| 2022 ᠣᠨ ᠤ 8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠠᠴᠠ ᠪᠥᠬᠦ ᠣᠷᠣᠨ ᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠰᠣᠨᠢᠨ ᠮᠡᠳᠡᠭᠡ ᠨᠡᠶᠢᠲᠡᠯᠡᠬᠦᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠲᠢᠶᠠᠨ ᠶᠧ ᠶᠡᠷᠦᠩᠬᠡᠢ | ᠲᠠᠨᠢᠯᠴᠠᠭᠤᠯᠬᠤ ᠳᠠᠭᠠᠨ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠠᠩᠰᠠᠯᠠᠬᠤ ᠲᠣᠪᠴᠢᠶ᠎ᠠ ᠶᠢᠨ | ᠳᠠᠷᠤᠭ᠎ᠠ ᠵᠠᠩ ᠮᠢᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ | ᠭᠠᠵᠠᠷ ᠤᠨ ᠳᠠᠷᠤᠭ᠎ᠠ ᠸᠠᠩ ᠰᠢᠤᠸᠠᠢ ᠹᠧᠩ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ | ᠰᠣᠨᠢᠨ ᠮᠡᠳᠡᠭᠡᠯᠡᠯ ᠤᠨ ᠡᠲᠡᠭᠡᠳ ᠤᠨ ᠨᠠᠶᠢᠵᠠ ᠨᠠᠷ ᠠ᠂ ᠨᠥᠬᠦᠳ ᠠ᠋᠂ ᠲᠠ ᠪᠦᠬᠦᠨ ᠰᠠᠶᠢᠨ ᠪᠠᠶᠢᠵᠠᠭᠠᠨ᠎ᠠ ᠤᠣ︕ | ᠥᠨᠥᠳᠥᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠶᠢᠯᠠᠯ ᠤᠨ ᠭᠠᠵᠠᠷ | ᠰᠢᠷᠣᠢ ᠵᠢᠴᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠪᠠ | ᠲᠡᠭᠦᠯᠳᠡᠷᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ ᠡᠯ᠎ᠡ ᠭᠠᠵᠠᠷ ᠤᠨ ᠬᠢᠨ ᠠᠵᠤ | ᠠᠬᠤᠶᠢᠯᠠᠯ ᠳᠤ ᠦᠢᠯᠡᠳᠪᠦᠷᠢ ᠶᠢᠨ ᠭᠡᠷ ᠪᠠᠶᠢᠰᠢᠩ ᠵᠢᠴᠢ ᠭᠠᠵᠠᠷ ᠰᠢᠷᠣᠢ ᠶᠢᠨ ᠭᠠᠷᠳᠠᠮ ᠢ ᠲᠦᠷᠭᠡᠨ ᠭᠦᠢᠴᠡᠳᠬᠡᠵᠦ | ᠥᠭᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ᠲᠣᠰ ᠠᠵᠢᠯ ᠢ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠪᠥᠬᠦ ᠣᠷᠣᠨ ᠤ ᠠᠵᠤ ᠠᠬᠤᠶᠢᠯᠠᠯ ᠤᠨ ᠬᠡᠷᠡᠭᠯᠡᠬᠦ | ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ | ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ᠤᠯᠠᠨ ᠤ ᠨᠡᠩ ᠰᠠᠶᠢᠨ ᠣᠶᠢᠯᠠᠭᠠᠬᠤ ᠳᠤ ᠲᠦᠭᠦᠮ ᠦᠵᠡᠭᠦᠯᠬᠦ ᠶᠢᠨ ᠲᠥᠯᠥᠭᠡ᠂ ᠳᠣᠣᠷ᠎ᠠ ᠪᠢ | ᠲᠤᠭᠤᠷᠪᠢᠭᠰᠠᠨ ᠠᠬᠤᠢ ᠪᠠᠶᠢᠳᠠᠯ᠂ ᠭᠤᠣᠯ ᠠᠭᠤᠯᠭ᠎ᠠ᠂ ᠲᠠᠷᠠᠭᠠᠴᠢ ᠶᠢᠨ ᠠᠯᠬᠤᠮ ᠤᠨ ᠠᠵᠢᠯ ᠠᠴᠠ ᠭᠤᠷᠪᠠᠨ | ᠲᠠᠯ᠎ᠠ ᠶᠢ ᠪᠣᠳᠣᠯᠬᠢᠯᠠᠨ᠂︽ᠵᠢᠯᠤᠭᠤᠳᠬᠤ ᠰᠠᠨᠠᠯ︾ ᠳᠤ ᠲᠠᠶᠢᠯᠤᠮᠵᠢ ᠬᠢᠶ᠎ᠡ᠃ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠭᠠᠵᠠᠷ ᠰᠢᠷᠣᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠣᠨ ᠵᠠᠢ ᠶᠢᠨ ᠠᠴᠢᠶᠠᠯᠠᠪᠤᠷᠢ ᠮᠥᠨ᠂ | ᠬᠤᠯᠪᠣᠭᠳᠠᠯ ᠪᠦᠬᠦᠢ ᠡᠷᠬᠡ ᠶᠢᠨ ᠦᠨᠡᠮᠯᠡᠯ ᠪᠣᠯ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡᠲᠦ ᠬᠥᠮᠥᠨ ᠤ ᠲᠣᠰ ᠥᠯᠥ | ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠶᠢ ᠡᠵᠡᠯᠡᠨ ᠬᠡᠷᠡᠭᠯᠡᠬᠦ᠂ ᠬᠡᠷᠡᠭᠯᠡᠬᠦ᠂ ᠠᠰᠢᠭ ᠣᠯᠬᠤ ᠪᠠ | ᠰᠢᠢᠳᠪᠦᠷᠢᠯᠡᠬᠦ ᠶᠢᠨ ᠦᠨᠳᠦᠰᠦᠯᠡᠯ ᠮᠥᠨ᠃ᠠᠵᠤ ᠠᠬᠤᠶᠢᠯᠠᠯ ᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ ᠣᠯᠣᠭᠰᠠᠨ ᠦᠭᠡᠢ ᠪᠣᠯ ᠪᠠᠷᠢᠴᠠᠭᠠᠯᠠᠬᠤ ᠪᠠ ᠪᠡᠯᠡ ᠲᠣᠬᠢᠷᠠᠭᠤᠯᠬᠤ ᠶᠢᠨ ᠠᠷᠭ᠎ᠠ ᠦᠭᠡᠢ ᠪᠣᠯᠵᠤ᠂ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠶᠢᠨ ᠠᠷᠭ᠎ᠠ ᠦᠭᠡᠢ ᠪᠣᠯᠵᠤ᠂ ᠠᠵᠤ ᠠᠬᠤᠶᠢᠯᠠᠯᠲᠠᠨ ᠴᠤ ᠬᠠᠷᠢᠶᠠᠯᠠᠭᠳᠠᠬᠤ | ᠰᠡᠳᠬᠢᠭᠳᠡᠯ ᠢ ᠣᠯᠬᠤ ᠳᠤ ᠪᠡᠷᠬᠡ ᠪᠣᠯᠵᠤ᠂ ᠠᠵᠤ ᠠᠬᠤᠶᠢᠯᠠᠯ ᠤᠨ ᠡᠵᠡᠩᠨᠡᠯᠲᠡ ᠳᠤ ᠴᠦ ᠳᠠᠯᠳᠠ ᠠᠶᠤᠯ | ᠲᠦᠭᠰᠢᠭᠦᠷᠢ ᠣᠷᠣᠰᠢᠵᠤ ᠪᠠᠶᠢᠨ᠎ᠠ᠃ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ ᠶᠢᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠢ ᠲᠦᠯᠬᠢᠨ ᠠᠬᠢᠭᠤᠯᠪᠠᠯ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠡᠷᠬᠡ | ᠠᠰᠢᠭ ᠢ ᠨᠠᠩ ᠰᠠᠶᠢᠨ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ ᠪᠣᠯᠣᠨ᠎ᠠ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ | ᠪᠦᠬᠦᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠪᠦᠬᠦ ᠣᠷᠣᠨ ᠤ ᠠᠵᠤ ᠠᠬᠤᠶᠢᠯᠠᠯ ᠵᠢᠴᠢ ᠦᠢᠯᠡᠳᠪᠦᠷᠢ ᠶᠢᠨ ᠭᠡᠷ | ᠪᠠᠶᠢᠰᠢᠩ ᠤᠨ ᠬᠡᠷᠡᠭᠯᠡᠬᠦ ᠭᠠᠵᠠᠷ ᠤᠨ ᠪᠠᠶᠢᠳᠠᠯ ᠪᠣᠯᠣᠨ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠭᠰᠡᠨ | ᠪᠠᠶᠢᠳᠠᠯ ᠳᠤ ᠠᠩᠬ᠎ᠠ ᠠᠯᠬᠤᠮ ᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠯᠲᠠ ᠬᠢᠵᠦ᠂ ᠡᠭᠦᠨ ᠤ ᠬᠠᠮᠲᠤ | ᠡᠯ᠎ᠡ ᠭᠠᠵᠠᠷ ᠤᠨ ᠬᠠᠷᠢᠭᠤ ᠲᠤᠰᠬᠠᠭᠰᠠᠨ ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂ ᠠᠰᠠᠭᠤᠳᠠᠯ ᠤᠨ ᠲᠥᠷᠥᠯ | ᠵᠦᠢᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ | ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠨᠡᠶᠢᠲᠡᠯᠡᠭᠰᠡᠨ ᠰᠢᠷᠢᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠠᠷ ᠯᠠᠪᠯᠠᠯᠲᠠ ᠪᠣᠯᠭᠠᠵᠤ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠠᠤᠯᠢ ᠴᠠᠭᠠᠵᠠ᠂ ᠭᠠᠶᠢᠯᠢ ᠶᠢᠨ ᠶᠠᠪᠤᠳᠠᠯ᠂ ᠰᠢᠭᠦᠬᠦ | ᠬᠤᠷᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠡ ᠲᠠᠢ ᠬᠠᠮᠲᠤᠷᠠᠨ᠂ ︽ᠪᠥᠬᠦ ᠣᠷᠣᠨ ᠤ ᠠᠵᠤ ᠠᠬᠤᠶᠢᠯᠠᠯ ᠤᠨ | ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ | ᠲᠤᠬᠠᠢ ᠵᠢᠯᠤᠭᠤᠳᠬᠤ ᠰᠠᠨᠠᠯ︾ ᠢ ᠲᠤᠭᠤᠷᠪᠢᠨ ᠪᠢᠴᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠵᠢᠩᠬᠢᠨᠢ ᠪᠠᠷ ᠳᠠᠷᠤᠮᠠᠯᠯᠠᠨ | ᠲᠠᠷᠬᠠᠭᠠᠪᠠ᠃ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠡᠯ᠎ᠡ ᠱᠠᠲᠤᠨ ᠤ ᠵᠠᠰᠠᠭ ᠤᠨ | ᠣᠷᠳᠣᠨ ᠲᠤᠰ ᠤᠳᠠᠭᠠᠨ ᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠥᠪᠡᠷᠲᠡᠭᠡᠨ ᠵᠠᠰᠠᠬᠤ ᠣᠷᠣᠨ ᠤ | ᠥᠷᠨᠢᠭᠦᠯᠦᠭᠰᠡᠨ ᠲᠠᠪᠤᠨ ᠲᠠᠯ᠎ᠠ ᠶᠢᠨ ᠦᠨᠳᠦᠰᠦᠨ ᠠᠵᠢᠯᠯᠠᠭ᠎ᠠ ᠲᠠᠢ ᠤᠶᠠᠯᠳᠤᠭᠤᠯᠤᠨ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠬᠢᠯᠭᠡᠭᠰᠡᠨ ᠦᠭᠡᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠪᠠᠶᠢᠳᠠᠯ ᠢ ᠤᠯᠠᠮ | ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ ᠤᠨ ᠰᠢᠯᠲᠠᠭᠠᠨ ᠢ ᠡᠮᠬᠢᠯᠡᠨ ᠳᠢᠭᠯᠡᠵᠦ᠂ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠪᠠᠶᠢᠳᠠᠯ ᠢ ᠣᠶᠢᠯᠠᠭᠠᠬᠤ ᠶᠢᠨ ᠳᠠᠭᠠᠤ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠮᠴᠢᠯᠡᠬᠦ ᠡᠷᠬᠡ ᠶᠢ ᠲᠡᠭᠦᠯᠳᠡᠷᠵᠢᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ | ᠬᠤᠶᠠᠷ᠂ ᠭᠤᠣᠯ ᠠᠭᠤᠯᠭ᠎ᠠ | ︽ᠵᠢᠯᠤᠭᠤᠳᠬᠤ ᠰᠠᠨᠠᠯ︾ ᠢ ᠶᠡᠷᠦᠩᠬᠡᠢ ᠱᠠᠭᠠᠷᠳᠠᠯᠭ᠎ᠠ᠂ ᠠᠵᠢᠯ ᠤᠨ ᠠᠷᠭ᠎ᠠ ᠬᠡᠮᠵᠢᠶ᠎ᠡ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ ᠭᠡᠵᠦ ᠭᠤᠷᠪᠠᠨ ᠬᠡᠰᠡᠭ ᠬᠤᠪᠢᠶᠠᠨ᠎ᠠ᠃ | ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ᠃ᠠᠵᠢᠯ ᠤᠨ ᠦᠨᠳᠦᠰᠦᠨ ᠵᠠᠷᠴᠢᠮ ᠪᠠ ᠬᠠᠷᠠᠯᠲᠠ | ᠵᠢᠴᠢ ︽ᠵᠢᠯᠤᠭᠤᠳᠬᠤ ᠰᠠᠨᠠᠯ︾ ᠤᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ᠠᠵᠢᠯ ᠤᠨ ᠵᠠᠷᠴᠢᠮ ᠪᠣᠯ ᠲᠡᠦᠬᠡ ᠶᠢ | ᠬᠦᠨᠳᠦᠳᠬᠡᠬᠦ ᠶᠢᠨ ᠵᠡᠷᠭᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠂ ᠲᠤᠬᠠᠶᠢᠯᠠᠪᠠᠯ ︽ | ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠶᠢ | ᠪᠠᠷᠢᠮᠲᠠᠯᠠᠨ᠎ᠠ ᠬᠡᠷᠡᠭᠯᠡᠬᠦ ᠬᠡᠪᠴᠢᠶ᠎ᠡ ᠨᠢ ᠤᠯᠤᠰ ᠤᠨ ᠥᠮᠴᠢᠯᠡᠯ ᠤᠨ ᠭᠠᠵᠠᠷ ᠰᠢᠷᠣᠢ ᠳᠡᠭᠡᠷ᠎ᠡ ᠨᠢᠭᠡᠨᠲᠡ | ᠪᠠᠶᠢᠭᠤᠯᠤᠭᠰᠠᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠲᠤ ᠴᠢᠭᠯᠡᠭᠦᠯᠦᠨ᠎ᠡ;2023 ᠣᠨ ᠤ ᠵᠢᠯ ᠤᠨ | ᠡᠴᠦᠰ ᠠᠴᠠ ᠡᠮᠦᠨ᠎ᠡ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ ᠶᠢᠨ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠦᠨᠡᠮᠯᠡᠯ ᠣᠯᠭᠤᠬᠤ ᠳᠤ ︽ᠭᠦᠢᠴᠡᠳᠬᠡᠬᠦ ᠶᠣᠰᠣᠲᠠᠢ ᠶᠢ ᠨᠢ ᠴᠥᠮ | ᠭᠦᠢᠴᠡᠳᠬᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠶᠠᠳᠤᠭᠠᠷ ᠬᠡᠰᠡᠭ ᠨᠢ ᠠᠵᠢᠯ ᠤᠨ ᠠᠷᠭ᠎ᠠ ᠬᠡᠮᠵᠢᠶ᠎ᠡ ᠪᠣᠯᠣᠨ᠎ᠠ᠃ᠡᠮᠦᠨᠡᠬᠢ ᠬᠤᠭᠤᠴᠠᠭᠠᠨ ᠤ ᠠᠩᠬ᠎ᠠ | ᠠᠯᠬᠤᠮ ᠤᠨ ᠪᠠᠶᠢᠳᠠᠯ ᠢ ᠦᠨᠳᠦᠰᠦᠯᠡᠨ᠂ ᠪᠢᠳᠡ ᠣᠷᠣᠰᠢᠵᠤ ᠪᠠᠶᠢᠭ᠎ᠠ ᠠᠰᠠᠭᠤᠳᠠᠯ ᠳᠤ ᠲᠥᠷᠥᠯᠵᠢᠭᠦᠯᠦᠯ | ᠵᠠᠳᠠᠯᠤᠯᠲᠠ ᠬᠢᠵᠦ᠂ ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ | ᠭᠦᠢᠴᠡᠳᠬᠡᠬᠦ ᠳᠤ ᠦᠷᠭᠦᠯᠵᠢ ᠲᠣᠬᠢᠶᠠᠯᠳᠤᠳᠠᠭ ᠵᠢᠷᠭᠤᠭᠠᠨ ᠵᠦᠢᠯ ᠤᠨ ᠪᠠᠶᠢᠳᠠᠯ ᠳᠤ ᠴᠢᠭᠯᠡᠭᠦᠯᠦᠨ ᠵᠢᠯᠤᠭᠤᠳᠬᠤ | ᠰᠠᠨᠠᠯ ᠳᠤᠷᠠᠳᠪᠠ᠃ | ᠨᠢᠭᠡᠳᠦᠭᠡᠷ ᠵᠦᠢᠯ ᠨᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠦᠭᠡᠢ ᠪᠠᠶᠢᠳᠠᠯ ᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠬᠢᠨᠠᠨ ᠬᠠᠷᠭᠤᠭᠤᠯᠤᠯᠲᠠ ᠶᠢᠨ ᠭᠠᠷ | ᠭᠦᠢᠴᠡᠳᠬᠡᠯ ᠢ ᠨᠥᠬᠦᠵᠦ ᠬᠢᠭᠰᠡᠨ ᠤ ᠲᠠᠷᠠᠭ᠎ᠠ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠬᠡᠷᠡᠭᠲᠡᠢ; | ᠪᠠᠶᠢᠭᠤᠯᠤᠭᠰᠠᠨ ᠴᠠᠭ ᠨᠢ ᠨᠡᠯᠢᠶᠡᠳ ᠡᠷᠲᠡ ᠵᠡᠷᠭᠡ ᠰᠢᠯᠲᠠᠭᠠᠨ ᠠᠴᠠ ᠪᠣᠯᠵᠤ ᠨᠥᠬᠦᠵᠦ ᠭᠦᠢᠴᠡᠳᠬᠡᠬᠦ ᠨᠥᠬᠦᠴᠡᠯ ᠢ | ᠦᠨᠡᠬᠡᠷ ᠪᠦᠷᠢᠯᠳᠦᠭᠦᠯᠦᠭᠰᠡᠨ ᠦᠭᠡᠢ ᠪᠠᠶᠢᠪᠠᠯ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠲᠠ ︵ᠪᠠᠯᠭᠠᠰᠤ︶ ᠶᠢᠨ | ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠵᠢᠴᠢ ᠬᠡᠳᠦᠶᠢᠪᠡᠷ ᠬᠤᠲᠠ ︵ᠪᠠᠯᠭᠠᠰᠤ︶ ᠶᠢᠨ ᠶᠡᠷᠦᠩᠬᠡᠢ | ᠲᠥᠯᠦᠪᠵᠢᠭᠦᠯᠭᠡ ᠳᠤ ᠨᠡᠶᠢᠴᠡᠬᠦ ᠦᠭᠡᠢ ᠪᠣᠯᠪᠠᠴᠤ ᠠᠯᠪᠠᠳᠠᠯᠭ᠎ᠠ ᠶᠢᠨ ᠴᠢᠨᠠᠷᠲᠠᠢ ᠠᠭᠤᠯᠭ᠎ᠠ ᠶᠢ ᠵᠥᠷᠢᠴᠡᠬᠦ ᠦᠭᠡᠢ | ᠬᠤᠶᠠᠷ ᠵᠦᠢᠯ ᠤᠨ ᠪᠠᠶᠢᠳᠠᠯ ᠳᠣᠣᠷ᠎ᠠ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠮᠠᠭᠠᠳᠯᠠᠨ ᠲᠣᠭᠲᠠᠭᠠᠭᠰᠠᠨ ᠪᠤᠶᠤ ᠬᠢᠨᠠᠨ ᠬᠠᠷᠭᠤᠭᠤᠯᠤᠭᠰᠠᠨ ᠰᠠᠨᠠᠯ ᠭᠠᠷᠭᠠᠨ᠎ᠠ᠃ | ᠬᠤᠶᠠᠳᠤᠭᠠᠷ ᠵᠦᠢᠯ ᠨᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠨᠢ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠠᠴᠠ ᠪᠣᠯᠵᠤ ᠳᠠᠩᠰᠠᠯᠠᠭᠤᠯᠬᠤ ᠶᠢᠨ ᠠᠷᠭ᠎ᠠ | ᠦᠭᠡᠢ ᠪᠠᠶᠢᠪᠠᠯ᠂ ︽ᠵᠢᠯᠤᠭᠤᠳᠬᠤ ᠰᠠᠨᠠᠯ︾ ᠳᠤ᠂ ᠪᠦᠲᠦᠭᠡᠨ ᠪᠠᠶᠢᠭᠤᠯᠬᠤ ᠨᠢᠭᠡᠴᠡ ᠠᠴᠠ ᠭᠡᠷ ᠪᠠᠶᠢᠰᠢᠩ ᠤᠨ | ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠵᠣᠬᠢᠶᠠᠨ ᠪᠠᠶᠢᠭᠤᠯᠵᠤ ᠳᠠᠭᠤᠰᠬᠠᠭᠠᠳ᠂ ᠰᠢᠯᠭᠠᠨ ᠠᠪᠬᠤ ᠳᠤ ᠬᠢᠷᠢ | ᠲᠡᠩᠴᠡᠭᠰᠡᠨ ᠤ ᠳᠠᠷᠠᠭ᠎ᠠ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠶᠢ ᠳᠠᠩᠰᠠᠯᠠᠬᠤ ᠰᠠᠨᠠᠯ ᠢ ᠭᠠᠷᠭᠠᠨ᠎ᠠ ᠭᠡᠵᠦ ᠲᠣᠳᠣᠷᠬᠠᠢ ᠲᠣᠭᠲᠠᠭᠠᠪᠠ᠃ | ᠡᠭᠦᠨ ᠳᠤ ᠭᠠᠯ ᠤᠨᠲᠠᠷᠠᠭᠠᠬᠤ ᠶᠢ ᠰᠢᠯᠭᠠᠨ ᠠᠪᠬᠤ ︵ᠳᠠᠩᠰᠠᠯᠠᠭᠤᠯᠬᠤ︶ ᠠᠵᠢᠯ ᠬᠢᠭᠰᠡᠨ ᠦᠭᠡᠢ ᠪᠠᠷᠢᠯᠭ᠎ᠠ ᠶᠢᠨ | ᠵᠦᠢᠯᠡᠰ ᠢ ᠰᠢᠨ᠎ᠡ ᠪᠠᠷ ᠪᠠᠶᠢᠭᠤᠯᠬᠤ ᠵᠦᠢᠯᠡᠰ ᠪᠠ ᠦᠯᠡᠳᠡᠭᠡᠭᠰᠡᠨ ᠵᠦᠢᠯᠡᠰ ᠭᠡᠵᠦ ᠬᠤᠶᠠᠷ ᠵᠦᠢᠯ ᠤᠨ ᠬᠡᠯᠪᠡᠷᠢ ᠪᠠᠷ | ᠢᠯᠭᠠᠵᠤ᠂ ᠰᠢᠢᠳᠪᠦᠷᠢᠯᠡᠬᠦ ᠲᠥᠰᠥᠯ ᠢ ᠲᠣᠳᠣᠷᠬᠠᠶᠢᠯᠠᠵᠠᠢ᠃ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ | ᠬᠠᠷᠢᠶᠠᠯᠠᠭᠳᠠᠪᠠᠯ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠦᠭᠡᠷ ᠲᠣᠭᠠᠲᠤ︶ ᠤᠨ | ᠶᠣᠰᠣᠭᠠᠷ ᠬᠠᠤᠯᠢ ᠲᠣᠭᠲᠠᠭᠠᠯ ᠶᠣᠰᠣᠭᠠᠷ ᠭᠦᠢᠴᠡᠳᠬᠡᠨ᠎ᠡ︔ᠦᠯᠡᠳᠡᠭᠳᠡᠯ ᠲᠥᠷᠥᠯ ᠵᠦᠢᠯ ᠳᠤ ᠬᠠᠷᠢᠶᠠᠯᠠᠭᠳᠠᠪᠠᠯ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠵᠡᠷᠭᠡ 17 ᠲᠢᠩᠬᠢᠮ ᠲᠣᠪᠴᠢᠶ᠎ᠠ ᠶᠢᠨ ︽︿ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠦᠨᠵᠡᠭᠡᠢ | ᠥᠷᠨᠢᠭᠦᠯᠬᠦ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ﹀︾ ︵ᠥᠪᠥᠷ ᠪᠦᠲᠦᠭᠡᠨ ᠪᠠᠶᠢᠭᠤᠯᠤᠯᠲᠠ | ﹇2021﹈ 55 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠭᠦᠢᠴᠡᠳᠬᠡᠨ᠎ᠡ᠃ | ᠭᠤᠷᠪᠠᠳᠤᠭᠠᠷ ᠵᠦᠢᠯ ᠨᠢ ᠭᠠᠵᠠᠷ ᠰᠢᠷᠣᠢ ᠶᠢ ᠬᠠᠩᠭᠠᠭᠰᠠᠨ ᠦᠭᠡᠢ ᠪᠠᠶᠢᠪᠠᠯ᠂ ᠡᠯ᠎ᠡ ᠭᠠᠵᠠᠷ ᠤᠨ ᠬᠢᠨ ᠪᠣᠳᠠᠲᠠᠢ | ᠪᠠᠶᠢᠳᠠᠯ ᠵᠢᠴᠢ ᠪᠦᠲᠦᠭᠡᠨ ᠪᠠᠶᠢᠭᠤᠯᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠦᠶ᠎ᠡ ᠶᠢᠨ ᠲᠦᠷᠦ ᠶᠢᠨ | ᠪᠣᠳᠣᠯᠭ᠎ᠠ ᠶᠢᠨ ᠲᠣᠭᠲᠠᠭᠠᠯ ᠲᠠᠢ ᠪᠠᠨ ᠤᠶᠠᠯᠳᠤᠭᠤᠯᠤᠨ ᠭᠠᠵᠠᠷ ᠰᠢᠷᠣᠢ ᠬᠠᠩᠭᠠᠬᠤ ᠵᠢᠷᠤᠮ ᠢ ᠪᠡᠶᠡᠯᠡᠭᠦᠯᠵᠦ᠂ ᠠᠳᠠᠯᠢ | ᠪᠤᠰᠤ ᠴᠠᠭ ᠬᠤᠭᠤᠴᠠᠭ᠎ᠠ ᠪᠠ ᠠᠳᠠᠯᠢ ᠪᠤᠰᠤ ᠲᠦᠷᠦᠯ ᠬᠡᠯᠪᠡᠷᠢ ᠶᠢ ᠪᠣᠳᠣᠯᠬᠢᠯᠠᠨ᠂ ᠰᠢᠯᠵᠢᠭᠦᠯᠦᠨ ᠥᠭᠬᠦ᠂ | ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠣᠨ᠎ᠠ ᠭᠡᠳᠡᠭ ᠢ | ᠲᠣᠳᠣᠷᠬᠠᠶᠢᠯᠠᠪᠠ᠃ᠡᠭᠦᠨ ᠳᠤ ᠤᠤᠯ ᠤᠨ ᠲᠠᠷᠠᠬᠠᠢ ᠪᠤᠲᠠᠷᠬᠠᠢ ᠳᠠᠩᠰᠠᠯᠠᠯᠲᠠ ᠬᠢᠵᠦ ᠪᠠᠶᠢᠭᠰᠠᠨ ᠬᠤᠭᠤᠴᠠᠭᠠᠨ ᠳᠤ | ᠨᠢᠭᠡᠨᠲᠡ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠳᠠᠩᠰᠠᠯᠠᠯᠲᠠ ᠬᠢᠯᠭᠡᠭᠰᠡᠨ᠂ ᠥᠭᠡᠷ᠎ᠡ ᠪᠠᠷ ᠬᠡᠯᠡᠪᠡᠯ ᠭᠡᠷ | ᠪᠠᠶᠢᠰᠢᠩ ᠤᠨ ᠬᠥᠷᠥᠩᠭᠡ ᠶᠢ ᠣᠯᠣᠭᠰᠠᠨ ᠪᠣᠯᠪᠠᠴᠤ ᠭᠠᠵᠠᠷ ᠰᠢᠷᠣᠢ ᠶᠢᠨ ᠦᠨᠡᠮᠯᠡᠯ ᠠᠪᠤᠭᠰᠠᠨ ᠦᠭᠡᠢ ᠪᠠᠶᠢᠪᠠᠯ᠂ | ᠠᠯᠪᠠᠨ ᠵᠠᠷ ᠢᠶᠠᠷ ᠲᠠᠮᠵᠢᠨ ᠡᠷᠬᠡ ᠶᠢᠨ ᠬᠠᠷᠢᠶᠠᠯᠠᠯ ᠨᠢ ᠲᠣᠳᠣᠷᠬᠠᠢ ᠪᠥᠭᠡᠳ ᠮᠠᠷᠭᠤᠭᠠᠨ ᠦᠭᠡᠢ ᠪᠠᠶᠢᠵᠤ᠂ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ᠂ ᠰᠢᠭᠤᠳ | ᠣᠳᠣᠬᠢ ᠪᠠᠶᠢᠳᠠᠯ ᠢ ᠦᠨᠳᠦᠰᠦᠯᠡᠨ ᠭᠠᠵᠠᠷ ᠬᠠᠩᠭᠠᠬᠤ ᠭᠠᠷ ᠭᠦᠢᠴᠡᠳᠬᠡᠯ ᠬᠢᠵᠦ ᠪᠣᠯᠣᠨ᠎ᠠ᠃ᠡᠨᠡ ᠬᠡᠰᠡᠭ | ᠠᠭᠤᠯᠭ᠎ᠠ ᠶᠢ ᠡᠯ᠎ᠡ ᠭᠠᠵᠠᠷ ᠤᠨ ᠬᠢᠨ ᠬᠡᠷᠡᠭᠵᠢᠭᠦᠯᠬᠦ ᠰᠠᠨᠠᠯ ᠳᠠᠭᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ | ᠲᠣᠳᠣᠷᠬᠠᠶᠢᠯᠠᠵᠤ ᠪᠣᠯᠣᠨ᠎ᠠ᠃ | ᠳᠥᠷᠪᠡᠳᠦᠭᠡᠷ ᠵᠦᠢᠯ ᠨᠢ ᠭᠡᠷ ᠪᠠᠶᠢᠰᠢᠩ ᠪᠠ ᠭᠠᠵᠠᠷ ᠰᠢᠷᠣᠢ ᠶᠢᠨ ᠡᠷᠬᠡ ᠶᠢᠨ ᠪᠡᠶᠡᠴᠢ ᠴᠣᠭᠴᠠ ᠪᠤᠶᠤ | ᠬᠡᠷᠡᠭᠴᠡᠭᠡ ᠨᠢ ᠨᠢᠭᠡᠳᠦᠯ ᠦᠭᠡᠢ ᠪᠠᠶᠢᠬᠤ ᠪᠠᠶᠢᠳᠠᠯ ᠳᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠭᠰᠠᠨ ᠤ ᠳᠠᠷᠠᠭ᠎ᠠ᠂ ᠤᠯᠤᠰ ᠠᠴᠠ ︽ᠭᠡᠷ ᠪᠠᠶᠢᠰᠢᠩ | ᠭᠠᠵᠠᠷ ᠰᠢᠷᠣᠢ ᠶᠢ ᠨᠢᠭᠡ ᠴᠣᠭᠴᠠᠵᠢᠭᠤᠯᠤᠨ︾ ᠳᠠᠩᠰᠠᠯᠠᠬᠤ ᠠᠵᠢᠯ ᠥᠷᠨᠢᠭᠦᠯᠬᠦ ᠶᠢ ᠱᠠᠭᠠᠷᠳᠠᠵᠤ ᠪᠠᠶᠢᠨ᠎ᠠ᠂ | ᠲᠤᠬᠠᠶᠢᠯᠠᠪᠠᠯ ᠭᠡᠷ ᠪᠠᠶᠢᠰᠢᠩ ︵ᠭᠠᠵᠠᠷ ᠳᠡᠭᠡᠷᠡᠬᠢ ᠳᠠᠭᠠᠯᠲᠠ ᠪᠣᠳᠠᠰ︶ ᠪᠣᠯᠣᠨ ᠭᠠᠵᠠᠷ ᠰᠢᠷᠣᠢ ᠶᠢᠨ ᠬᠡᠷᠡᠭᠴᠡᠭᠡ | ᠶᠢ ᠨᠢᠭᠡᠳᠦᠯᠲᠡᠢ ᠪᠠᠶᠢᠯᠭᠠᠨ᠎ᠠ᠃ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢᠨ | ᠦᠨᠡᠮᠯᠡᠯ ᠢ ᠭᠦᠢᠴᠡᠳᠬᠡᠬᠦ ᠶᠠᠪᠤᠴᠠ ᠳᠤ᠂ ᠬᠡᠷᠪᠡ ᠨᠢᠭᠡᠨᠲᠡ ᠣᠯᠭᠤᠭᠰᠠᠨ ᠭᠡᠷ ᠪᠠᠶᠢᠰᠢᠩ ᠪᠠ ᠭᠠᠵᠠᠷ ᠰᠢᠷᠣᠢ ᠶᠢᠨ | ᠦᠨᠡᠮᠯᠡᠯ ᠤᠨ ᠬᠡᠷᠡᠭᠯᠡᠯᠲᠡ ᠨᠢ ᠨᠢᠭᠡᠳᠦᠯ ᠦᠭᠡᠢ ᠪᠠᠶᠢᠪᠠᠯ᠂ ᠤᠤᠯ ᠤᠨ ᠲᠡᠮᠳᠡᠭᠯᠡᠭᠰᠡᠨ ᠭᠡᠷ ᠪᠠᠶᠢᠰᠢᠩ᠂ ᠭᠠᠵᠠᠷ | ᠰᠢᠷᠣᠢ ᠶᠢᠨ ᠬᠡᠷᠡᠭᠯᠡᠯᠲᠡ ᠶᠢᠨ ᠶᠣᠰᠣᠭᠠᠷ ᠦᠷᠭᠦᠯᠵᠢᠯᠡᠨ ᠲᠣᠰ ᠲᠣᠰ ᠳᠡᠩᠰᠡᠯᠡᠵᠦ ᠪᠣᠯᠣᠨ᠎ᠠ᠂ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠦᠭᠡᠢ ᠪᠠᠷ ᠨᠢᠭᠡᠨᠲᠡ ᠳᠠᠩᠰᠠᠯᠠᠭᠤᠯᠤᠭᠰᠠᠨ ᠥᠯᠥ ᠬᠥᠳᠡᠯᠬᠦ ᠬᠥᠷᠥᠩᠭᠡ ᠶᠢᠨ ᠬᠡᠷᠡᠭᠯᠡᠯᠲᠡ ᠶᠢ | ᠬᠤᠪᠢᠷᠠᠭᠤᠯᠵᠤ ᠪᠣᠯᠬᠤ ᠦᠭᠡᠢ︔ᠬᠡᠷᠪᠡ ᠭᠡᠷ ᠪᠠᠶᠢᠰᠢᠩ ︵ᠦᠢᠯᠡᠳᠪᠦᠷᠢ ᠶᠢᠨ ᠭᠡᠷ ᠪᠠᠶᠢᠰᠢᠩ᠂ ᠬᠤᠳᠠᠯᠳᠤᠭᠠᠨ ᠤ | ᠲᠥᠬᠦᠭᠡᠷᠦᠮᠵᠢ︶ ᠤᠨ ᠥᠮᠴᠢᠯᠡᠯ ᠤᠨ ᠡᠷᠬᠡ ᠶᠢ ᠤᠯᠠᠨ ᠤᠳᠠᠭ᠎ᠠ ᠰᠢᠯᠵᠢᠭᠦᠯᠵᠦ᠂ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢ ᠵᠡᠷᠭᠡ ᠪᠠᠷ ᠰᠢᠯᠵᠢᠭᠦᠯᠦᠭᠰᠡᠨ ᠦᠭᠡᠢ ᠠᠴᠠ ᠪᠣᠯᠵᠤ᠂ ᠭᠡᠷ ᠪᠠᠶᠢᠰᠢᠩ ᠪᠠ ᠭᠠᠵᠠᠷ ᠰᠢᠷᠣᠢ ᠶᠢᠨ ᠡᠷᠬᠡ ᠶᠢᠨ | ᠪᠡᠶᠡᠴᠢ ᠴᠣᠭᠴᠠ ᠶᠢ ᠨᠢᠭᠡᠳᠦᠯ ᠦᠭᠡᠢ ᠪᠣᠯᠭᠠᠵᠤ᠂ ᠬᠢᠨᠠᠨ ᠬᠠᠷᠭᠤᠭᠤᠯᠬᠤ ᠪᠠᠷ ᠳᠠᠮᠵᠢᠭᠠᠳ ᠡᠷᠬᠡ ᠶᠢᠨ | ᠬᠠᠷᠢᠶᠠᠯᠠᠯ ᠤᠨ ᠬᠠᠷᠢᠴᠠᠭ᠎ᠠ ᠶᠢᠨ ᠬᠤᠪᠢᠷᠠᠯᠲᠠ ᠨᠢ ᠲᠣᠳᠣᠷᠬᠠᠢ ᠪᠥᠭᠡᠳ ᠮᠠᠷᠭᠤᠯᠳᠤᠭᠠᠨ ᠦᠭᠡᠢ ᠪᠠᠶᠢᠪᠠᠯ᠂ | ᠲᠣᠭᠲᠠᠭᠠᠭᠰᠠᠨ ᠵᠢᠷᠤᠮ ᠢ ᠦᠨᠳᠦᠰᠦᠯᠡᠨ ᠤᠳᠤ ᠶᠢᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠠᠴᠠ | ᠭᠠᠭᠴᠠ ᠲᠠᠯ᠎ᠠ ᠠᠴᠠ ᠭᠡᠷ ᠪᠠᠶᠢᠰᠢᠩ ᠭᠠᠵᠠᠷ ᠰᠢᠷᠣᠢ ᠶᠢᠨ ᠡᠷᠬᠡ ᠶᠢᠨ ᠪᠡᠶᠡᠴᠢ ᠴᠣᠭᠴᠠ ᠶᠢ ᠨᠢᠭᠡᠳᠦᠯᠲᠡᠢ ᠦᠯᠦ | ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ;ᠭᠠᠵᠠᠷ ᠰᠢᠷᠣᠢ ᠶᠢ ᠨᠢᠭᠡᠨᠲᠡ | ᠳᠠᠩᠰᠠᠯᠠᠭᠤᠯᠤᠭᠰᠠᠨ ᠪᠣᠯᠪᠠᠴᠤ ᠭᠡᠷ ᠪᠠᠶᠢᠰᠢᠩ ᠢ ᠳᠠᠩᠰᠠᠯᠠᠭᠤᠯᠤᠭᠰᠠᠨ ᠦᠭᠡᠢ ᠪᠥᠭᠡᠳ ᠬᠤᠶᠠᠭᠤᠯᠠ ᠶᠢᠨ ᠬᠡᠷᠡᠭᠴᠡᠭᠡ | ᠨᠢ ᠨᠢᠭᠡᠳᠦᠯ ᠦᠭᠡᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠲᠥᠯᠦᠪᠵᠢᠭᠦᠯᠭᠡ ᠶᠢ ᠬᠢᠨᠠᠨ ᠬᠠᠷᠭᠤᠭᠤᠯᠤᠭᠰᠠᠨ ᠰᠠᠨᠠᠯ ᠭᠠᠷᠭᠠᠭᠰᠠᠨ ᠤ ᠲᠠᠷᠠᠭ᠎ᠠ᠂ ᠲᠥᠯᠦᠪᠵᠢᠭᠦᠯᠭᠡ ᠶᠢ ᠬᠢᠨᠠᠨ | ᠬᠠᠷᠭᠤᠭᠤᠯᠤᠭᠰᠠᠨ ᠰᠠᠨᠠᠯ ᠶᠣᠰᠣᠭᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠨ᠎ᠡ᠃ | ᠲᠠᠪᠤᠳᠤᠭᠠᠷ ᠵᠦᠢᠯ ᠨᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠬᠡ ᠶᠢ ᠪᠠᠶᠢᠴᠠᠭᠠᠨ ᠪᠢᠲᠡᠭᠦᠮᠵᠢᠯᠡᠭᠰᠡᠨ ᠪᠤᠶᠤ ᠪᠠᠷᠢᠴᠠᠭᠠᠯᠠᠭᠰᠠᠨ ᠪᠠᠶᠢᠳᠠᠯ ᠤᠨ ᠳᠣᠣᠷ᠎ᠠ᠂ ᠬᠤᠯᠪᠣᠭᠳᠠᠯ | ᠪᠦᠬᠦᠢ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠰᠢᠢᠳᠪᠦᠷᠢᠯᠡᠬᠦ ᠠᠷᠭ᠎ᠠ ᠪᠣᠯᠣᠨ᠎ᠠ᠃ᠭᠤᠶᠤᠴᠢᠯᠠᠭᠴᠢ | ᠨᠢ ᠭᠦᠢᠴᠡᠳᠬᠡᠭᠳᠡᠭᠴᠢ ᠶᠢ ᠪᠠᠶᠢᠴᠠᠭᠠᠨ ᠪᠢᠲᠡᠭᠦᠮᠵᠢᠯᠡᠬᠦ ᠲᠠᠢ ᠨᠢᠭᠡᠳᠦᠯᠲᠡᠢ ᠪᠠᠶᠢᠪᠠᠯ᠂ ᠤᠯᠤᠰ ᠤᠨ ᠥᠮᠴᠢᠯᠡᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ | ᠠᠩᠬ᠎ᠠ ᠤᠳᠠᠭ᠎ᠠ ᠳᠠᠩᠰᠠᠯᠠᠭᠤᠯᠵᠤ ᠪᠣᠯᠣᠨ᠎ᠠ;ᠪᠠᠷᠢᠴᠠᠭᠠᠯᠠᠬᠤ ᠡᠷᠬᠡ ᠶᠢ ᠨᠢᠭᠡᠨᠲᠡ ᠲᠣᠭᠲᠠᠭᠠᠭᠰᠠᠨ ᠪᠠᠶᠢᠪᠠᠯ᠂ ᠬᠤᠶᠠᠷ | ᠲᠠᠯ᠎ᠠ ᠶᠢᠨ ᠲᠤᠬᠠᠢ ᠶᠢᠨ ᠬᠥᠮᠥᠨ ᠠᠰᠲᠠᠭᠠᠨ ᠪᠣᠯᠵᠣᠨ ᠲᠣᠭᠲᠠᠭᠰᠠᠨ ᠪᠠᠶᠢᠳᠠᠯ ᠢ ᠭᠠᠷᠭᠠᠪᠠᠯ᠂ ᠪᠠᠷᠢᠴᠠᠭᠠᠯᠠᠬᠤ | ᠬᠤᠭᠤᠴᠠᠭᠠᠨ ᠳᠤ ᠪᠠᠷᠢᠴᠠᠭᠠᠯᠠᠭᠴᠢ ᠪᠠᠷᠢᠴᠠᠭᠠᠯᠠᠬᠤ ᠡᠳ᠋ ᠬᠥᠷᠥᠩᠭᠡ ᠪᠠᠨ ᠰᠢᠯᠵᠢᠭᠦᠯᠦᠨ ᠥᠭᠴᠦ ᠪᠣᠯᠣᠨ᠎ᠠ᠃ | ᠵᠢᠷᠭᠤᠳᠤᠭᠠᠷ ᠵᠦᠢᠯ ᠨᠢ ᠠᠵᠤ ᠠᠬᠤᠶᠢᠯᠠᠯ ᠤᠨ ᠤᠰᠠᠳᠴᠤ ᠭᠡᠭᠡᠭᠳᠡᠭᠰᠡᠨ ᠨᠢ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠨᠥᠯᠥᠭᠡᠯᠡᠬᠦ ᠳᠤ ᠭᠦᠷᠪᠡᠯ᠂ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ | ᠂ ᠥᠯᠥ ᠬᠥᠳᠡᠯᠬᠦ ᠬᠥᠷᠥᠩᠭᠡ ᠶᠢ ᠪᠣᠯ ᠭᠤᠶᠤᠴᠢᠯᠠᠯ ᠢᠶᠠᠷ ᠳᠡᠩᠰᠡᠯᠡᠵᠦ᠂ ᠠᠵᠤ ᠠᠬᠤᠶᠢᠯᠠᠯ ᠤᠨ ᠤᠰᠠᠳᠴᠤ | ᠭᠡᠭᠡᠭᠳᠡᠭᠰᠡᠨ ᠨᠢ ᠳᠠᠷᠤᠢ ᠳᠠᠩᠰᠠᠯᠠᠭᠤᠯᠬᠤ ᠪᠠᠷ ᠭᠤᠶᠤᠴᠢᠯᠠᠬᠤ ᠪᠡᠶᠡᠴᠢ ᠴᠣᠭᠴᠠ ᠦᠭᠡᠢ ᠪᠣᠯᠤᠭᠰᠠᠨ ᠢ ᠬᠠᠷᠠᠭᠤᠯᠵᠤ | ᠪᠠᠶᠢᠨ᠎ᠠ᠂ ︽ᠵᠢᠯᠤᠭᠤᠳᠬᠤ ᠰᠠᠨᠠᠯ︾ ᠳᠤ ᠪᠠᠰᠠ ᠪᠠᠶᠢᠳᠠᠯ ᠢ ᠢᠯᠭᠠᠨ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠢ | ᠲᠣᠭᠲᠠᠭᠠᠭᠰᠠᠨ ᠪᠠᠶᠢᠨ᠎ᠠ᠃ᠵᠠᠯᠭᠠᠮᠵᠢᠯᠠᠬᠤ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠠᠢ ᠪᠠᠶᠢᠪᠠᠯ᠂ ᠵᠠᠯᠭᠠᠮᠵᠢᠯᠠᠬᠤ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢᠶᠠᠷ ᠳᠠᠩᠰᠠᠯᠠᠭᠤᠯᠬᠤ ᠪᠠᠷ ᠭᠤᠶᠤᠴᠢᠯᠠᠬᠤ ᠪᠡᠶᠡᠴᠢ ᠴᠣᠭᠴᠠ ᠪᠣᠯᠭᠠᠨ᠎ᠠ;ᠵᠠᠯᠭᠠᠮᠵᠢᠯᠠᠬᠤ ᠨᠢᠭᠡᠴᠢ ᠪᠠ ᠳᠡᠭᠡᠳᠦ | ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠶᠢᠬᠤ ᠦᠭᠡᠢ ᠪᠣᠯ᠂ ᠦᠯᠦ ᠬᠥᠳᠡᠯᠬᠦ ᠬᠥᠷᠥᠩᠭᠡ ᠶᠢᠨ ᠪᠠᠶᠢᠭ᠎ᠠ | ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠮᠵᠢ ᠪᠤᠶᠤ ᠵᠣᠬᠢᠶᠠᠨ | ᠪᠠᠶᠢᠭᠤᠯᠤᠯᠲᠠ ᠶᠢ ᠵᠢᠭᠠᠨ ᠲᠣᠭᠲᠠᠭᠠᠵᠤ ᠳᠠᠩᠰᠠᠯᠠᠭᠤᠯᠬᠤ ᠭᠤᠶᠤᠴᠢᠯᠠᠯ ᠭᠠᠷᠭᠠᠵᠤ ᠪᠣᠯᠣᠨ᠎ᠠ᠃ | ᠳᠡᠭᠡᠷᠡᠬᠢ ᠪᠣᠯ ᠬᠤᠶᠠᠳᠤᠭᠠᠷ ᠬᠡᠰᠡᠭ ᠤᠨ ᠠᠵᠢᠯ ᠤᠨ ᠠᠷᠭ᠎ᠠ ᠬᠡᠮᠵᠢᠶ᠎ᠡ ᠳᠤ ᠲᠣᠳᠣᠷᠬᠠᠶᠢᠯᠠᠭᠰᠠᠨ ᠵᠢᠷᠭᠤᠭᠠᠨ | ᠵᠦᠢᠯ ᠤᠨ ᠪᠠᠶᠢᠳᠠᠯ ᠪᠣᠯᠣᠨ᠎ᠠ᠃ | ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ᠡᠨᠡ ᠬᠡᠰᠡᠭ ᠲᠤ ᠡᠯ᠎ᠡ ᠱᠠᠲᠤᠨ ᠤ | ᠵᠠᠰᠠᠭ ᠤᠨ ᠣᠷᠳᠣᠨ ᠪᠣᠯ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ ᠭᠡᠳᠡᠭ ᠢ ᠲᠣᠳᠣᠷᠬᠠᠶᠢᠯᠠᠵᠤ᠂ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ | ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠵᠤ | ᠂ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠢ ᠦᠷᠭᠦᠯᠵᠢᠯᠡᠨ ᠲᠦᠷᠦᠭᠦᠯᠡᠨ | ᠵᠣᠬᠢᠶᠠᠨ ᠪᠠᠶᠢᠭᠤᠯᠵᠤ ᠨᠢᠭᠲᠠ ᠬᠠᠮᠵᠢᠯᠴᠠᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ | ᠬᠠᠮᠲᠤ ᠬᠤᠶᠠᠷ ᠵᠦᠢᠯ ᠤᠨ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠯ᠎ᠡ ᠠᠶᠢᠮᠠᠭ ᠬᠤᠲᠠ ᠶᠢ | ᠲᠣᠰ ᠰᠠᠨᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠥᠷᠥᠯ | ᠵᠦᠢᠯ ᠤᠨ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ᠂ ᠭᠠᠵᠠᠷ | ᠬᠡᠷᠡᠭᠯᠡᠬᠦ ᠭᠠᠷᠳᠠᠮ᠂ ᠲᠤᠰᠢᠶᠠᠭᠠᠳᠤᠢ ᠭᠠᠶᠢᠯᠢ ᠰᠦᠢᠳᠬᠡᠯ᠂ ᠥᠯᠥ ᠬᠥᠳᠡᠯᠬᠦ ᠬᠥᠷᠥᠩᠭᠡ ᠶᠢ ᠪᠠᠶᠢᠴᠠᠭᠠᠨ | ᠪᠢᠲᠡᠭᠦᠮᠵᠢᠯᠡᠬᠦ᠂ ᠬᠤᠳᠠᠯᠳᠤᠭᠠᠨ ᠤ ᠫᠦᠰᠡ ᠳᠡᠯᠭᠡᠭᠦᠷ ᠵᠢᠴᠢ ᠲᠡᠷᠭᠡᠨ ᠬᠥᠮᠥᠷᠭᠡ ᠲᠡᠷᠭᠡᠨ ᠵᠣᠭᠰᠣᠭᠠᠯ ᠵᠡᠷᠭᠡ | ᠲᠠᠯ᠎ᠠ ᠪᠠᠷ ᠨᠠᠷᠢᠯᠢᠭᠵᠢᠭᠤᠯᠤᠭᠰᠠᠨ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠬᠤ ᠬᠡᠷᠡᠭᠲᠡᠢ︔ᠬᠤᠶᠠᠷ ᠲᠤ ᠡᠯ᠎ᠡ | ᠭᠠᠵᠠᠷ ᠤᠨ ᠬᠢᠨ ᠪᠠᠶᠢᠳᠠᠯ ᠢ ᠣᠶᠢᠯᠠᠭᠠᠬᠤ ᠶᠢᠨ ᠵᠡᠷᠭᠡ ᠳᠤ ᠲᠦᠯᠬᠢᠨ ᠠᠬᠢᠭᠤᠯᠵᠤ᠂ ᠠᠰᠠᠭᠤᠳᠠᠯ ᠤᠨ ᠡᠬᠡ | ᠳᠠᠩᠰᠠ ᠭᠠᠷᠭᠠᠬᠤ ᠬᠡᠷᠡᠭᠲᠡᠢ ᠭᠡᠵᠦ ᠱᠠᠭᠠᠷᠳᠠᠵᠠᠢ᠃ᠥᠯᠥ ᠬᠥᠳᠡᠯᠬᠦ ᠬᠥᠷᠥᠩᠭᠡ ᠪᠣᠯ ᠭᠤᠶᠤᠴᠢᠯᠠᠯ ᠢ | ᠦᠨᠳᠦᠰᠦᠯᠡᠨ ᠳᠠᠩᠰᠠᠯᠠᠭᠤᠯᠬᠤ ᠶᠢ ᠪᠣᠳᠣᠯᠬᠢᠯᠠᠵᠤ᠂ ᠡᠯ᠎ᠡ ᠭᠠᠵᠠᠷ ᠤᠨ ᠬᠢᠨ ᠠᠵᠢᠯ ᠤᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠠᠵᠢᠯ ᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠤᠶ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ | ᠨᠢᠭᠡ ᠳᠤ ᠡᠯ᠎ᠡ ᠭᠠᠵᠠᠷ ᠤᠨ ᠬᠢᠨ ᠢ ᠵᠢᠯᠣᠭᠤᠳᠤᠨ ᠲᠣᠰ ᠰᠠᠨᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠰᠠᠨᠠᠯ ᠢ ᠠᠯᠢ ᠲᠦᠷᠭᠡᠨ ᠢᠶᠠᠷ ᠰᠤᠳᠤᠯᠤᠨ | ᠲᠣᠭᠲᠠᠭᠠᠵᠤ ᠨᠠᠷᠢᠯᠢᠭᠵᠢᠭᠤᠯᠤᠨ᠂ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠰᠠᠭᠤᠳᠠᠯ ᠤᠨ ᠡᠬᠡ | ᠲᠠᠩᠰᠠ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠲᠦᠷᠦᠭᠦᠯᠡᠨ | ᠲᠣᠬᠢᠷᠠᠭᠤᠯᠬᠤ ᠪᠠᠨ ᠴᠢᠩᠭᠠᠳᠬᠠᠵᠤ᠂ ᠠᠰᠠᠭᠤᠳᠠᠯ ᠢ ᠠᠯᠢ ᠲᠦᠷᠭᠡᠨ ᠢᠶᠠᠷ ᠰᠢᠢᠳᠪᠦᠷᠢᠯᠡᠬᠦ ᠶᠢ ᠲᠦᠯᠬᠢᠨ | ᠠᠬᠢᠭᠤᠯᠤᠨ᠎ᠠ᠃ | ᠬᠤᠶᠠᠷ ᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ | ᠴᠢᠩᠭᠠᠷᠠᠭᠤᠯᠤᠨ᠂ ᠦᠢᠯᠡᠴᠢᠯᠡᠭᠡᠨ ᠤ ᠴᠤᠪᠤᠷᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ ᠶᠢ ᠡᠵᠡᠮᠰᠢᠨ᠂ ᠲᠠᠰ ᠳᠠᠷᠠᠭᠠᠯᠠᠯ ᠢ ᠲᠣᠳᠣᠷᠬᠠᠶᠢᠯᠠᠵᠤ᠂ ᠢᠳᠡᠪᠬᠢᠲᠡᠢ ᠪᠠᠷ ᠭᠤᠶᠤᠴᠢᠯᠠᠨ | ᠰᠢᠢᠳᠪᠦᠷᠢᠯᠡᠭᠦᠯᠦᠨ᠎ᠡ᠃ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠵᠤ᠂ ᠯᠠᠪᠯᠠᠯᠭ᠎ᠠ ᠶᠢᠨ ᠦᠢᠯᠡᠴᠢᠯᠡᠭᠡᠨ | ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠭᠠᠵᠠᠷ ᠰᠢᠷᠣᠢ ᠬᠡᠷᠡᠭᠯᠡᠬᠦ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠢ ᠭᠦᠢᠴᠡᠳᠬᠡᠨ᠎ᠡ᠃ | ᠪᠢ ᠡᠳᠡᠭᠡᠷ ᠢ ᠲᠠᠨᠢᠯᠴᠠᠭᠤᠯᠤᠶ᠎ᠠ᠂ ᠲᠠ ᠪᠦᠬᠦᠨ ᠳᠤ ᠪᠠᠶᠠᠷᠯᠠᠯ᠎ᠠ᠃ | ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠥᠪᠥᠷ ᠮᠣᠩᠭᠤᠯ ᠤᠨ ᠥᠷᠯᠥᠭᠡ ᠶᠢᠨ ᠰᠣᠨᠢᠨ᠄ ︽ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ | ᠳᠠᠷᠠᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠶᠠᠮᠠᠷ ᠶᠠᠮᠠᠷ ᠲᠠᠯ᠎ᠠ ᠪᠠᠷ ᠠᠵᠢᠯ ᠢᠶᠠᠨ ᠥᠷᠨᠢᠭᠦᠯᠬᠦ | ᠴᠢᠬᠤᠯᠠᠲᠠᠢ ᠪᠣᠶ︖ | ᠵᠠᠩ ᠮᠢᠨ᠄ ᠪᠢᠳᠡ ᠠᠵᠢᠯ ᠢᠶᠠᠨ ᠠᠬᠢᠭᠤᠯᠬᠤ ᠶᠠᠪᠤᠴᠠ ᠳᠤ ᠣᠯᠵᠤ ᠮᠡᠳᠡᠭᠰᠡᠨ ᠨᠢ᠂ ᠵᠠᠷᠢᠮ ᠠᠰᠠᠭᠤᠳᠠᠯ ᠨᠢ | ᠬᠡᠳᠦᠶᠢᠪᠡᠷ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠶᠢᠨ ᠠᠷᠭ᠎ᠠ ᠦᠭᠡᠢ ᠪᠠᠶᠢᠬᠤ ᠳᠡᠭᠡᠷ᠎ᠡ ᠢᠯᠡᠷᠡᠵᠦ | ᠪᠠᠶᠢᠭ᠎ᠠ ᠪᠣᠯᠪᠠᠴᠤ ᠭᠤᠣᠯ ᠦᠨᠳᠦᠰᠦ ᠰᠤᠷᠪᠤᠯᠵᠢ ᠨᠢ ᠪᠣᠯ ᠵᠦᠢᠯᠡᠰ ᠢ ᠵᠢᠷᠤᠮᠵᠢᠭᠤᠨ ᠬᠡᠷᠡᠭᠵᠢᠭᠦᠯᠦᠭᠰᠡᠨ | ᠦᠭᠡᠢ ᠠᠴᠠ ᠪᠣᠯᠵᠤ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠨᠥᠬᠦᠴᠡᠯ ᠢ ᠪᠦᠷᠢᠯᠳᠦᠭᠦᠯᠦᠭᠰᠡᠨ | ᠦᠭᠡᠢ ᠠᠴᠠ ᠪᠣᠯᠤᠭᠰᠠᠨ ᠶᠤᠮ᠃ᠡᠶᠢᠮᠦᠷᠬᠦ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠬᠠᠰᠢ ᠯᠠ ᠡᠯ᠎ᠡ | ᠱᠠᠲᠤᠨ ᠤ ᠵᠠᠰᠠᠭ ᠤᠨ ᠣᠷᠳᠣᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠥᠬᠦᠪᠦᠷᠢᠯᠡᠨ ᠭᠦᠢᠴᠡᠳᠬᠡᠬᠦ᠂ | ᠠᠰᠠᠭᠤᠳᠠᠯ ᠤᠨ ᠵᠠᠩᠭᠢᠯᠠᠭ᠎ᠠ ᠶᠢ ᠠᠷᠢᠯᠭᠠᠬᠤ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠭᠠᠷᠭᠠᠬᠤ᠂ ᠦᠯᠦ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠲᠡᠭᠦᠯᠳᠡᠷᠵᠢᠭᠦᠯᠬᠦ ᠳᠤ ᠬᠡᠷᠡᠭᠰᠡᠬᠦ ᠡᠯ᠎ᠡ ᠲᠦᠷᠦᠯ ᠤᠨ ᠬᠠᠤᠯᠢ ᠪᠠᠷ | ᠲᠣᠭᠲᠠᠭᠠᠭᠰᠠᠨ ᠴᠢᠬᠤᠯᠠ ᠨᠥᠬᠦᠴᠡᠯ ᠤᠨ ᠮᠠᠲ᠋ᠧᠷᠢᠶᠠᠯ ᠪᠣᠯᠣᠨ᠎ᠠ᠃ᠬᠤᠯᠪᠣᠭᠳᠠᠯ ᠪᠦᠬᠦᠢ ᠠᠵᠢᠯ ᠢ ᠭᠤᠣᠯᠳᠠᠭᠤ | ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠪᠡᠶᠡᠯᠡᠭᠦᠯᠦᠨ᠎ᠡ᠂ ︽ᠵᠢᠯᠤᠭᠤᠳᠬᠤ ᠰᠠᠨᠠᠯ︾ ᠳᠤ᠂ ᠡᠯ᠎ᠡ | ᠱᠠᠲᠤᠨ ᠤ ᠵᠠᠰᠠᠭ ᠤᠨ ᠣᠷᠳᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ | ᠦᠢᠯᠡᠳᠦᠯ ᠢᠶᠠᠨ ᠪᠠᠳᠠᠷᠠᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ | ᠮᠥᠴᠢᠷ ᠢ ᠦᠷᠭᠦᠯᠵᠢᠯᠡᠨ ᠲᠦᠷᠦᠭᠦᠯᠡᠨ ᠵᠣᠬᠢᠶᠠᠨ ᠪᠠᠶᠢᠭᠤᠯᠵᠤ ᠨᠢᠭᠲᠠ ᠬᠠᠮᠵᠢᠯᠴᠠᠭᠤᠯᠤᠨ᠂ ᠠᠰᠠᠭᠤᠳᠠᠯ ᠢ | ᠰᠢᠢᠳᠪᠦᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ᠡᠯ᠎ᠡ ᠱᠠᠲᠤᠨ ᠤ ᠵᠠᠰᠠᠭ ᠤᠨ ᠣᠷᠳᠣᠨ | ᠪᠣᠳᠠᠲᠠᠢ ᠪᠠᠷ ᠬᠤᠶᠠᠷ ᠵᠦᠢᠯ ᠤᠨ ᠠᠵᠢᠯ ᠢ ᠬᠢᠬᠦ ᠴᠢᠬᠤᠯᠠ ᠲᠠᠢ ᠪᠠᠶᠢᠨ᠎ᠠ᠃ ᠨᠢᠭᠡ ᠳᠤ ︽ᠵᠢᠯᠤᠭᠤᠳᠬᠤ ᠰᠠᠨᠠᠯ︾ | ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠪᠣᠳᠠᠲᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠠᠰᠠᠭᠤᠳᠠᠯ ᠤᠨ | ᠲᠥᠷᠥᠯ ᠵᠦᠢᠯ ᠪᠣᠯᠣᠨ ᠡᠯ᠎ᠡ ᠠᠶᠢᠮᠠᠭ ᠬᠤᠲᠠ ᠶᠢᠨ ᠪᠣᠳᠠᠲᠠᠢ ᠠᠷᠭ᠎ᠠ ᠬᠢᠳᠡᠯ ᠠᠴᠠ ᠦᠵᠡᠪᠡᠯ᠂ ᠡᠯ᠎ᠡ ᠭᠠᠵᠠᠷ ᠤᠨ | ᠬᠢᠨ ᠬᠤᠯᠪᠣᠭᠳᠠᠯ ᠪᠦᠬᠦᠢ ᠭᠠᠶᠢᠯᠢ ᠰᠦᠢᠳᠬᠡᠯ ᠢ ᠲᠤᠰᠢᠶᠠᠭᠠᠳᠤᠢ ᠪᠠᠶᠢᠬᠤ ᠵᠢᠴᠢ ᠥᠯᠥ ᠬᠥᠳᠡᠯᠬᠦ ᠬᠥᠷᠥᠩᠭᠡ ᠶᠢ | ᠪᠢᠲᠡᠭᠦᠮᠵᠢᠯᠡᠭᠰᠡᠨ ᠤ ᠳᠠᠷᠠᠭᠠᠬᠢ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠲᠠᠯ᠎ᠠ ᠪᠠᠷ᠂ ᠬᠢᠬᠦ ᠠᠷᠭ᠎ᠠ | ᠨᠢ ᠪᠦᠷᠢᠮᠦᠰᠦᠨ ᠠᠳᠠᠯᠢ ᠪᠢᠰᠢ᠂ ᠡᠶᠢᠮᠦ ᠠᠴᠠ ᠡᠯ᠎ᠡ ᠭᠠᠵᠠᠷ ᠤᠨ ᠬᠢᠨ ᠪᠣᠳᠠᠲᠠᠢ ᠬᠡᠷᠡᠭᠵᠢᠭᠦᠯᠬᠦ ᠰᠠᠨᠠᠯ ᠭᠠᠷᠭᠠᠬᠤ ᠶᠢ | ᠱᠠᠭᠠᠷᠳᠠᠵᠤ ᠪᠠᠶᠢᠭ᠎ᠠ ᠨᠢ ᠦᠨᠡᠨ ᠳᠡᠭᠡᠨ ᠡᠯ᠎ᠡ ᠠᠶᠢᠮᠠᠭ ᠬᠤᠲᠠ ᠳᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ | ᠲᠠᠯ᠎ᠠ ᠪᠠᠷ ᠵᠣᠬᠢᠬᠤ ᠲᠥᠷᠥ ᠶᠢᠨ ᠪᠣᠳᠣᠯᠭ᠎ᠠ ᠶᠢᠨ ᠣᠷᠣᠨ ᠵᠠᠢ ᠦᠯᠡᠳᠡᠭᠡᠵᠦ ᠥᠭᠬᠦ ᠶᠢᠨ ᠬᠠᠮᠲᠤ ᠨᠠᠷᠢᠯᠢᠭᠵᠢᠭᠤᠯᠬᠤ | ᠴᠢᠬᠤᠯᠠᠲᠠᠢ ᠠᠭᠤᠯᠭ᠎ᠠ ᠶᠢ ᠲᠣᠳᠣᠷᠬᠠᠶᠢᠯᠠᠭᠰᠠᠨ ᠶᠠᠪᠤᠳᠠᠯ ᠪᠣᠯᠣᠨ᠎ᠠ᠂ ᠡᠭᠦᠨ ᠠᠴᠠ ᠭᠠᠳᠠᠨ᠎ᠠ᠂ ᠥᠯᠥ ᠬᠥᠳᠡᠯᠬᠦ | ᠬᠥᠷᠥᠩᠭᠡ ᠶᠢ ᠭᠤᠶᠤᠴᠢᠯᠠᠨ ᠳᠠᠩᠰᠠᠯᠠᠭᠤᠯᠬᠤ ᠰᠢᠨᠵᠢ ᠴᠢᠨᠠᠷ ᠢᠶᠠᠷ ᠨᠢ ᠤᠬᠠᠭᠤᠯᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠨᠠᠩ ᠣᠯᠠᠨ ᠨᠥᠬᠦᠴᠡᠯ ᠪᠦᠷᠢᠳᠦᠭᠰᠡᠨ ᠠᠵᠤ ᠠᠬᠤᠶᠢᠯᠠᠯ ᠢᠶᠠᠷ ᠳᠠᠩᠰᠠᠯᠠᠭᠤᠯᠬᠤ | ᠭᠤᠶᠤᠴᠢᠯᠠᠯ ᠭᠠᠷᠭᠠᠭᠤᠯᠬᠤ ᠴᠢᠬᠤᠯᠠᠲᠠᠢ ᠪᠠᠶᠢᠨ᠎ᠠ︔ᠬᠤᠶᠠᠷ ᠲᠤ᠂ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ | ᠮᠥᠴᠢᠷ ᠢ ᠨᠢᠭᠡᠳᠦᠯᠲᠡᠢ ᠲᠥᠯᠥᠪᠯᠡᠬᠦ ᠶᠢ ᠱᠠᠭᠠᠷᠳᠠᠵᠤ᠂ ᠡᠨᠡ ᠵᠢᠯ ᠤᠨ 10 ᠰᠠᠷ᠎ᠠ ᠶᠢᠨ ᠰᠡᠭᠦᠯᠴᠢ ᠠᠴᠠ ᠡᠮᠦᠨ᠎ᠡ | ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ ᠤᠨ ᠰᠢᠯᠲᠠᠭᠠᠨ ᠢ ᠡᠮᠬᠢᠯᠡᠨ ᠳᠢᠭᠯᠡᠵᠦ᠂ ᠡᠭᠦᠨ ᠤ | ᠰᠠᠭᠤᠷᠢᠨ ᠳᠡᠭᠡᠷ᠎ᠡ ᠠᠰᠠᠭᠤᠳᠠᠯ ᠪᠠ ᠬᠡᠮ ᠰᠣᠭᠤᠭ ᠢ ᠣᠨᠣᠪᠴᠢᠲᠠᠶ ᠡᠷᠢᠨ ᠣᠯᠵᠤ᠂ ︽ᠶᠠᠭᠤ ᠳᠤᠲᠠᠭᠳᠠᠪᠠᠯ | ᠶᠠᠭᠤ ᠶᠢ ᠨᠥᠬᠦᠪᠦᠷᠢᠯᠡᠬᠦ᠂ ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠳᠠᠬᠢᠨ ᠬᠠᠷᠢᠭᠤᠴᠠᠯᠭᠠᠲᠤ ᠰᠠᠯᠠᠭ᠎ᠠ ᠮᠥᠴᠢᠷ ᠠᠴᠠ | ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠢᠯᠭᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ | ᠭᠠᠷᠭᠠᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ | ᠠᠵᠢᠯ ᠢ ᠲᠦᠯᠬᠢᠨ ᠠᠬᠢᠭᠤᠯᠬᠤ ᠳᠤ ᠲᠥᠬᠦᠮ ᠪᠣᠯᠭᠠᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠄ ᠠᠵᠤ ᠠᠬᠤᠶᠢᠯᠠᠯ ᠶᠠᠭᠤ ᠬᠢᠬᠦ ᠴᠢᠬᠤᠯᠠᠲᠠᠢ ᠪᠣᠶ︖ | ᠵᠠᠩ ᠮᠢᠨ᠄ ︽ᠵᠢᠯᠤᠭᠤᠳᠬᠤ ᠰᠠᠨᠠᠯ︾ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠳᠤ ᠲᠠᠷᠬᠠᠭᠠᠭᠰᠠᠨ ᠪᠣᠯᠬᠤᠷ᠂ ᠬᠠᠮᠢᠶ᠎ᠠ ᠪᠦᠬᠦᠢ ᠠᠵᠤ ᠠᠬᠤᠶᠢᠯᠠᠯ ᠤᠳ ᠡᠩ | ᠲᠡᠷᠢᠭᠦᠨ ᠳᠤ ︽ᠵᠢᠯᠤᠭᠤᠳᠬᠤ ᠰᠠᠨᠠᠯ︾ ᠤᠨ ᠠᠴᠢ ᠬᠤᠯᠪᠣᠭᠳᠠᠯ ᠪᠠ ᠠᠭᠤᠯᠤᠭᠳᠠᠬᠤᠨ ᠢ ᠣᠶᠢᠯᠠᠭᠠᠵᠤ᠂ ᠪᠢᠴᠢᠭ | ᠮᠠᠲ᠋ᠧᠷᠢᠶᠠᠯ ᠤᠨ ᠠᠭᠤᠯᠭ᠎ᠠ ᠶᠢ ᠰᠢᠩᠭᠡᠭᠡᠵᠦ᠂ ᠲᠣᠰ ᠠᠵᠤ ᠠᠬᠤᠶᠢᠯᠠᠯ ᠤᠨ ᠬᠡᠷᠡᠭᠯᠡᠬᠦ ᠭᠠᠵᠠᠷ ᠲᠤ ᠬᠤᠯᠪᠣᠭᠳᠠᠭᠰᠠᠨ | ᠠᠰᠠᠭᠤᠳᠠᠯ ᠨᠢ ︽ᠵᠢᠯᠤᠭᠤᠳᠬᠤ ᠰᠠᠨᠠᠯ︾ ᠢ ᠠᠷᠢᠯᠭᠠᠬᠤ ᠬᠡᠪᠴᠢᠶᠡᠨ ᠳᠤ ᠪᠠᠶᠢᠬᠤ ᠡᠰᠡᠬᠦ ᠶᠢ ᠠᠩᠬ᠎ᠠ ᠠᠯᠬᠤᠮ | ᠮᠠᠭᠠᠳᠯᠠᠬᠤ ᠬᠡᠷᠡᠭᠲᠡᠢ᠃︽ᠵᠢᠯᠤᠭᠤᠳᠬᠤ ᠰᠠᠨᠠᠯ︾ ᠢ ᠣᠯᠣᠭᠰᠠᠨ ᠦᠭᠡᠢ ᠠᠵᠤ ᠠᠬᠤᠶᠢᠯᠠᠯ ᠢ ᠲᠤᠬᠠᠢ ᠶᠢᠨ | ᠭᠠᠵᠠᠷ ᠤᠨ ᠵᠠᠰᠠᠭ ᠤᠨ ᠣᠷᠳᠣᠨ ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠳᠠᠮᠵᠢᠭᠤᠯᠤᠨ | ᠣᠶᠢᠯᠠᠭᠠᠵᠤ ᠪᠣᠯᠣᠨ᠎ᠠ︔ᠡᠭᠦᠨ ᠤ ᠰᠠᠭᠤᠷᠢᠨ ᠳᠡᠭᠡᠷ᠎ᠡ ᠲᠣᠰ ᠠᠵᠤ ᠠᠬᠤᠶᠢᠯᠠᠯ ᠤᠨ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠭᠰᠡᠨ ᠪᠠᠶᠢᠳᠠᠯ ᠢ ᠡᠮᠬᠢᠯᠡᠵᠦ᠂ ᠳᠠᠷᠠᠭ᠎ᠠ ᠨᠢ ᠵᠠᠰᠠᠭ ᠤᠨ ᠣᠷᠳᠣᠨ ᠤ ᠲᠦᠷᠦᠭᠦᠯᠡᠨ ᠭᠦᠢᠴᠡᠳᠬᠡᠬᠦ ᠰᠠᠯᠠᠭ᠎ᠠ | ᠮᠥᠴᠢᠷ ᠯᠦᠭᠡ ᠬᠠᠷᠢᠯᠴᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠵᠤ᠂ ᠵᠠᠰᠠᠭ ᠤᠨ ᠣᠷᠳᠣᠨ ᠠᠴᠠ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠠᠶᠢᠳᠠᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠪᠠᠷ | ᠳᠡᠮᠵᠢᠨ ︽ᠵᠢᠯᠤᠭᠤᠳᠬᠤ ᠰᠠᠨᠠᠯ︾ ᠤᠨ ᠠᠵᠢᠯ ᠤᠨ ᠬᠦᠷᠢᠶ᠎ᠡ ᠬᠡᠪᠴᠢᠶᠡᠨ ᠳᠤ ᠨᠡᠶᠢᠴᠡᠬᠦ ᠲᠥᠷᠥᠯ ᠵᠦᠢᠯ ᠢ | ᠲᠤᠬᠠᠢ ᠶᠢᠨ ᠭᠠᠵᠠᠷ ᠤᠨ ᠠᠰᠠᠭᠤᠳᠠᠯ ᠤᠨ ᠡᠬᠡ ᠲᠠᠩᠰᠠᠨ ᠳᠤ ᠣᠷᠣᠭᠤᠯᠬᠤ ᠬᠡᠷᠡᠭᠲᠡᠢ᠃ᠡᠬᠡ ᠲᠠᠩᠰᠠᠨ ᠳᠤ | ᠣᠷᠣᠭᠤᠯᠤᠭᠰᠠᠨ ᠲᠥᠷᠥᠯ ᠵᠦᠢᠯ ᠳᠤ᠂ ᠵᠠᠰᠠᠭ ᠤᠨ ᠣᠷᠳᠣᠨ ᠠᠴᠠ ᠲᠥᠷᠥᠯ ᠵᠦᠢᠯ ᠳᠤ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠰᠡᠳᠬᠢᠮᠵᠢ ᠪᠠᠨ ᠳᠤᠷᠠᠳᠤᠨ ᠭᠠᠷᠭᠠᠵᠤ᠂ ᠬᠤᠯᠪᠣᠭᠳᠠᠯ ᠪᠦᠬᠦᠢ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠬᠤ ᠬᠡᠷᠡᠭᠲᠡᠢ᠂ ᠵᠢᠱᠢᠶᠡᠯᠡᠪᠡᠯ ᠲᠥᠷᠥᠯ ᠵᠦᠢᠯ ᠨᠢ ᠪᠠᠷᠢᠯᠭ᠎ᠠ | ᠳᠠᠭᠤᠰᠴᠤ ᠰᠢᠯᠭᠠᠨ ᠠᠪᠤᠭᠰᠠᠨ ᠦᠭᠡᠢ ᠪᠣᠯ ᠲᠤᠬᠠᠢ ᠶᠢᠨ ᠭᠠᠵᠠᠷ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠠᠬᠢᠭᠤᠯᠵᠤ᠂ ᠭᠠᠵᠠᠷ ᠰᠢᠷᠣᠢ | ᠬᠠᠩᠭᠠᠬᠤ ᠦᠭᠡᠢ ᠪᠣᠯ ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠲᠦᠷᠦᠭᠦᠯᠡᠨ ᠭᠠᠷ ᠭᠦᠢᠴᠡᠳᠬᠡᠯ ᠢ ᠲᠡᠭᠦᠯᠳᠡᠷᠵᠢᠭᠦᠯᠬᠦ ᠰᠠᠨᠠᠯ ᠢᠶᠠᠨ ᠳᠤᠷᠠᠳᠬᠤ ᠬᠡᠷᠡᠭᠲᠡᠢ᠃ᠡᠨᠡ ᠬᠤᠭᠤᠴᠠᠭᠠᠨ ᠳᠤ | ᠠᠵᠤ ᠠᠬᠤᠶᠢᠯᠠᠯ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠬᠢᠭᠤᠯᠤᠨ ᠨᠠᠶᠢᠳᠠᠪᠤᠷᠢᠵᠢᠭᠤᠯᠬᠤ ᠰᠠᠨᠠᠯ ᠤᠨ | ᠶᠣᠰᠣᠭᠠᠷ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ | ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠪᠦᠬᠦᠯᠢ ᠴᠣᠭᠴᠠ ᠶᠢᠨ ᠠᠬᠢᠴᠠ ᠶᠢ ᠲᠦᠯᠬᠢᠨ ᠠᠬᠢᠭᠤᠯᠬᠤ | ᠴᠢᠬᠤᠯᠠᠲᠠᠢ ᠪᠠᠶᠢᠨ᠎ᠠ᠃ | ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠰᠣᠨᠢᠨ᠄ ᠲᠡᠦᠬᠡ ᠶᠢᠨ ᠰᠢᠯᠲᠠᠭᠠᠨ ᠠᠴᠠ ᠪᠣᠯᠵᠤ᠂ | ᠲᠤᠬᠠᠢ ᠶᠢᠨ ᠵᠢᠯ ᠳᠤ ᠲᠥᠯᠦᠪᠵᠢᠭᠦᠯᠭᠡ ᠶᠢ ᠰᠢᠯᠭᠠᠨ ᠠᠪᠬᠤ ᠭᠠᠷ ᠭᠦᠢᠴᠡᠳᠬᠡᠯ ᠬᠢᠭᠰᠡᠨ ᠦᠭᠡᠢ ᠠᠴᠠ ᠪᠣᠯᠵᠤ | ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠬᠦ ᠶᠢ ᠨᠥᠯᠥᠭᠡᠯᠡᠭᠰᠡᠨ ᠪᠠᠶᠢᠳᠠᠯ ᠳᠤ᠂ | ᠡᠶᠢᠮᠦᠷᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠶ︖ | ᠸᠠᠩ ᠰᠢᠤᠸᠠᠢ ᠹᠧᠩ᠄ ᠲᠥᠯᠦᠪᠵᠢᠭᠦᠯᠭᠡ ᠶᠢ ᠬᠢᠨᠠᠨ ᠬᠠᠷᠭᠤᠭᠤᠯᠬᠤ ᠳᠤ ᠭᠤᠣᠯᠳᠠᠭᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ | ᠵᠥᠪᠰᠢᠶᠡᠷᠡᠯ ᠤᠨ ᠠᠭᠤᠯᠭ᠎ᠠ ᠶᠢᠨ ᠶᠣᠰᠣᠭᠠᠷ ᠪᠦᠲᠦᠭᠡᠨ ᠪᠠᠶᠢᠭᠤᠯᠤᠯᠲᠠ ᠬᠢᠭᠰᠡᠨ ᠡᠰᠡᠬᠦ ᠶᠢ ᠬᠢᠨᠠᠨ ᠪᠠᠶᠢᠴᠠᠭᠠᠨ᠎ᠠ᠂ | ᠳᠠᠷᠤᠢ ᠪᠢᠳᠡᠨ ᠤ ᠶᠡᠷᠦᠳᠡ ᠶᠢᠨ ᠬᠡᠯᠡᠳᠡᠭ ᠲᠥᠯᠦᠪᠵᠢᠭᠦᠯᠭᠡ ᠶᠢ ᠰᠢᠯᠭᠠᠨ ᠠᠪᠬᠤ ᠭᠤᠭᠴᠤᠭ᠎ᠠ ᠪᠣᠯᠣᠨ᠎ᠠ᠂ ᠬᠢᠨᠠᠨ | ᠪᠠᠶᠢᠴᠠᠭᠠᠬᠤ ᠭᠤᠣᠯ ᠠᠭᠤᠯᠭ᠎ᠠ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯᠠᠪᠠᠶ᠂ ᠥᠨᠳᠥᠷ ᠤᠨ | ᠬᠡᠮᠵᠢᠶ᠎ᠡ᠂ ᠪᠠᠷᠢᠯᠭ᠎ᠠ ᠶᠢᠨ ᠨᠠᠶᠢᠷ ᠲᠠᠯᠪᠢᠬᠤ᠂ ᠨᠣᠭᠤᠭᠠᠨ ᠬᠥᠷᠥᠰᠥ ᠶᠢᠨ ᠨᠣᠷᠮ᠎ᠠ᠂ ᠲᠡᠷᠭᠡ ᠵᠣᠭᠰᠣᠬᠤ ᠪᠠᠶᠢᠷᠢ | ᠵᠡᠷᠭᠡ ᠣᠷᠣᠨ ᠵᠠᠢ ᠶᠢᠨ ᠬᠦᠴᠦᠨ ᠵᠦᠢᠯ ᠤᠨ ᠲᠣᠭᠲᠠᠭᠠᠯ ᠳᠤ ᠨᠡᠶᠢᠴᠡᠬᠦ ᠠᠭᠤᠯᠭ᠎ᠠ ᠶᠢ ᠪᠠᠭᠲᠠᠭᠠᠨ᠎ᠠ | | |