ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠪᠥᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ
ᠨᠡᠶᠢᠲᠡᠯᠡᠭᠰᠡᠨ ᠴᠠᠭ᠄
2022/12/13
    8 ᠰᠠᠷ᠎ᠠ ᠶᠢᠨ 31 ᠤ ᠡᠳᠦᠷ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠪᠥᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ ᠬᠢᠪᠡ     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠤᠯᠠᠭᠠᠨᠴᠠᠪ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠠᠷᠭ᠎ᠠ︾ ᠶᠢ ᠨᠠᠷᠢᠨ ᠲᠠᠶᠢᠯᠪᠤᠷᠢᠯᠠᠭᠰᠠᠨ ᠪᠥᠭᠡᠳ ᠵᠠᠭᠤᠴᠢᠯᠠᠭᠤᠷ ᠤᠨ ᠰᠣᠷᠪᠣᠯᠵᠢᠯᠠᠭᠴᠢᠳ ᠲᠠᠢ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠭᠰᠡᠨ ᠨᠢ᠂ ︽ᠤᠯᠠᠭᠠᠨᠴᠠᠪ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠦᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠦᠷᠢᠮ ᠤᠨ ᠨᠠᠩ ᠲᠥᠪ ᠭᠤᠥᠯᠴᠢ ᠨᠠᠩ ᠦᠷᠭᠦᠯᠵᠢᠯᠡᠬᠦ ᠶᠢ ᠠᠬᠢᠭᠤᠯᠤᠨ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠪᠥᠬᠦ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠳᠤ ︽ᠭᠤᠷᠪᠠᠨ ᠵᠦᠢᠯ ᠤᠨ ᠠᠰᠢᠭᠲᠠᠢ ᠮᠡᠳᠡᠭᠡ︾ ᠪᠠ ︽ᠨᠢᠭᠡ ᠵᠦᠢᠯ ᠤᠨ ᠲᠣᠬᠢᠷᠠᠭᠤᠯᠤᠯᠲᠠ ᠬᠤᠪᠢᠷᠠᠯᠲᠠ︾ ᠶᠢ ᠤᠭᠲᠤᠨ ᠠᠪᠴᠢᠷᠠᠬᠤ ᠪᠣᠯᠣᠨ᠎ᠠ᠃     ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠭᠰᠠᠨ ᠨᠢ᠂ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠶ᠎ᠡ ᠳᠤ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠪᠦᠬᠦᠨ ᠢ ᠴᠥᠮ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ᠳᠠᠭᠠᠳᠬᠠᠯ ᠳᠤ ᠣᠷᠣᠯᠴᠠᠭᠰᠠᠳ ᠤᠨ ᠨᠢᠭᠡ ᠵᠢᠯ ᠤᠨ ᠳᠣᠲᠣᠷᠠᠬᠢ ᠡᠬᠢᠯᠡᠵᠦ ᠳᠥᠯᠥᠬᠦ ᠱᠤᠭᠤᠮ ᠤᠨ ᠪᠠᠷᠢᠮᠵᠢᠶ᠎ᠠ ᠨᠢ 1000 ᠲᠥᠭᠦᠷᠢᠭ᠂ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠪᠠ ᠪᠡᠯᠡᠨ ᠵᠣᠭᠤᠰ ᠤᠨ ᠨᠡᠶᠢᠲᠡ ᠳᠥᠯᠥᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ 1000 ᠲᠥᠭᠦᠷᠢᠭ ᠠᠴᠠ ᠳᠡᠭᠡᠭᠰᠢᠬᠢ ᠡᠮᠴᠢᠯᠡᠭᠡᠨ ᠤ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ ᠬᠠᠷᠢᠴᠠᠯ ᠶᠣᠰᠣᠭᠠᠷ ᠲᠥᠯᠥᠨ᠎ᠡ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠳᠥᠯᠥᠬᠦ ᠬᠠᠷᠢᠴᠠᠯ ᠨᠢ 50%᠂ ᠠᠵᠢᠯ  ᠠᠴᠠ ᠪᠠᠨ ᠪᠠᠭᠤᠵᠤ ᠠᠮᠠᠷᠠᠭᠰᠠᠳ ᠤᠨ ᠳᠥᠯᠥᠬᠦ ᠬᠠᠷᠢᠴᠠᠯ ᠨᠢ 55%᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠳᠥᠯᠥᠬᠦ ᠬᠠᠷᠢᠴᠠᠯ ᠨᠢ 60%᠂ ᠠᠵᠢᠯ  ᠠᠴᠠ ᠪᠠᠨ ᠪᠠᠭᠤᠵᠤ ᠠᠮᠠᠷᠠᠭᠰᠠᠳ ᠤᠨ ᠳᠥᠯᠥᠬᠦ ᠬᠠᠷᠢᠴᠠᠯ ᠨᠢ 65% ᠪᠣᠯᠣᠨ᠎ᠠ᠃ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ 4000 ᠲᠥᠭᠦᠷᠢᠭ᠂ ᠠᠵᠢᠯ  ᠠᠴᠠ ᠪᠠᠨ ᠠᠮᠠᠷᠠᠭᠰᠠᠳ ᠤᠨ ᠵᠢᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ 5000 ᠲᠥᠭᠦᠷᠢᠭ ᠪᠣᠯᠣᠨ᠎ᠠ᠃ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠳᠦᠷᠢᠮ ᠨᠢ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠠᠯ ᠳᠤ ᠨᠡᠶᠢᠴᠡᠬᠦ ᠡᠩ ᠤᠨ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠪᠠᠲᠤᠯᠠᠭ᠎ᠠ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠬᠡᠪᠴᠢᠶ᠎ᠡ ᠶᠢ ᠥᠷᠭᠡᠳᠬᠡᠵᠡᠢ᠂ ︽ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠡᠳᠡᠭᠦᠯᠵᠦ ᠳᠡᠶᠢᠯᠬᠦ ᠦᠭᠡᠢ︾ ᠭᠡᠳᠡᠭ ᠨᠢ ᠲᠡᠦᠬᠡ ᠪᠣᠯᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠭᠰᠡᠨ ᠨᠢ᠂ ᠲᠥᠷᠥ  ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠴᠠ ᠡᠮᠦᠨ᠎ᠡ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠥᠨ ᠤ ᠳᠠᠩᠰᠠᠨ ᠡᠷᠦᠬᠡ  ᠶᠢ ᠵᠥᠪᠬᠡᠨ ᠲᠣᠭᠲᠠᠭᠰᠠᠨ ᠡᠮ ᠡᠮᠨᠡᠯᠭᠡ  ᠶᠢᠨ ᠪᠠᠶᠢᠭᠤᠯᠤᠮᠵᠢ ᠳᠤ ᠡᠮᠨᠡᠭᠦᠯᠬᠦ ᠦᠶ᠎ᠡ ᠳᠤ ᠦᠨᠳᠦᠰᠦᠨ ᠡᠮ ᠡᠮᠨᠡᠯᠭᠡ  ᠶᠢᠨ ᠳᠠᠭᠠᠳᠬᠠᠯ ᠤᠨ ᠲᠥᠷᠥ  ᠶᠢᠨ ᠪᠣᠳᠣᠯᠭ᠎ᠠ  ᠶᠢᠨ ᠬᠡᠪᠴᠢᠶᠡᠨ ᠳᠠᠬᠢ ᠥᠪᠡᠷᠲᠡᠭᠡᠨ ᠳᠥᠯᠥᠬᠦ ᠵᠠᠷᠤᠳᠠᠯ  ᠢ ᠳᠥᠯᠥᠬᠦ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠡᠮᠨᠡᠯᠭᠡ  ᠶᠢᠨ ᠳᠠᠭᠠᠳᠬᠠᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ  ᠢ ᠬᠤᠳᠠᠯᠳᠤᠨ ᠠᠪᠬᠤ ᠳᠤ ᠬᠡᠷᠡᠭᠯᠡᠨ᠎ᠡ᠃ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠥᠨ ᠤ ᠲᠠᠩᠰᠠᠨ ᠡᠷᠦᠬᠡ ᠶᠢ ᠳᠠᠭᠠᠳᠬᠠᠯ ᠳᠤ ᠣᠷᠣᠯᠴᠠᠭᠰᠠᠨ ᠲᠣᠰ ᠬᠥᠮᠥᠨ ᠵᠢᠴᠢ ᠲᠡᠭᠦᠨ ᠤ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠠᠴᠠ ᠪᠣᠯᠤᠭᠰᠠᠨ ᠬᠤᠪᠢ ᠬᠥᠮᠥᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠠᠴᠠ ᠪᠣᠯᠤᠭᠰᠠᠨ ᠬᠤᠪᠢ ᠬᠥᠮᠥᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠣᠨ᠎ᠠ᠃ᠪᠠᠰᠠ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠦᠷᠢ ᠵᠡᠷᠭᠡ ᠳᠤ ᠣᠷᠣᠯᠴᠠᠭᠰᠠᠨ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠬᠡᠷᠡᠭᠯᠡᠵᠦ ᠪᠣᠯᠣᠨ᠎ᠠ᠃ᠬᠡᠷᠡᠭᠵᠢᠭᠦᠯᠬᠦ ᠠᠷᠭ᠎ᠠ ᠳᠤ ᠠᠵᠢᠯᠲᠠᠨ ᠠᠵᠢᠯᠴᠢᠨ ᠤ ᠬᠤᠪᠢ ᠬᠥᠮᠥᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠮᠢᠳᠤᠯᠢᠭ ᠪᠣᠯᠭᠠᠵᠤ᠂ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃     ᠰᠣᠨᠢᠨ ᠮᠡᠳᠡᠭᠡ ᠨᠡᠶᠢᠲᠡᠯᠡᠬᠦ ᠬᠤᠷᠠᠯ  ᠠᠴᠠ ᠬᠡᠯᠡᠭᠰᠡᠨ ᠨᠢ᠂ ︽ᠤᠯᠠᠭᠠᠨᠴᠠᠪ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠠᠷᠭ᠎ᠠ︾ ᠨᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠤ ᠬᠠᠮᠲᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ᠂ ᠣᠨᠴᠠᠭᠠᠶ ᠡᠪᠡᠳᠴᠢᠨ ᠡᠮᠭᠡᠭ ᠤᠨ ᠡᠮ ᠡᠮᠨᠡᠯᠭᠡ ᠶᠢᠨ ᠪᠠᠲᠤᠯᠠᠭ᠎ᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠩ ᠤᠨ ᠪᠠᠶᠢᠳᠠᠯ ᠢ ᠴᠥᠮ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠬᠡᠪᠴᠢᠶᠡᠨ ᠳᠤ ᠣᠷᠣᠭᠤᠯᠵᠠᠢ᠃ᠤᠤᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠲᠠᠢ ᠬᠥᠮᠥᠰ ᠲᠤ ︽ᠨᠠᠰᠤᠲᠠᠶᠢᠴᠤᠳ ᠤᠨ ᠬᠠᠭᠤᠴᠢᠨ ᠠᠷᠭ᠎ᠠ᠂ ᠰᠢᠨ᠎ᠡ ᠬᠥᠮᠥᠰ ᠤᠨ ᠰᠢᠨ᠎ᠡ ᠠᠷᠭ᠎ᠠ︾ ᠶᠢᠨ ᠵᠠᠷᠴᠢᠮ ᠶᠣᠰᠣᠭᠠᠷ ᠮᠥᠨ ᠬᠦ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠦᠷᠲᠡᠵᠦ ᠪᠣᠯᠣᠨ᠎ᠠ᠃ᠲᠤᠬᠠᠶᠢᠯᠠᠪᠠᠯ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠨᠢᠭᠡᠨᠲᠡ ᠰᠢᠢᠳᠪᠦᠷᠢᠯᠡᠭᠰᠡᠨ ᠬᠥᠮᠥᠰ ᠲᠤ ᠮᠥᠨ ᠬᠦ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠬᠠᠷᠠᠭᠠᠯᠵᠠᠯ ᠢ ᠦᠷᠭᠦᠯᠵᠢᠯᠡᠨ ᠬᠦᠷᠲᠡᠭᠡᠬᠦ ᠶᠢᠨ ᠬᠠᠮᠲᠤ ᠪᠠᠰᠠ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ᠡᠨᠡ ᠨᠢ ᠣᠯᠠᠨ ᠲᠠᠰ ᠳᠠᠪᠬᠤᠷᠭ᠎ᠠ ᠶᠢᠨ ᠪᠠᠲᠤᠯᠠᠭ᠎ᠠ ᠪᠠ ᠬᠠᠷᠠᠭᠠᠯᠵᠠᠯ ᠢ ᠪᠠᠭᠤᠷᠠᠭᠤᠯᠬᠤ ᠦᠭᠡᠢ᠂ ᠪᠠᠭᠠᠰᠬᠠᠬᠤ ᠦᠭᠡᠢ ᠥᠭᠡᠷᠡᠴᠢᠯᠡᠯᠲᠡ ᠶᠢᠨ ᠠᠰᠢᠭ ᠢ ᠢᠯᠡᠷᠡᠭᠦᠯᠪᠡ᠃      ᠡᠭᠦᠨ ᠠᠴᠠ ᠭᠠᠳᠠᠨ᠎ᠠ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠳᠬᠦᠬᠦ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠮᠢᠳᠤᠯᠢᠭ ᠪᠣᠯᠭᠠᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠬᠦ ᠶᠢᠨ ᠲᠥᠯᠥᠭᠡ ᠶᠤᠮ᠃2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠰᠢᠶᠠᠭᠰᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠦᠬᠦᠨ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ᠃ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠥᠨ ᠤ ᠲᠠᠩᠰᠠᠨ ᠡᠷᠦᠬᠡ ᠶᠢ ᠲᠣᠰ ᠬᠥᠮᠥᠨ ᠤ ᠳᠠᠭᠠᠳᠬᠠᠯ ᠳᠤ ᠣᠷᠣᠯᠴᠠᠭᠰᠠᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ 2% ᠢᠶᠠᠷ ᠬᠤᠪᠢ ᠬᠥᠮᠥᠨ ᠤ ᠲᠠᠩᠰᠠᠨ ᠡᠷᠦᠬᠡ ᠳᠤ ᠰᠢᠯᠵᠢᠭᠦᠯᠦᠨᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠤᠪᠢ ᠬᠥᠮᠥᠨ ᠤ ᠲᠠᠩᠰᠠᠨ ᠡᠷᠦᠬᠡ ᠶᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠬᠤ ᠪᠣᠯᠭᠠᠨ ᠠᠯᠬᠤᠮ ᠠᠯᠬᠤᠮ ᠢᠶᠠᠷ ᠲᠣᠬᠢᠷᠠᠭᠤᠯᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 3% ᠶᠢᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ  ᠠᠴᠠ ᠡᠬᠢᠯᠡᠨ 2% ᠤᠨ ᠬᠠᠷᠢᠴᠠᠯ ᠢᠶᠠᠷ ᠲᠣᠭᠲᠠᠭᠰᠠᠨ ᠨᠣᠷᠮ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃ᠬᠤᠪᠢ ᠬᠥᠮᠥᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠰᠠᠶᠢᠵᠢᠷᠠᠭᠤᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠭᠡ ᠡᠷᠭᠢᠯᠲᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠮ ᠡᠮᠨᠡᠯᠭᠡ ᠶᠢᠨ ᠪᠠᠲᠤᠯᠠᠭ᠎ᠠ ᠳᠤ ︽ᠠᠮᠢᠳᠤ ᠤᠰᠤ︾ ᠨᠡᠮᠡᠷᠢᠯᠡᠵᠦ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠥᠨ ᠤ ᠲᠠᠩᠰᠠᠨ ᠡᠷᠦᠬᠡ ᠶᠢᠨ ᠪᠦᠲᠦᠴᠡ ᠶᠢ ᠨᠠᠩ ᠵᠦᠢ ᠵᠣᠬᠢᠰᠲᠠᠢ ᠪᠣᠯᠭᠠᠵᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ︔ᠡᠭᠦᠨ ᠤ ᠵᠡᠷᠭᠡ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮ ᠡᠮᠨᠡᠯᠭᠡ  ᠶᠢᠨ ᠬᠡᠷᠡᠭᠴᠡᠭᠡ  ᠶᠢ ᠨᠡᠩ ᠶᠡᠭᠡ ᠬᠡᠪᠴᠢᠶ᠎ᠡ ᠪᠠᠷ ᠰᠢᠢᠳᠪᠦᠷᠢᠯᠡᠵᠦ᠂ ᠡᠮ ᠡᠮᠨᠡᠯᠭᠡ  ᠶᠢᠨ ᠦᠢᠯᠡᠴᠢᠯᠡᠭᠡ  ᠶᠢ ᠨᠡᠩ ᠭᠤᠣᠯᠴᠢ᠂ ᠡᠬᠢ ᠪᠠᠶᠠᠯᠢᠭ ᠤᠨ ᠲᠣᠬᠢᠷᠠᠭᠤᠯᠤᠯᠲᠠ  ᠶᠢ ᠨᠡᠩ ᠰᠢᠯᠢᠳᠡᠭᠵᠢᠭᠦᠯᠵᠦ᠂ ᠪᠠᠲᠤᠯᠠᠭ᠎ᠠ  ᠶᠢᠨ ᠴᠢᠳᠠᠪᠤᠷᠢ  ᠶᠢ ᠨᠡᠩ ᠬᠦᠴᠦᠲᠡᠢ ᠪᠣᠯᠭᠠᠨ᠎ᠠ᠃ ︵ᠶᠢᠨ ᠶᠢᠩ ᠰᠡᠭᠦᠳᠡᠷᠯᠡᠪᠡ︶
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2