ᠎ᠡ ᠮᠡᠳᠡᠭᠦᠯᠦᠭᠰᠡᠳ | ᠥᠪᠡᠷ ᠢᠶᠠᠨ ᠬᠠᠷᠢᠭᠤᠴᠠᠨ᠎ᠠ᠃ | 3. ᠲᠤᠰ ᠤᠳᠠᠭᠠᠨ ᠤ ᠰᠢᠯᠭᠠᠯᠲᠠ ᠳᠤ ᠰᠢᠯᠭᠠᠯᠲᠠ ᠶᠢᠨ ᠬᠠᠪᠰᠤᠷᠤᠨ ᠵᠢᠯᠤᠭᠤᠳᠬᠤ ᠳᠤ ᠬᠡᠷᠡᠭᠯᠡᠬᠦ ᠪᠢᠴᠢᠭ ᠢ | ᠵᠢᠭᠠᠨ ᠲᠣᠭᠲᠠᠭᠠᠬᠤ ᠦᠭᠡᠢ᠂ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠤᠭᠤᠳᠬᠤ | ᠪᠣᠯᠪᠠᠰᠤᠷᠠᠯ ᠤᠨ ᠠᠩᠭᠢ ᠡᠷᠭᠢᠯᠡᠬᠦ ᠦᠭᠡᠢ ᠪᠥᠭᠡᠳ ᠡᠷᠭᠢᠯᠡᠬᠦ ᠴᠦ ᠦᠭᠡᠢ᠃ | ᠲᠣᠰ ᠲᠥᠯᠥᠪᠯᠡᠭᠡ ᠶᠢ ᠤᠯᠠᠭᠠᠨᠴᠠᠪ ᠬᠤᠲᠠ ᠶᠢᠨ ᠰᠢ ᠱᠧᠩ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠷᠢᠭᠤᠴᠠᠨ ᠲᠠᠶᠢᠯᠪᠤᠷᠢᠯᠠᠨ᠎ᠠ᠃ | ᠨᠡᠷ᠎ᠡ ᠮᠡᠳᠡᠭᠦᠯᠬᠦ ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ 0474 ︱ 2287069 ︵ᠠᠰᠠᠭᠤᠨ | ᠯᠠᠪᠯᠠᠬᠤ ᠴᠠᠭ ᠡᠷᠲᠡ 8᠄ 00 ︱ 11᠄ 30᠂ 14᠄ 30 ︱ 18᠄ 00︶ | | |