| 9 ᠳ᠋ᠦᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ | ᠲᠦᠷᠢᠮᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ᠂ ᠵᠠᠰᠠᠭ ᠤᠨ | ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠧᠩ ᠢᠦᠢ ᠭᠤᠣᠯ ᠰᠡᠳᠦᠪ ᠢ ᠨᠡᠶᠢᠲᠡᠯᠡᠪᠡ᠃ᠥᠪᠡᠷᠲᠡᠭᠡᠨ | ᠵᠠᠰᠠᠬᠤ ᠣᠷᠣᠨ ᠤ ᠬᠤᠣᠷ ᠴᠠᠭᠠᠵᠠᠯᠠᠬᠤ ᠺᠣᠮᠢᠰ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠳᠡᠳ᠋ ᠳᠠᠷᠤᠭ᠎ᠠ ᠵᠠᠩ ᠽᠢ ᠵᠢᠶᠦ᠋ᠨ︔ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ | ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ | ᠶᠡᠷᠦᠩᠬᠡᠢ ᠠᠩᠭᠢ ᠶᠢᠨ ᠤᠯᠤᠰ ᠲᠥᠷᠥ ᠶᠢᠨ ᠭᠡᠰᠢᠭᠦᠨ ᠮᠢᠶᠣᠣ ᠬᠠᠢ ᠲᠢᠩ︔ᠥᠪᠡᠷᠲᠡᠭᠡᠨ ᠵᠠᠰᠠᠬᠤ ᠣᠷᠣᠨ ᠤ | ᠬᠤᠣᠷ ᠲᠠᠲᠠᠬᠤ ᠶᠢ ᠵᠣᠭᠰᠤᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠺᠣᠮᠢᠰᠰᠠᠷ ᠯᠠᠨ ᠭᠦᠸᠧ ᠵᠠᠩ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠳᠦᠷᠢᠮ︾ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠨᠡᠶᠢᠲᠡᠯᠡᠬᠦ ᠦᠭᠡ | ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ᠂ ᠵᠠᠰᠠᠭ ᠤᠨ | ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ | ᠰᠤᠷᠪᠤᠯᠵᠢᠯᠠᠭᠴᠢ᠂ ᠵᠠᠭᠤᠴᠢᠯᠠᠭᠤᠷ ᠤᠨ ᠨᠠᠶᠢᠵᠠ ᠨᠠᠷ ᠠ᠄ | ᠰᠠᠶᠢᠨ ᠪᠠᠶᠢᠵᠠᠭᠠᠨ᠎ᠠ ᠤᠸ︖ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ | ᠺᠣᠮᠢᠰ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠢ ᠲᠥᠯᠥᠭᠡᠯᠡᠨ ᠡᠯ᠎ᠡ ᠰᠣᠨᠢᠨ | ᠮᠡᠳᠡᠭᠡᠨ ᠤ ᠵᠠᠭᠤᠴᠢᠯᠠᠭᠤᠷ ᠤᠨ ᠨᠠᠶᠢᠵᠠ ᠨᠠᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠣᠷᠳᠣ ᠬᠤᠭᠤᠴᠠᠭᠠᠨ ᠤ | ᠲᠤᠷᠰᠢ ᠥᠪᠥᠷ ᠮᠣᠩᠭᠤᠯ ᠤᠨ ᠬᠤᠣᠷ ᠴᠠᠭᠠᠵᠠᠯᠠᠬᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠳᠦᠷᠢᠮ︾ ︵ᠳᠣᠷᠣᠭᠰᠢ ︽ᠳᠦᠷᠢᠮ︾ | ᠭᠡᠵᠦ ᠲᠣᠪᠴᠢᠯᠠᠨ᠎ᠠ︶ ᠢ ᠵᠢᠩᠬᠢᠨᠢ ᠪᠠᠷ ᠬᠡᠷᠡᠭᠵᠢᠭᠦᠯᠦᠨ᠎ᠡ᠂ ᠳᠣᠣᠷ᠎ᠠ ᠪᠢ ︽ᠳᠦᠷᠢᠮ︾ ᠢ ᠨᠡᠶᠢᠲᠡᠯᠡᠭᠰᠡᠨ ᠠᠬᠤᠢ | ᠪᠠᠶᠢᠳᠠᠯ ᠤᠨ ᠠᠴᠢ ᠬᠤᠯᠪᠣᠭᠳᠠᠯ᠂ ᠭᠤᠣᠯ ᠠᠭᠤᠯᠭ᠎ᠠ ᠪᠠ ᠣᠨᠴᠠᠯᠢᠭ ᠲᠠᠢ ᠬᠢᠯᠠᠰ ᠴᠡᠭ ᠢ ᠲᠥᠬᠦᠮ | ᠲᠠᠨᠢᠯᠴᠠᠭᠤᠯᠤᠶ᠎ᠠ᠃ | ᠨᠢᠭᠡ᠂ ︽ᠳᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ | ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠬᠤᠣᠷ᠎ᠠ ᠴᠠᠭᠠᠵᠠᠯᠠᠬᠤ | ᠰᠠᠯᠠᠭ᠎ᠠ ᠮᠥᠴᠢᠷ ᠤᠳ ᠬᠤᠣᠷ᠎ᠠ ᠴᠠᠭᠠᠵᠠᠯᠠᠬᠤ ᠠᠵᠢᠯ ᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠬᠤᠣᠷ᠎ᠠ ᠴᠠᠭᠠᠵᠠᠯᠠᠬᠤ ᠠᠵᠢᠯ ᠤᠨ ᠲᠤᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠤᠣᠷ ᠴᠠᠭᠠᠵᠠᠯᠠᠬᠤ ᠬᠠᠤᠯᠢ︾᠂ ︽ᠬᠤᠣᠷ ᠡᠳ᠋ᠯᠡᠬᠦ ᠶᠢ ᠵᠣᠭᠰᠤᠭᠠᠬᠤ ᠳᠦᠷᠢᠮ︾ ᠵᠡᠷᠭᠡ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠴᠣᠬᠢᠯᠲᠠ ᠥᠭᠬᠦ | ᠰᠡᠷᠭᠡᠶᠢᠯᠡᠬᠦ ᠬᠠᠮᠢᠶᠠᠷᠬᠤ ᠡᠵᠡᠮᠳᠡᠬᠦ ᠴᠡᠭᠡᠷᠯᠡᠬᠦ ᠵᠠᠰᠠᠬᠤ ᠤᠬᠠᠭᠤᠯᠬᠤ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠨ᠂ ᠪᠥᠬᠦ ᠣᠷᠣᠨ ᠤ ᠬᠤᠣᠷ ᠴᠠᠭᠠᠵᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ᠣᠳᠣᠬᠠᠨ ᠳᠤ᠂ | ᠮᠠᠨ ᠤ ᠣᠷᠣᠨ ᠤ ᠬᠤᠣᠷ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠪᠣᠯᠪᠠᠴᠤ ᠭᠡᠪᠡᠴᠦ ᠪᠦᠬᠦ | ᠤᠯᠤᠰ ᠤᠨ ᠬᠢ ᠲᠠᠢ ᠠᠳᠠᠯᠢ ᠪᠠᠷ ᠮᠠᠨ ᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠮᠥᠨ ᠬᠦ ᠪᠣᠭᠤᠮᠲᠠ | ᠰᠢᠪᠲᠤᠯᠬᠤ ᠬᠤᠭᠤᠴᠠᠭᠠᠨ ᠳᠠᠭᠠᠨ ᠪᠠᠶᠢᠭᠰᠠᠭᠠᠷ᠂ ᠣᠳᠣᠬᠠᠨ ᠤ ᠬᠤᠣᠷ ᠴᠠᠭᠠᠵᠠᠯᠠᠬᠤ ᠠᠵᠢᠯ ᠤᠨ ᠪᠠᠶᠢᠳᠠᠯ ᠢ | ᠢᠳᠡᠪᠬᠢᠲᠡᠢ ᠠᠷᠭᠠᠴᠠᠵᠤ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠬᠠᠤᠯᠢ ᠲᠣᠭᠲᠠᠭᠠᠯᠲᠠ ᠶᠢᠨ | ᠬᠤᠭᠤᠰᠤᠨ ᠢ ᠨᠥᠬᠦᠪᠦᠷᠢᠯᠡᠵᠦ᠂ ᠣᠳᠣᠬᠠᠨ ᠤ ᠬᠤᠣᠷ ᠴᠠᠭᠠᠵᠠᠯᠠᠬᠤ ᠠᠵᠢᠯ ᠤᠨ ᠲᠦᠭᠵᠢᠷᠡᠯ᠂ ᠬᠦᠴᠢᠷ | ᠠᠰᠠᠭᠤᠳᠠᠯ ᠤᠨ ᠪᠣᠳᠠᠲᠤ ᠬᠡᠷᠡᠭᠴᠡᠭᠡ ᠶᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠮᠠᠨ ᠤ ᠣᠷᠣᠨ ᠤ ᠬᠤᠣᠷ ᠴᠠᠭᠠᠵᠠᠯᠠᠬᠤ ᠠᠵᠢᠯ ᠤᠨ | ᠪᠣᠳᠠᠲᠤ ᠪᠠᠶᠢᠳᠠᠯ ᠪᠠ ᠬᠠᠤᠯᠢ ᠲᠣᠭᠲᠠᠭᠠᠬᠤ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠭᠦᠨᠵᠡᠭᠡᠢ ᠡᠵᠡᠮᠰᠢᠭᠰᠡᠨ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ︽ | ᠳᠦᠷᠢᠮ︾ ᠢ ᠰᠢᠨ᠎ᠡ ᠪᠠᠷ ᠲᠣᠭᠲᠠᠭᠠᠵᠤ ᠨᠡᠶᠢᠲᠡᠯᠡᠬᠦ ᠭᠤᠶᠤᠴᠢᠯᠠᠯ ᠭᠠᠷᠭᠠᠪᠠ᠃2021 ᠣᠨ ᠳᠤ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠶᠢᠨ ᠵᠦᠢᠯᠡᠰ ᠲᠤ ᠵᠢᠩᠬᠢᠨᠢ ᠪᠠᠷ ᠵᠥᠪᠰᠢᠶᠡᠷᠡᠭᠳᠡᠵᠦ᠂ 2022 ᠣᠨ ᠳᠤ | ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠪᠠ᠃ᠬᠠᠤᠯᠢ ᠲᠣᠭᠲᠠᠭᠠᠬᠤ ᠶᠠᠪᠤᠴᠠ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ | ᠴᠠᠭᠠᠵᠠ ᠶᠢᠨ ᠲᠢᠩᠬᠢᠮ ᠶᠡᠭᠡ ᠬᠡᠮᠵᠢᠶᠡᠨ ᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠵᠦ᠂ ᠣᠷᠣᠨ ᠤ | ᠭᠠᠳᠠᠨ᠎ᠠ ᠪᠠ ᠣᠷᠣᠨ ᠤ ᠳᠣᠲᠣᠷᠠᠬᠢ ᠠᠶᠢᠮᠠᠭ ᠬᠤᠲᠠ ᠳᠤ ᠬᠦᠷᠴᠦ ᠣᠯᠠᠨ ᠡᠭᠡᠯᠵᠢ ᠶᠢᠨ ᠬᠠᠤᠯᠢ ᠲᠣᠭᠲᠠᠭᠠᠬᠤ | ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠡᠯ᠎ᠡ ᠠᠶᠢᠮᠠᠭ ᠬᠤᠲᠠ ᠶᠢᠨ ᠰᠠᠨᠠᠯ ᠢ ᠬᠤᠷᠢᠶᠠᠵᠤ᠂ ︽ᠳᠦᠷᠢᠮ︾ ᠢ | ᠰᠣᠨᠢᠨ ᠮᠡᠳᠡᠭᠡᠨ ᠤ ᠵᠠᠭᠤᠴᠢᠯᠠᠭᠤᠷ ᠳᠡᠭᠡᠷ᠎ᠡ ᠪᠥᠬᠦ ᠠᠭᠤᠯᠭ᠎ᠠ ᠪᠠᠷ ᠨᠢ ᠨᠡᠶᠢᠲᠡᠯᠡᠵᠦ᠂ ᠨᠡᠶᠢᠭᠡᠮ ᠤᠨ ᠡᠯ᠎ᠡ | ᠡᠲᠡᠭᠡᠳ ᠤᠨ ᠰᠠᠨᠠᠯ ᠢ ᠢᠯᠡ ᠪᠠᠷ ᠬᠤᠷᠢᠶᠠᠭᠰᠠᠨ ᠪᠠᠶᠢᠨ᠎ᠠ᠃ᠡᠨᠡᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠣᠷ ᠲᠠᠲᠠᠬᠤ ᠶᠢ ᠵᠣᠭᠰᠤᠭᠠᠬᠤ ᠲᠣᠪᠴᠢᠶ᠎ᠠ ᠨᠢ ᠬᠠᠤᠯᠢ | ᠲᠣᠭᠲᠠᠭᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ︽ᠳᠦᠷᠢᠮ︾ ᠳᠤ ᠵᠠᠰᠠᠪᠤᠷᠢ ᠣᠷᠣᠭᠤᠯᠬᠤ ᠲᠤᠬᠠᠢ ᠳᠠᠬᠢᠨ | ᠳᠠᠪᠲᠠᠨ ᠵᠥᠪᠳᠡᠯᠴᠡᠵᠦ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢᠨ ᠪᠠᠶᠢᠳᠠᠯ᠂ ᠬᠠᠤᠯᠢ ᠲᠣᠭᠲᠠᠭᠠᠬᠤ | ᠨᠤᠲᠠᠯᠠᠯᠲᠠ ᠶᠢᠨ ᠰᠠᠨᠠᠯ ᠪᠠ ᠡᠯ᠎ᠡ ᠲᠠᠯ᠎ᠠ ᠶᠢᠨ ᠰᠠᠨᠠᠯ ᠢ ᠦᠨᠳᠦᠰᠦᠯᠡᠨ᠂ ︽ᠳᠦᠷᠢᠮ︾ ᠳᠤ ᠣᠯᠠᠨ ᠤᠳᠠᠭ᠎ᠠ | ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠨᠡᠶᠢᠴᠡᠬᠦ ᠰᠠᠨᠠᠯ ᠢ ᠭᠦᠢᠴᠡᠳ ᠭᠥᠯᠢᠶᠡᠨ | ᠠᠪᠤᠨ᠎ᠠ᠃7 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ | ᠵᠢᠷᠭᠤᠳᠤᠭᠠᠷ ᠬᠤᠷᠠᠯᠳᠤᠭᠠᠨ ᠠᠴᠠ ᠲᠣᠰ ︽ᠳᠦᠷᠢᠮ︾ ᠢ ᠪᠠᠲᠤᠯᠠᠭᠰᠠᠨ ᠪᠥᠭᠡᠳ 10 ᠳ᠋ᠤᠭᠠᠷ ᠰᠠᠷ᠎ᠠ ᠶᠢᠨ 1 ᠤ | ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠪᠠ᠃︽ᠳᠦᠷᠢᠮ︾ ᠳᠤ ᠳᠡᠭᠡᠳᠦ ᠪᠠᠶᠢᠷᠢ ᠶᠢᠨ ᠬᠠᠤᠯᠢ ᠶᠢᠨ | ᠲᠣᠭᠲᠠᠭᠠᠯ ᠢ ᠨᠥᠬᠦᠪᠦᠷᠢᠯᠡᠬᠦ ᠪᠠ ᠨᠠᠷᠢᠯᠢᠭᠵᠢᠭᠤᠯᠵᠤ᠂ ᠦᠢᠯᠡᠳᠦᠯᠭᠡ ᠶᠢᠨ ᠪᠡᠷᠬᠡ ᠰᠡᠳᠦᠪ ᠢ ᠬᠦᠴᠦᠯᠡᠨ | ᠰᠢᠢᠳᠪᠦᠷᠢᠯᠡᠵᠦ᠂ ᠪᠣᠯᠪᠠᠰᠤᠷᠠᠩᠭᠤᠢ ᠪᠣᠯᠤᠭᠰᠠᠨ ᠲᠤᠷᠰᠢᠯᠭ᠎ᠠ ᠠᠷᠭ᠎ᠠ ᠬᠢᠳᠡᠯ ᠢ ᠰᠢᠰᠲ᠋ᠧᠮᠵᠢᠭᠦᠯᠦᠨ ᠳᠦᠷᠢᠮᠵᠢᠭᠦᠯᠵᠦ | ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠠᠵᠢᠯ ᠤᠨ ᠬᠠᠤᠯᠢ ᠪᠠᠷ ᠵᠠᠰᠠᠬᠤ᠂ ᠵᠢᠷᠤᠮᠵᠢᠭᠤᠯᠬᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | | ᠬᠤᠶᠠᠷ᠂︽ᠳᠦᠷᠢᠮ︾ ᠤᠨ ᠭᠤᠣᠯ ᠠᠭᠤᠯᠭ᠎ᠠ ᠪᠠ ᠣᠨᠴᠠᠯᠢᠭ ᠪᠦᠬᠦᠢ ᠭᠢᠯᠠᠰ ᠴᠡᠭ | ︽ᠳᠦᠷᠢᠮ︾ ᠳᠤ ᠨᠡᠶᠢᠲᠡ ᠲᠤᠯᠤᠭᠠᠨ ᠪᠦᠯᠦᠭ 62 ᠵᠦᠢᠯ ᠭᠠᠷᠭᠠᠵᠠᠢ᠂ ᠡᠭᠦᠨ ᠳᠤ ︽ᠶᠡᠷᠦᠩᠬᠡᠢ ᠳᠦᠷᠢᠮ︾ | ᠂ ︽ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ︾᠂ ︽ᠬᠤᠣᠷᠲᠤ ᠡᠳ᠋ ᠪᠠ ᠬᠤᠣᠷᠲᠤ ᠡᠳ᠋ | ᠦᠶᠯᠡᠳᠬᠦ ᠡᠳ᠋ ᠪᠣᠳᠠᠰ ᠢ ᠵᠠᠬᠢᠷᠤᠨ ᠬᠠᠮᠢᠶᠠᠷᠬᠤ︾᠂ ︽ᠬᠤᠣᠷ ᠡᠳ᠋ᠯᠡᠬᠦ ᠶᠢ ᠵᠣᠭᠰᠤᠭᠠᠬᠤ ᠬᠠᠮᠢᠶᠠᠷᠤᠯᠲᠠ ᠪᠠ | ᠦᠢᠯᠡᠴᠢᠯᠡᠭᠡ︾᠂ ︽ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠠᠲᠤᠯᠠᠭ᠎ᠠ︾᠂ ︽ᠬᠠᠤᠯᠢ ᠶᠢᠨ ᠬᠠᠷᠢᠭᠤᠴᠠᠯᠭ᠎ᠠ | ︾ ᠵᠢᠴᠢ ︽ᠳᠠᠭᠠᠯᠳᠤᠭᠤᠯᠤᠭᠰᠠᠨ ᠳᠦᠷᠢᠮ︾ ᠵᠡᠷᠭᠡ ᠲᠤᠯᠤᠭᠠᠨ ᠬᠡᠰᠡᠭ ᠪᠠᠭᠲᠠᠨ᠎ᠠ᠃︽ᠳᠦᠷᠢᠮ︾ ᠨᠢ ᠬᠠᠤᠯᠢ | ᠲᠣᠭᠲᠠᠭᠠᠬᠤ ᠲᠠᠯ᠎ᠠ ᠠᠴᠠ ᠳᠦᠷᠢᠮ ᠤᠨ ᠳᠤᠲᠠᠭᠤᠳᠠᠯ ᠢ ᠨᠥᠬᠦᠪᠦᠷᠢᠯᠡᠵᠦ᠂ ᠬᠤᠣᠷ ᠴᠠᠭᠠᠵᠠᠯᠠᠬᠤ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠤᠣᠷᠲᠤ ᠡᠳ᠋ ᠤᠨ ᠤᠬᠠᠭᠤᠯᠭ᠎ᠠ ᠪᠠ | ᠤᠷᠢᠳᠴᠢᠯᠠᠨ ᠰᠡᠷᠭᠡᠶᠢᠯᠡᠬᠦ ᠬᠥᠮᠦᠵᠢᠯ ᠢ ᠴᠢᠩᠭᠠᠳᠬᠠᠬᠤ᠂ ᠵᠡᠭᠡᠷᠭᠡᠨ᠎ᠡ ᠶᠢᠨ ᠡᠪᠡᠰᠦ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ ᠠᠨᠨᠠᠲᠷᠢ ᠶᠢ ᠳᠤᠷ᠎ᠠ ᠪᠠᠷ ᠢᠶᠠᠨ ᠬᠡᠷᠡᠭᠯᠡᠬᠦ᠂ ᠡᠪᠡᠳᠴᠢᠨ ᠲᠠᠢ | ᠵᠡᠮᠳᠡᠭ ᠬᠤᠣᠷ ᠲᠠᠲᠠᠭᠰᠠᠳ ᠢ ᠭᠥᠯᠢᠶᠡᠨ ᠠᠪᠴᠤ ᠴᠡᠭᠡᠷᠯᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ | ᠰᠢᠢᠳᠪᠦᠷᠢᠯᠡᠬᠦ᠂ ᠬᠤᠣᠷ ᠡᠳ᠋ᠯᠡᠬᠦ ᠪᠠᠨ ᠵᠣᠭᠰᠣᠬᠤ ᠬᠥᠮᠥᠰ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠣᠬᠢᠴᠠᠩᠭᠤᠢ ᠰᠢᠨ᠎ᠡ ᠶᠢ ᠡᠭᠦᠳᠬᠦ ᠲᠣᠭᠲᠠᠭᠠᠯ ᠭᠠᠷᠭᠠᠭᠰᠠᠨ ᠪᠠᠶᠢᠨ᠎ᠠ᠃ | ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠪᠠᠷ ᠢᠯᠡᠷᠡᠵᠦ ᠪᠠᠶᠢᠨ᠎ᠠ᠄ | ︵ᠨᠢᠭᠡ︶ ᠬᠤᠣᠷᠲᠤ ᠡᠳ᠋ ᠢ ᠴᠠᠭᠠᠵᠠᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠷᠠᠭᠤᠯᠤᠨ᠎ᠠ᠃︽ᠬᠠᠤᠯᠢ ᠲᠣᠭᠲᠠᠭᠠᠬᠤ ᠪᠠᠷ ᠳᠠᠮᠵᠢᠭᠤᠯᠤᠨ ᠬᠤᠣᠷᠲᠤ ᠡᠳ᠋ ᠢ ᠴᠠᠭᠠᠵᠠᠯᠠᠬᠤ ᠠᠵᠢᠯ ᠢ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠬᠤ ᠶᠢ | ᠲᠣᠳᠣᠷᠬᠠᠶᠢᠯᠠᠵᠤ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠤᠳᠤᠷᠢᠳᠬᠤ ᠪᠠᠶᠢᠭᠤᠯᠤᠯ᠂ ᠠᠵᠢᠯ ᠤᠨ | ᠲᠣᠭᠲᠠᠴᠠ᠂ ᠪᠠᠲᠤᠯᠠᠭ᠎ᠠ ᠶᠢᠨ ᠲᠣᠭᠲᠠᠴᠠ ᠶᠢ ᠲᠣᠭᠲᠠᠭᠠᠬᠤ︾ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠳᠦᠷᠢᠮ︾ ᠳᠤ ᠬᠤᠣᠷᠲᠤ ᠡᠳ᠋ ᠢ ᠴᠠᠭᠠᠵᠠᠯᠠᠬᠤ | ᠠᠵᠢᠯ ᠳᠤ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ | ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ ᠭᠡᠵᠦ | ᠲᠣᠳᠣᠷᠬᠠᠢ ᠲᠣᠭᠲᠠᠭᠠᠵᠠᠢ︔ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠣᠷ ᠴᠠᠭᠠᠵᠠᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠶᠢᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠬᠤᠣᠷᠲᠤ ᠡᠳ᠋ ᠢ ᠴᠠᠭᠠᠵᠠᠯᠠᠬᠤ ᠺᠣᠮᠢᠰ ᠪᠠᠶᠢᠭᠤᠯᠵᠤ᠂ ᠲᠣᠰ | ᠵᠠᠰᠠᠭ ᠵᠠᠬᠢᠷᠭᠠᠨ ᠤ ᠣᠷᠣᠨ ᠤ ᠪᠠᠨ ᠬᠤᠣᠷᠲᠤ ᠡᠳ᠋ ᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠵᠢᠯᠤᠭᠤᠳᠬᠤ ᠶᠢ ᠬᠠᠷᠢᠭᠤᠴᠠᠭᠤᠯᠬᠤ ᠶᠢᠨ ᠬᠠᠮᠲᠤ ᠬᠤᠣᠷᠲᠤ ᠡᠳ᠋ ᠢ ᠴᠠᠭᠠᠵᠠᠯᠠᠬᠤ ᠺᠣᠮᠢᠰ ᠤᠨ | ᠪᠦᠷᠢᠯᠳᠦᠭᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ︵ᠬᠤᠶᠠᠷ︶ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃︽ᠳᠦᠷᠢᠮ︾ | ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠬᠤᠣᠷᠲᠤ ᠡᠳ᠋ ᠢ ᠡᠰᠡᠷᠭᠦᠴᠡᠨ ᠬᠤᠣᠷᠲᠤ ᠡᠳ᠋ ᠢ | ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ᠨᠢᠭᠡ ᠳᠤ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠪᠥᠬᠦ ᠨᠡᠶᠢᠭᠡᠮ ᠤᠨ ᠬᠤᠣᠷ ᠴᠠᠭᠠᠵᠠᠯᠠᠬᠤ ᠦᠵᠡᠯ ᠤᠬᠠᠮᠰᠠᠷ ᠢ ᠴᠢᠩᠭᠠᠷᠠᠭᠤᠯᠬᠤ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠵᠤ᠂ ᠬᠤᠣᠷ | ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠢᠯᠡᠴᠢᠯᠡᠭᠡ ᠶᠢ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ | ᠦᠭᠡᠢ ᠪᠠᠷ ᠬᠠᠩᠭᠠᠬᠤ ᠬᠡᠷᠡᠭᠲᠡᠢ ᠭᠡᠵᠦ ᠳᠤᠷᠠᠳᠪᠠ᠃ᠬᠤᠶᠠᠷ ᠲᠤ ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ᠂ | ᠬᠢᠴᠢᠶᠡᠯ ᠤᠨ ᠲᠠᠩᠬᠢᠮ ᠤᠨ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠤᠷᠭᠠᠭᠤᠯᠢ ᠨᠤᠭᠤᠳ ᠠᠳᠠᠯᠢ ᠪᠤᠰᠤ ᠨᠠᠰᠤᠨ ᠤ ᠱᠠᠲᠤᠨ ᠤ ᠰᠤᠷᠤᠭᠴᠢᠳ ᠤᠨ ᠲᠠᠨᠢᠨ ᠮᠡᠳᠡᠬᠦᠢ ᠶᠢᠨ ᠣᠨᠴᠠᠯᠢᠭ ᠢ | ᠦᠨᠳᠦᠰᠦᠯᠡᠨ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠤᠨ ᠬᠤᠣᠷ ᠬᠥᠨᠥᠭᠡᠯ ᠤᠨ ᠲᠤᠬᠠᠢ ᠲᠠᠨᠢᠯᠲᠠ ᠶᠢ | ᠭᠦᠨᠵᠡᠭᠡᠶᠢᠷᠡᠭᠦᠯᠬᠦ ᠬᠡᠷᠡᠭᠲᠡᠢ ᠭᠡᠵᠦ ᠲᠣᠭᠲᠠᠭᠠᠵᠠᠢ᠃ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ | ᠲᠠᠯᠠᠪᠤᠷ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠭᠦᠷᠭᠡ ᠶᠢ ᠲᠣᠳᠣᠷᠬᠠᠶᠢᠯᠠᠨ᠎ᠠ᠃ | ︵ᠭᠤᠷᠪᠠ︶ ᠡᠪᠡᠳᠴᠢᠨ ᠲᠠᠢ ᠵᠡᠮᠳᠡᠭ ᠬᠤᠣᠷ ᠡᠳ᠋ᠯᠡᠬᠦ ᠪᠠᠨ ᠵᠣᠭᠰᠣᠬᠤ ᠬᠥᠮᠥᠰ ᠲᠤ ᠦᠢᠯᠡᠴᠢᠯᠡᠬᠦ ᠶᠢ | ᠴᠢᠩᠭᠠᠳᠬᠠᠨ᠎ᠠ᠃ᠡᠪᠡᠳᠴᠢᠨ ᠲᠠᠢ ᠵᠡᠮᠳᠡᠭ ᠬᠤᠣᠷ ᠡᠳ᠋ᠯᠡᠬᠦ ᠪᠠᠨ ᠵᠣᠭᠰᠣᠬᠤ ᠬᠥᠮᠥᠰ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ ᠴᠡᠭᠡᠷᠯᠡᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ ︽ᠳᠦᠷᠢᠮ︾ ᠳᠤ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ | ᠵᠣᠭᠰᠤᠭᠠᠬᠤ ᠲᠠᠯᠠᠪᠤᠷ ᠠᠴᠠ ᠡᠪᠡᠳᠴᠢᠨ ᠲᠠᠢ ᠵᠡᠮᠳᠡᠭ ᠬᠤᠣᠷ ᠡᠳ᠋ᠯᠡᠬᠦ ᠪᠠᠨ ᠵᠣᠭᠰᠣᠬᠤ ᠬᠥᠮᠥᠰ ᠢ ᠬᠠᠷᠠᠵᠤ | ᠰᠤᠪᠢᠯᠠᠬᠤ ᠪᠠ ᠡᠮᠨᠡᠨ ᠵᠠᠰᠠᠬᠤ ᠡᠭᠦᠷᠭᠡ ᠶᠢ ᠲᠣᠳᠣᠷᠬᠠᠢ ᠲᠣᠭᠲᠠᠭᠠᠭᠰᠠᠨ ᠪᠥᠭᠡᠳ ᠣᠨᠴᠠᠭᠠᠶ ᠡᠪᠡᠳᠴᠢᠨ ᠲᠠᠢ | ᠵᠡᠮᠳᠡᠭ ᠬᠤᠣᠷ ᠡᠳ᠋ᠯᠡᠬᠦ ᠪᠠᠨ ᠵᠣᠭᠰᠣᠬᠤ ᠬᠥᠮᠥᠰ ᠢ ᠰᠢᠢᠳᠪᠦᠷᠢᠯᠡᠬᠦ ᠲᠤᠬᠠᠢ ᠲᠣᠭᠲᠠᠭᠠᠯ ᠭᠠᠷᠭᠠᠵᠠᠢ᠃ᠬᠤᠣᠷ | ᠡᠳ᠋ᠯᠡᠬᠦ ᠶᠢ ᠵᠣᠭᠰᠤᠭᠠᠬᠤ ᠲᠠᠯᠠᠪᠤᠷ ᠤᠨ ᠡᠮᠴᠢᠯᠡᠭᠡᠨ ᠤ ᠰᠠᠭᠤᠷᠢ ᠨᠢᠮᠭᠡᠨ᠂ ᠡᠮᠴᠢ ᠰᠤᠪᠢᠯᠠᠭᠴᠢ ᠲᠤᠲᠠᠭᠳᠠᠵᠤ᠂ | ᠬᠤᠣᠷ ᠡᠳ᠋ᠯᠡᠬᠦ ᠪᠠᠨ ᠵᠣᠭᠰᠣᠬᠤ ᠬᠥᠮᠥᠰ ᠤᠨ ᠣᠷᠳᠣ ᠬᠤᠭᠤᠴᠠᠭ᠎ᠠ ᠪᠠᠷ ᠬᠤᠣᠷ ᠲᠠᠲᠠᠭᠰᠠᠨ ᠠᠴᠠ ᠪᠣᠯᠤᠭᠰᠠᠨ ᠡᠯ᠎ᠡ | ᠵᠦᠢᠯ ᠤᠨ ᠡᠪᠡᠳᠴᠢᠨ ᠡᠮᠭᠡᠭ ᠢ ᠪᠥᠬᠦ ᠲᠠᠯ᠎ᠠ ᠪᠠᠷ ᠬᠠᠩᠭᠠᠵᠤ ᠳᠡᠶᠢᠯᠬᠦ ᠦᠭᠡᠢ ᠪᠠᠶᠢᠬᠤ ᠪᠣᠳᠠᠲᠤ ᠪᠠᠶᠢᠳᠠᠯ ᠳᠤ | ᠴᠢᠭᠯᠡᠭᠦᠯᠦᠨ᠂ ︽ᠳᠦᠷᠢᠮ︾ ᠳᠤ ᠬᠤᠣᠷ ᠡᠳ᠋ᠯᠡᠬᠦ ᠶᠢ ᠵᠣᠭᠰᠤᠭᠠᠬᠤ ᠡᠮᠴᠢᠯᠡᠭᠡᠨ ᠤ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠵᠤ᠂ ᠲᠤᠰᠬᠠᠢ ᠣᠷᠣᠨ ᠪᠦᠰᠡ ᠨᠡᠭᠡᠭᠡᠨ᠂ ᠲᠤᠰᠬᠠᠢ | ᠲᠠᠯᠠᠪᠤᠷ ᠭᠠᠷᠭᠠᠵᠤ᠂ ᠡᠮᠴᠢᠯᠡᠭᠡᠨ ᠤ ᠲᠥᠬᠦᠭᠡᠷᠦᠮᠵᠢ ᠪᠠ ᠡᠮᠴᠢ ᠰᠤᠪᠢᠯᠠᠭᠴᠢ ᠶᠢ ᠲᠣᠬᠢᠷᠠᠭᠤᠯᠤᠨ᠂ ᠡᠪᠡᠳᠴᠢᠨ ᠲᠠᠢ | ᠵᠡᠮᠳᠡᠭᠴᠦᠳ ᠤᠨ ᠬᠤᠣᠷ ᠡᠳ᠋ᠯᠡᠬᠦ ᠶᠢ ᠠᠯᠪᠠᠳᠠᠯᠭ᠎ᠠ ᠪᠠᠷ ᠵᠣᠭᠰᠤᠭᠠᠬᠤ ᠬᠥᠮᠥᠰ ᠢ ᠭᠥᠯᠢᠶᠡᠨ ᠠᠪᠴᠤ ᠡᠮᠨᠡᠨ᠎ᠡ ᠭᠡᠵᠦ | ᠳᠤᠷᠠᠳᠤᠨ ᠭᠠᠷᠭᠠᠪᠠ᠃︽ᠳᠦᠷᠢᠮ︾ ᠳᠤ ᠪᠠᠰᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠬᠤᠣᠷ ᠡᠳ᠋ᠯᠡᠬᠦ ᠶᠢ ᠨᠢ ᠠᠯᠪᠠᠳᠠᠯᠭ᠎ᠠ ᠪᠠᠷ ᠵᠣᠭᠰᠤᠭᠠᠬᠤ ᠲᠠᠯᠠᠪᠤᠷ ᠢ ᠬᠠᠮᠵᠢᠨ | ᠡᠪᠡᠳᠴᠢᠨ ᠲᠠᠢ ᠵᠡᠮᠳᠡᠭ᠂ ᠬᠤᠣᠷ ᠡᠳ᠋ᠯᠡᠬᠦ ᠶᠢ ᠨᠢ ᠵᠣᠭᠰᠤᠭᠠᠬᠤ ᠬᠥᠮᠥᠰ ᠤᠨ ᠬᠤᠣᠷ ᠡᠳ᠋ᠯᠡᠬᠦ ᠶᠢ ᠨᠢ ᠵᠣᠭᠰᠤᠭᠠᠬᠤ | ᠡᠮᠴᠢᠯᠡᠭᠡ ᠶᠢ ᠰᠠᠶᠢᠲᠤᠷ ᠬᠢᠬᠦ ᠡᠭᠦᠷᠭᠡ ᠲᠠᠢ ᠭᠡᠵᠦ ᠲᠣᠳᠣᠷᠬᠠᠢ ᠲᠣᠭᠲᠠᠭᠠᠵᠠᠢ᠃ | ︵ᠳᠥᠷᠪᠡ︶ ᠬᠤᠣᠷ ᠡᠳ᠋ᠯᠡᠬᠦ ᠪᠠᠨ ᠵᠣᠭᠰᠣᠬᠤ ᠬᠥᠮᠥᠰ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ | ᠲᠡᠳᠬᠦᠬᠦ ᠶᠢ ᠴᠢᠩᠭᠠᠷᠠᠭᠤᠯᠤᠨ᠎ᠠ᠃︽ᠳᠦᠷᠢᠮ︾ ᠨᠢ ᠬᠤᠣᠷ ᠡᠳ᠋ᠯᠡᠬᠦ ᠪᠠᠨ ᠵᠣᠭᠰᠣᠬᠤ ᠬᠥᠮᠥᠰ ᠤᠨ ᠬᠠᠮᠢᠶᠠᠷᠤᠯᠲᠠ | ᠦᠢᠯᠡᠴᠢᠯᠡᠭᠡᠨ ᠤ ᠠᠵᠢᠯ ᠤᠨ ᠰᠢᠨ᠎ᠡ ᠶᠢ ᠡᠭᠦᠳᠬᠦ ᠬᠠᠤᠯᠢ ᠲᠣᠭᠲᠠᠭᠠᠯᠲᠠ ᠶᠢᠨ ᠠᠩᠬᠠᠨ ᠤ ᠵᠣᠷᠢᠯᠲᠠ ᠶᠢ | ᠪᠠᠷᠢᠮᠲᠠᠯᠠᠵᠤ᠂ ᠬᠥᠮᠦᠯᠢᠭ ᠰᠣᠶᠣᠯᠴᠢ ᠬᠠᠯᠠᠮᠵᠢᠯᠠᠯ ᠢ ᠬᠤᠣᠷ ᠡᠳ᠋ᠯᠡᠬᠦ ᠶᠢ ᠵᠣᠭᠰᠤᠭᠠᠬᠤ ᠠᠵᠢᠯ ᠤᠨ ᠡᠯ᠎ᠡ ᠲᠠᠯ᠎ᠠ ᠳᠤ | ᠢᠯᠡᠷᠡᠭᠦᠯᠵᠦ᠂ ᠠᠯᠪᠠᠳᠠᠯᠭ᠎ᠠ ᠪᠠᠷ ᠬᠤᠣᠷ ᠡᠳ᠋ᠯᠡᠬᠦ ᠶᠢ ᠵᠣᠭᠰᠤᠭᠠᠬᠤ ᠪᠠ ᠰᠠᠶᠢᠨ ᠳᠤᠷ᠎ᠠ ᠠᠴᠠ ᠪᠠᠨ ᠬᠤᠣᠷ | ᠡᠳ᠋ᠯᠡᠬᠦ ᠶᠢ ᠵᠣᠭᠰᠤᠭᠠᠬᠤ᠂ ᠬᠤᠣᠷ ᠡᠳ᠋ᠯᠡᠬᠦ ᠶᠢ ᠵᠣᠭᠰᠤᠭᠠᠬᠤ ᠡᠮ ᠢ ᠬᠡᠪ ᠢᠶᠠᠷ ᠪᠠᠶᠢᠯᠭᠠᠬᠤ ᠡᠮᠴᠢᠯᠡᠭᠡᠨ ᠤ | ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠬᠤᠣᠷ ᠡᠳ᠋ᠯᠡᠬᠦ ᠶᠢ ᠵᠣᠭᠰᠤᠭᠠᠬᠤ᠂ ᠨᠡᠶᠢᠭᠡᠮ ᠲᠣᠭᠤᠷᠢᠭ ᠤᠨ ᠡᠷᠡᠭᠦᠯᠵᠢᠯ | ᠵᠡᠷᠭᠡ ᠬᠤᠣᠷ ᠡᠳ᠋ᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃ | ᠭᠠᠳᠠᠨ᠎ᠠ ᠡᠮᠨᠡᠭᠦᠯᠵᠦ ᠬᠤᠣᠷ ᠡᠳ᠋ᠯᠡᠬᠦ ᠶᠢ ᠨᠢ ᠵᠣᠭᠰᠤᠭᠠᠬᠤ ᠬᠥᠮᠥᠰ ᠢ ᠨᠡᠩ ᠰᠠᠶᠢᠨ ᠠᠪᠤᠷᠠᠨ ᠵᠠᠰᠠᠵᠤ᠂ ᠭᠠᠳᠠᠨ᠎ᠠ | ᠡᠮᠨᠡᠭᠦᠯᠵᠦ ᠪᠠᠶᠢᠭ᠎ᠠ ᠬᠥᠮᠥᠰ ᠤᠨ ᠡᠷᠡᠭᠦᠯ ᠮᠡᠨᠳᠤ ᠶᠢᠨ ᠡᠷᠬᠡ ᠠᠰᠢᠭ ᠢ ᠭᠦᠢᠴᠡᠳ ᠪᠠᠲᠤᠯᠠᠬᠤ ᠶᠢᠨ ᠲᠥᠯᠥᠭᠡ᠂ | ︽ᠳᠦᠷᠢᠮ︾ ᠳᠤ ᠭᠠᠳᠠᠨ᠎ᠠ ᠡᠮᠨᠡᠭᠦᠯᠵᠦ ᠬᠤᠣᠷ ᠡᠳ᠋ᠯᠡᠬᠦ ᠶᠢ ᠨᠢ ᠵᠣᠭᠰᠤᠭᠠᠬᠤ ᠬᠥᠮᠥᠰ ᠤᠨ ᠬᠠᠮᠢᠶᠠᠷᠤᠯᠲᠠ ᠶᠢ | ᠴᠢᠩᠭᠠᠳᠬᠠᠬᠤ ᠶᠢᠨ ᠬᠠᠮᠲᠤ᠂ ᠡᠷᠡᠭᠦᠯ ᠮᠡᠨᠳᠤ ᠶᠢᠨ ᠪᠠᠶᠢᠳᠠᠯ ᠢ ᠲᠡᠨᠳᠡ ᠪᠤᠴᠠᠭᠠᠵᠤ ᠭᠦᠢᠴᠡᠳᠬᠡᠬᠦ ᠳᠤ ᠲᠣᠬᠢᠷᠠᠬᠤ | ᠦᠭᠡᠢ ᠪᠣᠯᠤᠭᠰᠠᠨ ᠪᠠᠶᠢᠪᠠᠯ᠂ ᠠᠯᠪᠠᠳᠠᠯᠭ᠎ᠠ ᠪᠠᠷ ᠬᠤᠣᠷ ᠡᠳ᠋ᠯᠡᠬᠦ ᠶᠢ ᠨᠢ ᠵᠣᠭᠰᠤᠭᠠᠬᠤ ᠲᠣᠭᠲᠠᠭᠠᠯ ᠭᠠᠷᠭᠠᠭᠰᠠᠨ | ᠪᠠᠶᠢᠭᠤᠯᠭ᠎ᠠ ᠳᠤ ᠨᠡᠶᠢᠭᠡᠮ ᠲᠣᠭᠤᠷᠢᠭ ᠠᠴᠠ ᠬᠤᠣᠷ ᠡᠳ᠋ᠯᠡᠬᠦ ᠶᠢ ᠨᠢ ᠵᠣᠭᠰᠤᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ | ᠭᠡᠵᠦ ᠲᠣᠳᠣᠷᠬᠠᠢ ᠲᠣᠭᠲᠠᠭᠠᠵᠠᠢ᠃ᠬᠤᠣᠷ ᠡᠳ᠋ᠯᠡᠬᠦ ᠪᠠᠨ ᠵᠣᠭᠰᠣᠬᠤ ᠬᠥᠮᠥᠰ ᠤᠨ ᠨᠡᠶᠢᠭᠡᠮ ᠳᠤ ᠪᠤᠴᠠᠬᠤ ᠳᠤᠨᠢ ᠨᠠᠩ | ᠰᠠᠶᠢᠨ ᠬᠠᠪᠰᠤᠷᠬᠤ ᠶᠢᠨ ᠲᠥᠯᠥᠭᠡ᠂ ︽ᠳᠦᠷᠢᠮ︾ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠣᠷ | ᠡᠳ᠋ᠯᠡᠬᠦ ᠪᠠᠨ ᠵᠣᠭᠰᠣᠬᠤ ᠬᠥᠮᠥᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ | ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠠᠩᠭᠠᠨ᠂ | ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠬᠤᠣᠷ ᠡᠳ᠋ᠯᠡᠬᠦ ᠪᠠᠨ ᠵᠣᠭᠰᠣᠵᠤ ᠡᠷᠡᠭᠦᠯᠵᠢᠭᠦᠯᠬᠦ ᠬᠥᠮᠥᠰ ᠤᠨ | ᠥᠪᠡᠰᠦᠪᠡᠨ ᠠᠵᠢᠯ ᠣᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠲᠡᠳᠬᠦᠵᠦ | ᠂ ᠲᠡᠳᠡᠨ ᠤ ᠨᠡᠶᠢᠭᠡᠮ ᠳᠤ ᠪᠤᠴᠠᠬᠤ ᠳᠤᠨᠢ ᠬᠠᠪᠰᠤᠷᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠠᠴᠠ ᠠᠵᠢᠯ ᠣᠯᠬᠤ ᠳᠤ ᠬᠦᠴᠢᠷᠲᠡᠢ ᠬᠤᠣᠷ | ᠡᠳ᠋ᠯᠡᠬᠦ ᠪᠠᠨ ᠵᠣᠭᠰᠣᠬᠤ ᠬᠥᠮᠥᠰ ᠲᠤ ᠠᠵᠢᠯ ᠣᠯᠭᠤᠬᠤ ᠲᠤᠰᠠᠯᠠᠮᠵᠢ ᠶᠢᠨ ᠦᠢᠯᠡᠴᠢᠯᠡᠭᠡ ᠬᠠᠩᠭᠠᠨ᠎ᠠ᠃ | ︵ᠲᠠᠪᠤ︶ ᠮᠠᠨ ᠤ ᠣᠷᠣᠨ ᠤ ᠣᠨᠴᠣᠭᠤᠢ ᠡᠳ᠋ ᠪᠣᠳᠠᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠨᠢᠭᠡ ᠳᠤ ᠵᠡᠭᠡᠷᠭᠡᠨ᠎ᠡ ᠡᠪᠡᠰᠦ ᠶᠢ ᠬᠠᠮᠢᠶᠠᠷᠤᠨ ᠡᠵᠡᠮᠳᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃︽ | ᠳᠦᠷᠢᠮ︾ ᠳᠤ ᠮᠠᠨ ᠤ ᠣᠷᠣᠨ ᠤ ᠵᠡᠭᠡᠷᠭᠡᠨ᠎ᠡ ᠡᠪᠡᠰᠦᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠢ ᠲᠣᠳᠣᠷᠬᠠᠢ ᠲᠣᠭᠲᠠᠭᠠᠯ ᠭᠠᠷᠭᠠᠭᠰᠠᠨ ᠪᠥᠭᠡᠳ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠵᠤ ᠪᠣᠳᠠᠲᠠᠢ ᠠᠷᠭ᠎ᠠ ᠶᠢ ᠲᠣᠭᠲᠠᠭᠠᠨ | ᠨᠡᠶᠢᠲᠡᠯᠡᠭᠦᠯᠪᠡ᠃︽ᠳᠦᠷᠢᠮ︾ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠵᠡᠭᠡᠷᠭᠡᠨ᠎ᠡ ᠡᠪᠡᠰᠦ ᠲᠡᠭᠦᠬᠦ᠂ ᠬᠤᠳᠠᠯᠳᠤᠨ ᠠᠪᠬᠤ᠂ ᠲᠡᠭᠡᠭᠡᠪᠦᠷᠢᠯᠡᠬᠦ ᠶᠢ | ᠬᠠᠷᠭᠤᠭᠤᠯᠤᠨ ᠪᠠᠶᠢᠴᠠᠭᠠᠬᠤ ᠪᠠ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠬᠦ ᠵᠡᠷᠭᠡ ᠠᠵᠢᠯ ᠢ ᠬᠠᠤᠯᠢ ᠶᠣᠰᠣᠭᠠᠷ | ᠥᠷᠨᠢᠭᠦᠯᠵᠦ᠂ ᠵᠡᠭᠡᠷᠭᠡᠨ᠎ᠡ ᠡᠪᠡᠰᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ᠵᠡᠭᠡᠷᠭᠡᠨ᠎ᠡ ᠡᠪᠡᠰᠦ | ᠴᠤᠭᠯᠠᠭᠤᠯᠬᠤ ᠵᠥᠪᠰᠢᠶᠡᠷᠡᠯ ᠪᠣᠯᠣᠨ ᠬᠤᠳᠠᠯᠳᠤᠨ ᠠᠪᠬᠤ ᠵᠥᠪᠰᠢᠶᠡᠷᠡᠯ ᠢ ᠥᠪᠡᠷᠲᠡᠭᠡᠨ ᠵᠠᠰᠠᠬᠤ ᠣᠷᠣᠨ | ᠣ ᠤᠢ ᠰᠢᠭᠤᠢ ᠡᠪᠡᠰᠦ ᠪᠡᠯᠴᠢᠭᠡᠷ ᠣᠨ ᠲᠣᠪᠴᠢᠶ᠎ᠠ ᠪᠣᠯᠣᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠠᠴᠠ ᠲᠤᠰ ᠲᠤᠰ ᠬᠠᠤᠯᠢ ᠶᠣᠰᠣᠭᠠᠷ ᠬᠡᠷᠡᠭᠵᠢᠭᠦᠯᠦᠨ᠎ᠡ᠃ᠡᠭᠦᠨ ᠤ ᠬᠠᠮᠲᠤ ᠵᠥᠪᠰᠢᠶᠡᠷᠡᠯ | ᠦᠭᠡᠢ ᠪᠠᠷ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠵᠡᠭᠡᠷᠭᠡᠨ᠎ᠡ ᠶᠢᠨ ᠡᠪᠡᠰᠦ ᠶᠢ ᠲᠡᠭᠦᠵᠦ | ᠬᠤᠳᠠᠯᠳᠤᠨ ᠠᠪᠴᠤ ᠪᠣᠯᠬᠤ ᠦᠭᠡᠢ ᠭᠡᠵᠦ ᠲᠣᠭᠲᠠᠭᠠᠵᠠᠢ᠃ᠲᠡᠭᠦᠵᠦ ᠴᠤᠭᠯᠠᠭᠤᠯᠬᠤ ᠵᠥᠪᠰᠢᠶᠡᠷᠡᠯ ᠪᠤᠶᠤ | ᠬᠤᠳᠠᠯᠳᠤᠨ ᠠᠪᠬᠤ ᠵᠥᠪᠰᠢᠶᠡᠷᠡᠯ ᠦᠭᠡᠢ ᠪᠠᠷ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ | ᠵᠡᠭᠡᠷᠭᠡᠨ᠎ᠡ ᠶᠢᠨ ᠡᠪᠡᠰᠦ ᠶᠢ ᠬᠠᠤᠯᠢ ᠪᠤᠰᠤ ᠪᠠᠷ ᠵᠥᠭᠡᠭᠡᠪᠦᠷᠢᠯᠡᠵᠦ ᠪᠣᠯᠬᠤ ᠦᠭᠡᠢ᠃ᠬᠤᠶᠠᠷ ᠲᠤ ᠨᠠᠲᠷᠢ ᠶᠢ | ᠳᠤᠷ᠎ᠠ ᠪᠠᠷ ᠢᠶᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ᠲᠡᠦᠬᠡ ᠶᠢᠨ ᠰᠢᠯᠲᠠᠭᠠᠨ ᠠᠴᠠ ᠪᠣᠯᠵᠤ᠂ ᠮᠠᠨ ᠤ | ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠳᠤ ᠠᠨ ᠨᠠᠲᠷᠢ ᠶᠢ ᠳᠤᠷ᠎ᠠ ᠪᠠᠷ ᠢᠶᠠᠨ ᠬᠡᠷᠡᠭᠯᠡᠭᠰᠡᠨ ᠪᠠᠶᠢᠳᠠᠯ | ᠬᠦᠨᠳᠦ ᠨᠣᠴᠢᠲᠠᠢ ᠪᠠᠶᠢᠵᠤ᠂ ᠳᠤᠷ᠎ᠠ ᠪᠠᠷ ᠢᠶᠠᠨ ᠬᠡᠷᠡᠭᠯᠡᠭᠰᠡᠨ ᠬᠥᠮᠥᠨ ᠠᠮᠠ ᠶᠢᠨ ᠰᠠᠭᠤᠷᠢ ᠲᠤᠭ᠎ᠠ ᠨᠡᠯᠢᠶᠡᠳ ᠶᠡᠭᠡ | ᠪᠠᠶᠢᠬᠤ ᠪᠥᠭᠡᠳ ᠬᠤᠣᠷᠲᠤ ᠡᠳ᠋ ᠦᠶᠯᠡᠳᠬᠦ᠂ ᠬᠤᠣᠷᠲᠤ ᠡᠳ᠋ ᠢᠶᠠᠷ ᠲᠡᠷᠭᠡ ᠵᠢᠯᠤᠭᠤᠳᠬᠤ᠂ ᠬᠤᠶᠠᠷ ᠢ ᠪᠤᠯᠢᠶᠠᠵᠤ | ᠨᠢᠭᠡ ᠶᠢ ᠬᠤᠯᠠᠭᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠦᠭᠰᠡᠨ ᠪᠠᠶᠢᠨ᠎ᠠ᠃ᠮᠠᠨ ᠤ | ᠣᠷᠣᠨ ᠤ ᠪᠠᠷᠠᠭᠤᠨ ᠬᠡᠰᠡᠭ ᠤᠨ ᠪᠤᠶᠢᠳᠠ ᠪᠥᠭᠯᠡᠭᠦᠦ ᠭᠠᠵᠠᠷ ᠣᠷᠣᠨ ᠤ ᠣᠯᠠᠨ ᠲᠦᠮᠡᠨ ᠠᠨᠨᠠᠺᠠ ᠶᠢ | ᠳᠤᠷ᠎ᠠ ᠪᠠᠷ ᠢᠶᠠᠨ ᠬᠡᠷᠡᠭᠯᠡᠭᠰᠡᠨ ᠤ ᠪᠣᠳᠠᠲᠠᠢ ᠬᠤᠣᠷ ᠬᠥᠨᠥᠭᠡᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠳᠤ ᠪᠠᠰᠠ | ᠲᠠᠨᠢᠯᠲᠠ ᠶᠢᠨ ᠪᠠᠯᠠᠢ ᠣᠷᠣᠨ ᠣᠷᠣᠰᠢᠵᠤ᠂ ᠬᠠᠨᠳᠤᠯᠭᠠᠲᠤ ᠴᠢᠨᠠᠷᠲᠠᠢ ᠤᠬᠠᠭᠤᠯᠭ᠎ᠠ ᠬᠥᠮᠦᠵᠢᠯ ᠳᠤ ᠪᠠᠰᠠ ᠪᠠᠯᠠᠢ | ᠴᠡᠭ ᠣᠷᠣᠰᠢᠵᠤ ᠪᠠᠶᠢᠨ᠎ᠠ᠃ ︽ᠳᠦᠷᠢᠮ︾ ᠳᠤ ᠠᠨ ᠨᠠ ᠺᠧ ᠵᠡᠷᠭᠡ ᠬᠤᠣᠷᠲᠤ ᠡᠳ᠋ ᠢ ᠲᠠᠲᠠᠬᠤ᠂ | ᠫᠠᠨᠽᠠᠯᠠᠬᠤ᠂ ᠦᠢᠯᠡᠳᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠬᠠᠮᠲᠤ | ᠠᠨ ᠨᠠ ᠺᠧ ᠵᠡᠷᠭᠡ ᠬᠤᠣᠷᠲᠤ ᠡᠳ᠋ ᠤᠨ ᠲᠤᠬᠠᠢ ᠤᠬᠠᠭᠤᠯᠭ᠎ᠠ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠢ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠵᠠᠩ ᠳᠠᠳᠬᠠᠯ ᠢ ᠨᠢ ᠥᠭᠡᠷᠡᠴᠢᠯᠡᠵᠦ᠂ ᠬᠤᠣᠷ ᠲᠠᠲᠠᠬᠤ ᠮᠠᠭᠤ ᠳᠠᠳᠬᠠᠯ ᠢ ᠨᠢ | ᠠᠷᠢᠯᠭᠠᠬᠤ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃ | ︵ᠵᠢᠷᠭᠤᠭ᠎ᠠ︶ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠳᠬᠡᠨ ᠲᠣᠷᠭᠠᠬᠤ ᠡᠷᠴᠢᠮ ᠢ | ᠴᠢᠩᠭᠠᠷᠠᠭᠤᠯᠤᠨ᠎ᠠ᠃︽ᠳᠦᠷᠢᠮ︾ ᠳᠤ ᠲᠣᠭᠲᠠᠭᠠᠭᠰᠠᠨ ᠴᠠᠭᠠᠵᠠᠯᠠᠬᠤ ᠴᠢᠨᠠᠷᠲᠠᠢ ᠪᠤᠶᠤ ᠡᠷᠬᠡᠪᠰᠢ ᠭᠦᠢᠴᠡᠳᠬᠡᠬᠦ | ᠬᠡᠷᠡᠭᠲᠡᠢ ᠲᠤᠰᠢᠶᠠᠯ ᠬᠠᠷᠢᠭᠤᠴᠠᠯᠭ᠎ᠠ ᠳᠤ ᠴᠢᠭᠯᠡᠭᠦᠯᠦᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ︽ᠳᠦᠷᠢᠮ︾ ᠤᠨ ᠭᠦᠢᠴᠡᠳᠬᠡᠬᠦ ᠬᠦᠴᠦᠨ ᠢ ᠴᠢᠩᠭᠠᠷᠠᠭᠤᠯᠪᠠ᠃ᠲᠣᠭᠲᠠᠭᠠᠯ ᠶᠣᠰᠣᠭᠠᠷ | ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠦᠭᠡᠢ᠂ ᠬᠤᠣᠷᠲᠤ ᠡᠳ᠋ ᠢ | ᠴᠠᠭᠠᠵᠠᠯᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠵᠡᠭᠡᠷᠭᠡᠨ᠎ᠡ ᠶᠢᠨ | ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠳᠤ ᠵᠣᠬᠢᠴᠠᠩᠭᠤᠢ ᠬᠠᠤᠯᠢ ᠶᠢᠨ | ᠬᠠᠷᠢᠭᠤᠴᠠᠯᠭ᠎ᠠ ᠨᠡᠮᠡᠵᠦ᠂ ᠬᠤᠣᠷᠲᠤ ᠡᠳ᠋ ᠢ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ | ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ | ᠬᠠᠩᠭᠠᠭᠰᠠᠨ ᠪᠠᠶᠢᠨ᠎ᠠ᠃ | ᠬᠠᠤᠯᠢ ᠴᠠᠭᠠᠵᠠ ᠶᠢᠨ ᠠᠮᠢᠵᠢᠷᠠᠯ ᠤᠨ ᠬᠦᠴᠦᠨ ᠪᠠ ᠡᠷᠬᠡ ᠰᠦᠷ ᠨᠢ ᠬᠡᠷᠡᠭᠵᠢᠭᠦᠯᠬᠦ ᠳᠤ ᠪᠠᠶᠢᠳᠠᠭ᠃ | ᠵᠠᠭᠤᠴᠢᠯᠠᠭᠤᠷ ᠤᠨ ᠨᠠᠶᠢᠵᠠ ᠨᠠᠷ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠬᠤᠣᠷ ᠴᠠᠭᠠᠵᠠᠯᠠᠬᠤ | ᠠᠵᠢᠯ ᠢ ᠬᠠᠯᠠᠮᠵᠢᠯᠠᠨ ᠳᠡᠮᠵᠢᠵᠦ᠂ ︽ᠳᠦᠷᠢᠮ︾ ᠢ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ︽ᠳᠦᠷᠢᠮ︾ | ᠢ ᠲᠤᠤᠱᠯᠠᠭᠤᠯᠤᠨ ᠬᠡᠷᠡᠭᠵᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ | ᠂ ᠥᠷᠭᠡᠨ ᠣᠯᠠᠨ ᠲᠦᠮᠡᠨ ᠢ ᠳᠠᠶᠢᠴᠢᠯᠠᠨ ᠰᠢᠨ᠎ᠡ ᠴᠠᠭ ᠦᠶ᠎ᠡ ᠶᠢᠨ ᠬᠤᠣᠷ ᠴᠠᠭᠠᠵᠠᠯᠠᠬᠤ ᠠᠷᠠᠳ ᠤᠨ ᠲᠡᠶᠢᠨ ᠳᠤ | ᠢᠳᠡᠪᠬᠢᠲᠡᠢ ᠣᠷᠣᠯᠴᠠᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠤᠣᠷ ᠴᠠᠭᠠᠵᠠᠯᠠᠬᠤ ᠠᠵᠢᠯ ᠤᠨ | ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠣᠯᠬᠤ ᠶᠢ ᠬᠠᠮᠲᠤ ᠪᠠᠷ ᠲᠦᠯᠬᠢᠨ | ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃ | ᠤᠯᠠᠨ ᠳᠤ ᠪᠠᠶᠠᠷᠯᠠᠯ᠎ᠠ︕ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠳᠦᠷᠢᠮ︾ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ | ᠬᠠᠤᠯᠢ ᠪᠠᠷ ᠵᠠᠰᠠᠬᠤ ᠡᠳᠦᠷ ᠤᠨ ᠰᠣᠨᠢᠨ ᠤ ᠰᠤᠷᠪᠤᠯᠵᠢᠯᠠᠭᠴᠢ᠄ ᠰᠠᠶ᠋ᠢ ᠶᠢᠨ ᠮᠡᠳᠡᠭᠳᠡᠯ ᠠᠴᠠ ᠪᠢᠳᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠳᠦᠷᠢᠮ︾ ᠪᠣᠯ ᠥᠪᠡᠷᠲᠡᠭᠡᠨ | ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠬᠦᠷᠢᠶᠡᠨ ᠳᠠᠬᠢ ᠠᠩᠬᠠᠳᠠᠭᠴᠢ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠪᠣᠯᠬᠤ ᠶᠢ ᠣᠯᠵᠤ ᠮᠠᠲᠠᠵᠠᠢ᠃︽ᠳᠦᠷᠢᠮ︾ ᠢ ᠲᠣᠭᠲᠠᠭᠠᠵᠤ ᠨᠡᠶᠢᠲᠡᠯᠡᠬᠦ ᠳᠤ ᠶᠡᠷᠦᠩᠬᠡᠢ ᠳᠡᠭᠡᠨ | ᠶᠠᠮᠠᠷ ᠶᠠᠮᠠᠷ ᠪᠣᠳᠣᠯᠬᠢᠯᠠᠯ ᠪᠠᠶᠢᠬᠤ ᠪᠣᠶ︖ | ᠵᠠᠩ ᠽᠢ ᠵᠢᠶᠦ᠋ᠨ᠄ ᠡᠨᠡ ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ᠣᠳᠣᠬᠠᠨ ᠳᠤ᠂ | ᠪᠥᠬᠦ ᠤᠯᠤᠰ ᠤᠨ ᠬᠤᠣᠷᠲᠤ ᠡᠳ᠋ ᠤᠨ ᠪᠠᠶᠢᠳᠠᠯ ᠤᠨ ᠪᠠᠶᠢᠳᠠᠯ ᠬᠡᠳᠦᠶᠢᠪᠡᠷ ᠦᠷᠭᠦᠯᠵᠢᠯᠡᠨ ᠰᠠᠶᠢᠵᠢᠷᠠᠵᠤ ᠪᠠᠶᠢᠭ᠎ᠠ | ᠪᠣᠯᠪᠠᠴᠤ ᠬᠤᠣᠷᠲᠤ ᠡᠳ᠋ ᠤᠨ ᠵᠠᠰᠠᠯᠲᠠ ᠮᠥᠨ ᠬᠦ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠣᠷᠣᠰᠢᠵᠤ᠂ | ᠬᠢᠯᠢ ᠶᠢᠨ ᠳᠣᠲᠣᠷᠠᠬᠢ ᠪᠠ ᠬᠢᠯᠢ ᠶᠢᠨ ᠭᠠᠳᠠᠨᠠᠬᠢ ᠬᠤᠣᠷᠲᠤ ᠡᠳ᠋ ᠤᠨ ᠠᠰᠠᠭᠤᠳᠠᠯ᠂ ᠤᠯᠠᠮᠵᠢᠯᠠᠯᠲᠤ ᠪᠠ ᠰᠢᠨ᠎ᠡ | ᠬᠡᠯᠪᠡᠷᠢ ᠶᠢᠨ ᠬᠤᠣᠷᠲᠤ ᠡᠳ᠋ ᠤᠨ ᠬᠤᠣᠷ ᠬᠥᠨᠥᠭᠡᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠣᠷᠲᠤ | ᠡᠳ᠋ ᠤᠨ ᠶᠠᠯᠠᠲᠤ ᠠᠵᠢᠯᠯᠠᠭ᠎ᠠ ᠬᠠᠷᠢᠯᠴᠠᠨ ᠰᠣᠯᠪᠢᠴᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠦᠨᠳᠦ ᠨᠣᠴᠢᠲᠠᠢ ᠬᠤᠣᠷ | ᠬᠥᠨᠥᠭᠡᠯ ᠤᠴᠠᠷᠠᠭᠤᠯᠵᠤ ᠪᠠᠶᠢᠨ᠎ᠠ᠃ᠮᠠᠨ ᠤ ᠣᠷᠣᠨ ᠤ ᠪᠠᠶᠢᠳᠠᠯ ᠠᠴᠠ ᠦᠵᠡᠪᠡᠯ᠂ ᠬᠤᠣᠷᠲᠤ ᠡᠳ᠋ ᠢ | ᠳᠤᠷ᠎ᠠ ᠪᠠᠷ ᠢᠶᠠᠨ ᠬᠡᠷᠡᠭᠯᠡᠭᠰᠡᠨ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠭᠤᠷᠪᠠᠨ ᠦᠶ᠎ᠡ ᠶᠢᠨ ᠬᠤᠣᠷᠲᠤ ᠡᠳ᠋ | ᠳᠠᠪᠬᠤᠴᠠᠬᠤ ᠬᠠᠨᠳᠤᠰᠢ ᠲᠠᠢ ᠪᠠᠶᠢᠨ᠎ᠠ᠃ᠲᠡᠦᠬᠡ ᠶᠢᠨ ᠰᠢᠯᠲᠠᠭᠠᠨ ᠠᠴᠠ ᠪᠣᠯᠵᠤ᠂ ᠮᠠᠨ ᠤ ᠣᠷᠣᠨ ᠤ ᠳᠤᠮᠳᠠ ᠪᠠ | ᠪᠠᠷᠠᠭᠤᠨ ᠬᠡᠰᠡᠭ ᠤᠨ ᠬᠥᠳᠡᠭᠡ ᠲᠣᠰᠬᠤᠨ ᠤ ᠬᠥᠭᠵᠢᠭᠡᠳᠦᠢ ᠭᠠᠵᠠᠷ ᠣᠷᠣᠨ ᠤ ᠦᠢᠯᠡᠳᠦᠨ ᠫᠠᠨᠽᠠᠯᠠᠬᠤ᠂ ᠰᠢᠨᠠᠭᠠᠨ | ᠨᠠᠲᠷᠢ ᠶᠢᠨ ᠺᠠᠷᠲ᠋ᠢᠨ ᠢ ᠬᠠᠯᠠᠭᠠᠵᠤ ᠰᠣᠷᠣᠭᠤᠯᠬᠤ ᠦᠵᠡᠭᠳᠡᠯ ᠨᠢ ᠮᠤᠵᠢᠭᠤᠳᠠ ᠴᠢᠨᠠᠷ ᠪᠠ ᠳᠠᠬᠢᠨ ᠳᠠᠪᠲᠠᠬᠤ | ᠴᠢᠨᠠᠷ ᠤᠨ ᠣᠨᠴᠠᠯᠢᠭ ᠲᠠᠢ ᠶᠤᠮ᠃ᠡᠭᠦᠨ ᠤ ᠵᠡᠷᠭᠡ ᠳᠤ᠂ ᠬᠤᠣᠷᠲᠤ ᠡᠳ᠋ ᠤᠨ ᠠᠰᠠᠭᠤᠳᠠᠯ ᠰᠦᠯᠵᠢᠶᠡᠨ ᠳᠡᠭᠡᠷ᠎ᠡ | ᠥᠷᠭᠡᠵᠢᠨ ᠳᠡᠯᠭᠡᠷᠡᠵᠦ᠂ ᠡᠳ᠋ ᠪᠠᠷᠠᠭᠠᠨ ᠤ ᠭᠦᠢᠯᠭᠡᠭᠡᠨ ᠤ ᠢᠯᠡᠭᠡᠯᠲᠡ ᠶᠢᠨ ᠠᠷᠭ᠎ᠠ ᠵᠠᠮ ᠢᠶᠠᠷ ᠳᠠᠮᠵᠢᠭᠤᠯᠤᠨ | ᠬᠤᠣᠷᠲᠤ ᠡᠳ᠋ ᠫᠠᠨᠽᠠᠯᠠᠬᠤ ᠶᠠᠪᠤᠳᠠᠯ ᠤᠯᠠᠮ ᠢᠶᠠᠷ ᠬᠡᠪ ᠤᠨ ᠪᠠᠶᠢᠳᠠᠯ ᠳᠤ ᠣᠷᠣᠵᠤ᠂ ᠠᠷᠠᠯᠵᠢᠶᠠᠨ ᠤ ᠬᠡᠯᠬᠢᠶ᠎ᠡ | ᠨᠢᠭᠤᠴᠠ ᠳᠠᠯᠳᠠ ᠪᠣᠯᠵᠤ᠂ ᠢᠯᠡᠷᠡᠭᠦᠯᠬᠦ ᠪᠠ ᠪᠠᠶᠢᠴᠠᠭᠠᠨ ᠡᠵᠡᠮᠳᠡᠬᠦ ᠬᠦᠴᠢᠷᠳᠡᠯ ᠢᠯᠡᠳᠲᠡ ᠨᠡᠮᠡᠭᠳᠡᠵᠦ ᠪᠠᠶᠢᠨ᠎ᠠ᠃ | ᠬᠥᠳᠡᠭᠡ ᠲᠣᠰᠬᠤᠨ ᠤ ᠰᠢᠭᠤᠶᠢᠲᠤ ᠣᠷᠣᠨ ᠳᠤ ᠬᠡᠰᠡᠭ ᠪᠤᠰᠠᠭ ᠢᠶᠠᠷ ᠬᠤᠣᠷᠲᠤ ᠡᠳ᠋ ᠤᠨ ᠤᠭ ᠲᠠᠷᠢᠮᠠᠯ ᠢ ᠳᠠᠷᠢᠬᠤ | ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠂ ᠬᠡᠳᠦᠶᠢᠪᠡᠷ ︽ᠭᠠᠷᠤᠯᠲᠠ ᠦᠭᠡᠢ︾ ᠦᠷ᠎ᠡ ᠪᠦᠲᠦᠭᠡᠯ ᠢ | ᠪᠠᠲᠤᠯᠠᠭᠰᠠᠨ ᠪᠣᠯᠪᠠᠴᠤ ᠳᠠᠭᠢᠵᠤ ᠬᠦᠨᠳᠦᠷᠡᠬᠦ ᠶᠢ ᠰᠡᠷᠭᠡᠶᠢᠯᠡᠬᠦ ᠳᠠᠷᠤᠯᠲᠠ ᠨᠡᠮᠡᠭᠳᠡᠵᠦ ᠪᠠᠶᠢᠨ᠎ᠠ᠃ | ᠡᠳᠦᠷ ᠢᠷᠡᠬᠦᠶ᠎ᠡ ᠬᠡᠴᠡᠭᠦᠳᠡᠵᠦ ᠪᠠᠶᠢᠭ᠎ᠠ ᠬᠤᠣᠷᠲᠤ ᠡᠳ᠋ ᠤᠨ ᠲᠡᠮᠡᠴᠡᠯ ᠤᠨ ᠪᠠᠶᠢᠳᠠᠯ ᠤᠨ ᠡᠮᠦᠨ᠎ᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠡᠳᠦᠢ ᠲᠡᠳᠦᠢ ᠪᠢᠴᠢᠭ ᠮᠠᠲ᠋ᠧᠷᠢᠶᠠᠯ ᠨᠡᠶᠢᠲᠡᠯᠡᠵᠦ ᠬᠤᠣᠷᠲᠤ ᠡᠳ᠋ ᠢ ᠴᠠᠭᠠᠵᠠᠯᠠᠬᠤ ᠠᠵᠢᠯ ᠢ | ᠵᠢᠯᠤᠭᠤᠳᠴᠤ᠂ ᠬᠤᠣᠷᠲᠤ ᠡᠳ᠋ ᠢ ᠴᠠᠭᠠᠵᠠᠯᠠᠬᠤ ᠠᠵᠢᠯ ᠤᠨ ᠰᠠᠯᠠᠭ᠎ᠠ ᠮᠥᠴᠢᠷ ᠤᠳ ᠶᠡᠭᠡ ᠬᠡᠮᠵᠢᠶᠡᠨ ᠤ | ᠪᠦᠲᠦᠮᠵᠢᠲᠡᠶ ᠠᠵᠢᠯ ᠤᠨ ᠳᠦᠷᠢᠮ ᠢ ᠲᠣᠭᠲᠠᠭᠠᠭᠰᠠᠨ ᠪᠣᠯᠪᠠᠴᠤ ᠦᠢᠯᠡᠳᠦᠯᠭᠡ ᠶᠢᠨ ᠠᠵᠢᠯ ᠤᠨ ᠳᠤᠮᠳᠠ ᠴᠥᠮ | ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠳᠤᠲᠠᠭᠳᠠᠭᠰᠠᠨ ᠠᠴᠠ ᠪᠣᠯᠵᠤ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠨᠢ ᠬᠠᠩᠭᠠᠮᠵᠢ ᠦᠭᠡᠢ ᠪᠠᠶᠢᠨ᠎ᠠ᠃ᠡᠭᠦᠨ ᠤ ᠬᠠᠮᠲᠤ ᠮᠠᠨ ᠤ ᠣᠷᠣᠨ ᠤ ᠬᠤᠣᠷᠲᠤ ᠡᠳ᠋ ᠢ | ᠴᠠᠭᠠᠵᠠᠯᠠᠬᠤ ᠲᠠᠯ᠎ᠠ ᠪᠠᠷ ᠬᠢ ᠬᠠᠤᠯᠢ ᠲᠣᠭᠲᠠᠭᠠᠯᠲᠠ ᠬᠤᠭᠤᠰᠤᠨ ᠪᠠᠶᠢᠳᠠᠯ ᠳᠤ ᠣᠷᠣᠰᠢᠵᠤ ᠪᠠᠶᠢᠨ᠎ᠠ᠃ᠡᠶᠢᠮᠦᠷᠬᠦ | ᠪᠠᠶᠢᠳᠠᠯ ᠨᠢ ᠪᠥᠬᠦ ᠣᠷᠣᠨ ᠤ ᠬᠤᠣᠷ ᠴᠠᠭᠠᠵᠠᠯᠠᠬᠤ ᠠᠵᠢᠯ ᠤᠨ ᠥᠷᠨᠢᠯᠲᠡ ᠶᠢ ᠨᠥᠯᠥᠭᠡᠯᠡᠨ ᠬᠢᠵᠠᠭᠠᠷᠯᠠᠵᠤ ᠪᠠᠶᠢᠨ᠎ᠠ᠃ | ᠡᠶᠢᠮᠦᠷᠬᠦ ᠠᠬᠤᠢ ᠪᠠᠶᠢᠳᠠᠯ ᠤᠨ ᠳᠣᠣᠷ᠎ᠠ᠂ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠣᠷᠲᠤ ᠡᠳ᠋ ᠢ ᠴᠠᠭᠠᠵᠠᠯᠠᠬᠤ ᠳᠦᠷᠢᠮ︾ ᠢ ᠲᠣᠭᠲᠠᠭᠠᠨ ᠨᠡᠶᠢᠲᠡᠯᠡᠪᠡ᠃︽ᠳᠦᠷᠢᠮ︾ ᠢ ᠲᠣᠭᠲᠠᠭᠠᠨ ᠨᠡᠶᠢᠲᠡᠯᠡᠬᠦ | ᠪᠣᠯ ᠮᠠᠨ ᠤ ᠣᠷᠣᠨ ᠤ ᠬᠤᠣᠷᠲᠤ ᠡᠳ᠋ ᠤᠨ ᠪᠠᠶᠢᠳᠠᠯ ᠤᠨ ᠪᠠᠶᠢᠳᠠᠯ ᠢ ᠠᠷᠭᠠᠴᠠᠬᠤ᠂ ᠮᠠᠨ ᠤ ᠣᠷᠣᠨ ᠤ ᠬᠤᠣᠷᠲᠤ | ᠡᠳ᠋ ᠢ ᠴᠠᠭᠠᠵᠠᠯᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠢ ᠥᠷᠨᠢᠭᠦᠯᠬᠦ ᠶᠢ ᠵᠢᠷᠤᠮᠵᠢᠭᠤᠯᠤᠨ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃︽ᠳᠦᠷᠢᠮ︾ ᠳᠤ ᠮᠠᠨ ᠤ ᠣᠷᠣᠨ ᠤ ᠬᠤᠣᠷᠲᠤ ᠡᠳ᠋ ᠤᠨ ᠪᠠᠶᠢᠳᠠᠯ ᠤᠨ | ᠪᠣᠳᠠᠲᠠᠢ ᠪᠠᠶᠢᠳᠠᠯ ᠳᠤ ᠴᠢᠭᠯᠡᠭᠦᠯᠦᠨ᠂ ᠬᠤᠣᠷᠲᠤ ᠡᠳ᠋ ᠢ ᠴᠠᠭᠠᠵᠠᠯᠠᠬᠤ ᠨᠡᠶᠢᠭᠡᠮ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠬᠤᠣᠷᠲᠤ ᠡᠳ᠋ ᠤᠨ ᠤᠬᠠᠭᠤᠯᠭ᠎ᠠ ᠪᠠ ᠤᠷᠢᠳᠴᠢᠯᠠᠨ ᠰᠡᠷᠭᠡᠶᠢᠯᠡᠬᠦ ᠬᠥᠮᠦᠵᠢᠯ ᠢ | ᠴᠢᠩᠭᠠᠳᠬᠠᠬᠤ᠂ ᠵᠡᠭᠡᠷᠭᠡᠨ᠎ᠡ ᠡᠪᠡᠰᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ᠂ | ᠨᠠᠲᠷᠢ ᠶᠢ ᠳᠤᠷ᠎ᠠ ᠪᠠᠷ ᠢᠶᠠᠨ ᠬᠡᠷᠡᠭᠯᠡᠬᠦ ᠠᠰᠠᠭᠤᠳᠠᠯ᠂ ᠡᠪᠡᠳᠴᠢᠨ ᠲᠠᠢ ᠵᠡᠮᠳᠡᠭ ᠬᠤᠣᠷ ᠲᠠᠲᠠᠭᠰᠠᠳ ᠢ ᠭᠥᠯᠢᠶᠡᠨ | ᠠᠪᠴᠤ ᠴᠡᠭᠡᠷᠯᠡᠬᠦ ᠳᠤ ᠬᠦᠴᠢᠷᠲᠡᠢ ᠪᠠᠶᠢᠬᠤ᠂ ᠬᠤᠣᠷ ᠲᠠᠲᠠᠬᠤ ᠪᠠᠨ ᠵᠣᠭᠰᠣᠬᠤ ᠬᠥᠮᠥᠰ ᠢ ᠬᠠᠯᠠᠮᠵᠢᠯᠠᠨ | ᠬᠠᠶᠢᠷᠠᠯᠠᠵᠤ ᠲᠡᠳᠬᠦᠬᠦ ᠵᠡᠷᠭᠡ ᠲᠠᠯ᠎ᠠ ᠳᠤ ᠴᠢᠭᠯᠡᠭᠦᠯᠦᠨ ᠲᠣᠭᠲᠠᠭᠠᠯ ᠭᠠᠷᠭᠠᠪᠠ᠃ᠬᠤᠣᠷᠲᠤ ᠡᠳ᠋ ᠢ ᠴᠠᠭᠠᠵᠠᠯᠠᠬᠤ | ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠤᠯᠠᠮ ᠨᠢᠭᠡ ᠠᠯᠬᠤᠮ | ᠲᠣᠳᠣᠷᠬᠠᠶᠢᠯᠠᠵᠤ᠂ ᠪᠦᠬᠦ ᠨᠡᠶᠢᠭᠡᠮ ᠤᠨ ᠬᠦᠴᠦᠨ ᠢ ᠲᠠᠶᠢᠴᠢᠯᠠᠨ ᠪᠠᠳᠠᠷᠠᠭᠤᠯᠵᠤ ᠪᠠᠶᠢᠭᠠᠳ ᠬᠤᠣᠷᠲᠤ ᠡᠳ᠋ ᠤᠨ | ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃︽ᠳᠦᠷᠢᠮ︾ ᠢ ᠲᠣᠭᠲᠠᠭᠠᠵᠤ ᠨᠡᠶᠢᠲᠡᠯᠡᠭᠰᠡᠨ | ᠶᠠᠪᠤᠳᠠᠯ ᠪᠣᠯ ︽ᠬᠤᠣᠷᠲᠤ ᠡᠳ᠋ ᠢ ᠴᠠᠭᠠᠵᠠᠯᠠᠬᠤ ᠬᠠᠤᠯᠢ︾ ᠵᠡᠷᠭᠡ ᠰᠢᠷᠢᠰ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠮᠥᠨ᠃︽ᠳᠦᠷᠢᠮ︾ ᠳᠤ ︽ᠬᠤᠣᠷ ᠴᠠᠭᠠᠵᠠᠯᠠᠬᠤ | ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠭᠦᠢᠴᠡᠳ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠢ | ᠨᠥᠬᠦᠪᠦᠷᠢᠯᠡᠬᠦ ᠪᠠ ᠨᠠᠷᠢᠯᠢᠭᠵᠢᠭᠤᠯᠵᠤ᠂ ᠦᠢᠯᠡᠳᠦᠯᠭᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠪᠣᠯᠪᠠᠰᠤᠷᠠᠩᠭᠤᠢ ᠪᠣᠯᠤᠭᠰᠠᠨ ᠲᠤᠷᠰᠢᠯᠭ᠎ᠠ ᠠᠷᠭ᠎ᠠ ᠬᠢᠳᠡᠯ ᠢ ᠳᠦᠷᠢᠮᠵᠢᠭᠦᠯᠵᠦ᠂ ᠮᠠᠨ ᠤ ᠣᠷᠣᠨ ᠤ ᠬᠤᠣᠷ | ᠴᠠᠭᠠᠵᠠᠯᠠᠬᠤ ᠠᠵᠢᠯ ᠤᠨ ᠬᠠᠤᠯᠢ ᠴᠠᠭᠠᠵᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠪᠡ᠃︽ᠳᠦᠷᠢᠮ︾ ᠢ | ᠲᠣᠭᠲᠠᠭᠠᠵᠤ ᠨᠡᠶᠢᠲᠡᠯᠡᠬᠦ ᠪᠣᠯ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ | ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠪᠣᠳᠠᠲᠤ ᠠᠵᠢᠯᠯᠠᠭ᠎ᠠ ᠮᠥᠨ᠃ᠬᠤᠣᠷᠲᠤ ᠡᠳ᠋ ᠤᠨ | ᠠᠰᠠᠭᠤᠳᠠᠯ ᠨᠢ ᠶᠡᠷᠦ ᠠᠴᠠ ᠬᠠᠷ᠎ᠠ ᠪᠦᠯᠦᠭᠲᠡᠨ ᠬᠠᠷᠭᠢᠰ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ | ᠶᠠᠳᠠᠭᠤ ᠬᠦᠴᠢᠷᠳᠡᠯ ᠤᠨ ᠠᠰᠠᠭᠤᠳᠠᠯ ᠪᠠ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠲᠠᠢ | ᠬᠠᠷᠢᠯᠴᠠᠨ ᠰᠣᠯᠪᠢᠴᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠠᠯᠳᠠ ᠠᠶᠤᠯ ᠲᠦᠭᠰᠢᠭᠦᠷᠢ ᠪᠠ ᠬᠤᠣᠷ | ᠬᠥᠨᠥᠭᠡᠯ ᠤᠴᠠᠷᠠᠭᠤᠯᠳᠠᠭ᠃︽ᠳᠦᠷᠢᠮ︾ ᠳᠤ ᠨᠡᠶᠢᠯᠡᠮᠡᠯ ᠬᠤᠣᠷᠲᠤ ᠡᠳ᠋᠂ ᠰᠦᠯᠵᠢᠶᠡᠨ ᠤ ᠬᠤᠣᠷᠲᠤ ᠡᠳ᠋ ᠲᠤ | ᠬᠤᠯᠪᠣᠭᠳᠠᠭᠰᠠᠨ᠂ ᠬᠤᠣᠷᠲᠤ ᠡᠳ᠋ ᠤᠨ ᠤᠷᠢᠳᠤᠬᠢ ᠴᠣᠭᠴᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ | ᠂ ᠢᠯᠠᠩᠭᠤᠶ᠎ᠠ ᠬᠤᠣᠷᠲᠤ ᠡᠳ᠋ ᠦᠶᠯᠡᠳᠬᠦ᠂ ᠬᠤᠣᠷᠲᠤ ᠡᠳ᠋ ᠫᠠᠨᠽᠠᠯᠠᠬᠤ ᠵᠡᠷᠭᠡ ᠡᠬᠢ ᠡᠭᠦᠰᠦᠯ ᠤᠨ ᠶᠠᠯᠠᠲᠤ | ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠴᠢᠩᠭ᠎ᠠ ᠬᠢᠵᠠᠭᠠᠷᠯᠠᠬᠤ ᠪᠠ ᠭᠤᠣᠯᠳᠠᠯᠭ᠎ᠠ ᠲᠠᠢ ᠪᠠᠷ ᠴᠣᠬᠢᠯᠲᠠ ᠥᠭᠬᠦ | ᠬᠡᠷᠡᠭᠲᠡᠢ︔ᠬᠤᠣᠷ ᠲᠠᠲᠠᠬᠤ ᠳᠤ ᠴᠣᠬᠢᠯᠲᠠ ᠥᠭᠬᠦ᠂ ᠬᠤᠣᠷ ᠲᠠᠲᠠᠬᠤ ᠶᠢ ᠵᠣᠭᠰᠤᠭᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠡᠯ᠎ᠡ ᠭᠤᠭᠴᠤᠭ᠎ᠠ ᠳᠤ ᠴᠥᠮ ᠲᠣᠭᠲᠠᠭᠠᠯ ᠭᠠᠷᠭᠠᠵᠤ᠂ ᠣᠯᠠᠨ ᠨᠡᠶᠢᠲᠡ ᠶᠢᠨ ᠡᠶ᠎ᠡ | ᠵᠣᠬᠢᠴᠠᠯ ᠲᠠᠢ ᠲᠣᠭᠲᠠᠭᠤᠨ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ ᠬᠦᠰᠡᠯ ᠰᠠᠨᠠᠭ᠎ᠠ ᠳᠤ ᠬᠦᠴᠦᠲᠡᠢ | ᠬᠠᠷᠢᠭᠤᠯᠲᠠ ᠥᠭᠴᠦ᠂ ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠪᠡ᠃ᠪᠠᠶᠠᠷᠯᠠᠯ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ︽ᠳᠦᠷᠢᠮ︾ ᠳᠤ ᠬᠤᠣᠷᠲᠤ | ᠡᠳ᠋ ᠲᠤ ᠠᠮᠠᠷᠬᠠᠨ ᠬᠤᠯᠪᠣᠭᠳᠠᠬᠤ ᠭᠤᠣᠯᠳᠠᠯᠭ᠎ᠠ ᠲᠠᠢ ᠠᠵᠢᠯ ᠲᠥᠷᠥᠯ ᠪᠠ ᠲᠠᠯᠠᠪᠤᠷ ᠭᠠᠵᠠᠷ ᠤᠨ | ᠬᠠᠮᠢᠶᠠᠷᠤᠯᠲᠠ ᠶᠢᠨ ᠲᠠᠯ᠎ᠠ ᠪᠠᠷ ᠬᠠᠨᠳᠤᠯᠭᠠᠲᠤ ᠴᠢᠨᠠᠷᠲᠠᠢ ᠲᠣᠭᠲᠠᠭᠠᠯ ᠪᠠ ᠠᠷᠭ᠎ᠠ ᠬᠡᠮᠵᠢᠶ᠎ᠡ ᠪᠠᠶᠢᠨ᠎ᠠ ᠤᠣ ᠦᠭᠡᠢ | ᠦᠸ︖ᠪᠠᠶᠢᠬᠤ ᠳᠤ ᠬᠦᠷᠪᠡᠯ ᠲᠡᠭᠦᠨ ᠠᠴᠠ ᠵᠥᠷᠢᠴᠡᠨ᠎ᠡ︾ ᠭᠡᠵᠦ ᠲᠣᠭᠲᠠᠭᠠᠵᠠᠢ᠃ | | |