10 ᠰᠠᠷ᠎ᠠ ᠶᠢᠨ 21 ᠤ ᠡᠳᠦᠷ᠂ ᠮᠠᠨ ᠤ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ | ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠷᠢᠰ ᠰᠣᠨᠢᠨ | ᠮᠡᠳᠡᠭᠡ ᠨᠡᠶᠢᠲᠡᠯᠡᠬᠦ ᠬᠤᠷᠠᠯ ᠤᠨ ᠳᠥᠷᠪᠡᠳᠦᠭᠡᠷ ᠲᠠᠯᠠᠪᠤᠷ ᠬᠤᠷᠠᠯᠳᠤᠭᠤᠯᠵᠤ᠂ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠵᠡᠷᠭᠡ ᠬᠤᠲᠠ ᠶᠢᠨ ᠰᠢᠭᠤᠳ ᠬᠠᠷᠢᠶ᠎ᠠ ᠨᠢᠭᠡᠴᠡ ᠬᠤᠷᠠᠯ ᠳᠡᠭᠡᠷ᠎ᠡ ︽ᠪᠢ ᠣᠯᠠᠨ ᠲᠦᠮᠡᠨ ᠳᠤ ᠪᠣᠳᠠᠲᠠᠢ ᠠᠵᠢᠯ | ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠦᠬᠦᠯᠢ ᠴᠣᠭᠴᠠ ᠶᠢᠨ ᠪᠠᠶᠢᠳᠠᠯ᠂ ᠣᠯᠣᠭᠰᠠᠨ | ᠦᠷ᠎ᠡ ᠪᠦᠲᠦᠮᠵᠢ ᠵᠢᠴᠢ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ | ᠬᠢᠳᠡᠯ ᠢ ᠨᠡᠶᠢᠲᠡᠯᠡᠪᠡ᠃ | ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠣᠶᠢᠯᠠᠭᠠᠭᠰᠠᠨ ᠢᠶᠠᠷ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠳᠡᠭᠡᠷ᠎ᠡ ᠳᠤᠷᠠᠳᠤᠭᠰᠠᠨ | ᠬᠤᠲᠠ ᠶᠢᠨ ᠰᠢᠭᠤᠳ ᠬᠠᠷᠢᠶ᠎ᠠ ᠨᠢᠭᠡᠴᠡ ᠨᠦᠭᠦᠳ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ | ᠣᠶᠢᠯᠠᠭᠠᠵᠤ᠂ ᠪᠣᠳᠠᠲᠤ ᠶᠠᠪᠤᠳᠠᠯ ᠪᠦᠲᠦᠭᠡᠵᠦ᠂ ᠰᠢᠨ᠎ᠡ ᠪᠠᠶᠢᠳᠠᠯ ᠭᠠᠷᠭᠠᠬᠤ︾ ᠭᠤᠣᠯ ᠰᠡᠳᠦᠪ ᠤᠨ ᠲᠣᠭᠤᠷᠢᠨ ᠳᠤ | ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠪᠣᠳᠠᠲᠤ | ᠪᠠᠶᠢᠳᠠᠯ ᠳᠤ ᠰᠠᠭᠤᠷᠢᠯᠠᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ ᠬᠠᠶᠢᠨ ᠰᠦᠪᠡᠭᠴᠢᠯᠡᠵᠦ᠂ ᠠᠷᠠᠳ ᠤᠨ ᠲᠥᠯᠥᠭᠡ | ᠪᠣᠳᠠᠲᠤ ᠶᠠᠪᠤᠳᠠᠯ ᠬᠢᠬᠦ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠠᠵᠢᠯ ᠤᠨ ᠪᠣᠳᠠᠲᠤ ᠪᠦᠲᠦᠮᠵᠢ ᠪᠣᠯᠭᠠᠨ ᠦᠨᠡᠨ ᠬᠦ ᠬᠤᠪᠢᠷᠠᠭᠤᠯᠤᠭᠰᠠᠨ | ᠪᠠᠶᠢᠨ᠎ᠠ᠃ᠡᠨᠡ ᠬᠤᠭᠤᠴᠠᠭᠠᠨ ᠳᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠴᠣᠩᠬᠤᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠰᠦᠯᠵᠢᠶᠡᠨ ᠤ ᠵᠡᠷᠭᠡ ᠳᠡᠰ ᠤᠨ ᠬᠠᠮᠠᠭᠠᠯᠠᠯᠲᠠ ᠶᠢᠨ ᠰᠢᠰᠲ᠋ᠧᠮ ᠢ ᠲᠠᠰ ᠳᠡᠪᠰᠢᠭᠦᠯᠵᠦ᠂ ᠪᠣᠶ ᠪᠦᠬᠦᠢ ᠴᠣᠩᠬᠤᠨ ᠳᠤ | ︽ᠰᠠᠶᠢᠨ ᠮᠠᠭᠤ ᠶᠢᠨ ᠦᠨᠡᠯᠡᠯᠲᠡ︾ ᠶᠢᠨ ᠦᠨᠡᠯᠡᠭᠦᠷ ᠤᠭᠰᠠᠷᠠᠪᠠ︔ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠢᠩᠬᠢᠮ ᠳᠤ ᠶᠡᠷᠦᠩᠬᠡᠶᠢᠯᠡᠭᠰᠡᠨ ᠯᠠᠩᠭᠦᠢ ᠶᠢᠨ ᠲᠣᠭᠤᠷᠢᠭ᠂ | ᠬᠠᠯᠠᠭᠤᠨ ᠳᠤᠯᠠᠭᠠᠨ ᠦᠢᠯᠡᠴᠢᠯᠡᠭᠡᠨ ᠤ ᠲᠣᠭᠤᠷᠢᠭ᠂ ᠥᠪᠡᠰᠦᠪᠡᠨ ᠦᠢᠯᠡᠴᠢᠯᠡᠬᠦ ᠲᠣᠭᠤᠷᠢᠭ ᠪᠠ ︽ᠨᠢᠭᠡ | ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠲᠣᠭᠤᠷᠢᠭ ᠭᠠᠷᠭᠠᠵᠤ᠂ ᠴᠣᠩᠬᠤᠪᠴᠢ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠴᠡᠷᠢᠭ ᠴᠠᠭᠳᠠᠭ᠎ᠠ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯᠲᠠᠨ ᠵᠡᠷᠭᠡ ᠳᠤ ᠣᠨᠴᠠᠭᠠᠶ ᠬᠡᠷᠡᠭ ᠣᠨᠴᠠᠭᠠᠶ ᠰᠢᠢᠳᠪᠦᠷᠢᠯᠡᠬᠦ ᠦᠢᠯᠡᠴᠢᠯᠡᠭᠡ | ᠬᠠᠩᠭᠠᠪᠠ︔ᠦᠢᠯᠡᠴᠢᠯᠡᠭᠡᠨ ᠤ ᠲᠤᠰᠠᠯᠠᠭᠴᠢ ᠶᠢ ᠲᠤᠰᠬᠠᠶᠢᠯᠠᠨ ᠲᠣᠬᠢᠷᠠᠭᠤᠯᠵᠤ᠂ ᠪᠥᠬᠦ ᠶᠠᠪᠤᠴᠠ ᠳᠤ ᠣᠯᠠᠨ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠤᠬᠠᠶᠢᠯᠠᠭᠰᠠᠨ ᠠᠵᠢᠯ ᠬᠢᠯᠭᠡᠨ᠎ᠡ︔ᠬᠥᠳᠡᠯᠮᠦᠷᠢᠴᠢᠨ ᠤ ᠡᠷᠬᠡ | ᠠᠰᠢᠭ ᠢ ᠬᠠᠮᠠᠭᠠᠯᠠᠬᠤ ᠲᠠᠯ᠎ᠠ ᠪᠠᠷ᠂ ᠬᠤᠲᠠ ᠶᠢᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠪᠠ ᠬᠢᠨᠠᠨ | ᠪᠠᠶᠢᠴᠠᠭᠠᠬᠤ ᠬᠥᠨᠳᠡᠯᠡᠨ ᠠᠴᠠ ᠲᠠᠰᠤᠯᠬᠤ ᠶᠢ ᠭᠥᠯᠢᠶᠡᠨ ᠠᠪᠬᠤ ᠶᠡᠭᠡ ᠲᠢᠩᠬᠢᠮ ᠢ ᠪᠠᠶᠢᠭᠤᠯᠵᠤ᠂ ᠭᠥᠯᠢᠶᠡᠨ ᠠᠪᠬᠤ | ᠲᠠᠰᠤᠭ᠂ ᠡᠶᠡᠳᠡᠭᠦᠯᠬᠦ ᠲᠠᠰᠤᠭ ᠵᠡᠷᠭᠡ ᠲᠠᠯᠠᠪᠤᠷ ᠭᠠᠵᠠᠷ ᠢ ᠲᠣᠬᠢᠷᠠᠭᠤᠯᠬᠤ ᠶᠢᠨ ᠬᠠᠮᠲᠤ ᠲᠤᠰᠬᠠᠢ ᠲᠤᠰᠢᠶᠠᠯᠲᠤ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠭᠴᠢ ᠶᠢ ᠲᠤᠬᠠᠢ ᠶᠢᠨ ᠲᠠᠯᠠᠪᠤᠷ ᠲᠤᠨᠢ ᠲᠣᠬᠢᠷᠠᠭᠤᠯᠤᠨ | ᠬᠥᠳᠡᠯᠮᠦᠷᠢᠴᠢᠨ ᠢ ᠬᠠᠪᠰᠤᠷᠤᠨ ᠵᠢᠯᠤᠭᠤᠳᠴᠤ ᠵᠠᠭᠠᠯᠳᠤᠬᠤ ᠭᠤᠶᠤᠴᠢᠯᠠᠯ ᠤᠨ ᠪᠢᠴᠢᠭ ᠪᠢᠴᠢᠭᠦᠯᠦᠨ᠎ᠡ︔ᠠᠷᠠᠳ ᠲᠤ | ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ | ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ | ᠭᠦᠨᠵᠡᠭᠡᠶᠢᠷᠡᠨ ᠦᠢᠯᠡᠴᠢᠯᠡᠭᠡ ᠶᠢ ᠵᠣᠯᠭᠠᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠶᠢ ᠣᠶᠢᠯᠠᠭᠠᠵᠤ᠂︽ᠴᠡᠭ ᠠᠴᠠ ᠴᠡᠭ ᠲᠤ︾ ᠦᠢᠯᠡᠴᠢᠯᠡᠭᠡ ᠬᠠᠩᠭᠠᠪᠠ︔ᠳᠡᠭᠡᠳᠦ ᠰᠤᠷᠭᠠᠭᠤᠯᠢ | ᠲᠡᠭᠦᠰᠦᠭᠰᠡᠳ ᠤᠨ ᠨᠡᠭᠦᠳᠡᠯ ᠲᠠᠩᠰᠠ ᠡᠪᠬᠡᠮᠡᠯ ᠤᠨ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ ᠲᠤ ᠨᠠᠩ ᠲᠥᠬᠦᠮ ᠲᠦᠷᠭᠡᠨ ᠦᠢᠯᠡᠴᠢᠯᠡᠭᠡ ᠬᠠᠩᠭᠠᠨ᠎ᠠ︔ᠭᠠᠳᠠᠭᠰᠢ ᠭᠠᠷᠴᠤ ᠬᠥᠯᠥᠰᠦᠨ ᠠᠵᠢᠯ | ᠬᠢᠵᠦ ᠪᠠᠶᠢᠭ᠎ᠠ ᠬᠥᠮᠥᠰ ᠲᠤ ᠦᠢᠯᠡᠴᠢᠯᠡᠬᠦ ᠲᠠᠯ᠎ᠠ ᠪᠠᠷ᠂ ᠬᠤᠳᠠ ᠶᠢᠨ ᠠᠵᠢᠯᠴᠢᠨ ᠤ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠬᠤᠳᠠ ᠶᠢᠨ ᠰᠢᠭᠤᠳ ᠬᠠᠷᠢᠶ᠎ᠠ 13 ᠰᠠᠯᠠᠭ᠎ᠠ ᠮᠥᠴᠢᠷ ᠤᠨ 34 | ᠵᠦᠢᠯ ᠤᠨ ᠦᠢᠯᠡᠴᠢᠯᠡᠭᠡ ᠶᠢ ᠨᠡᠶᠢᠯᠡᠭᠦᠯᠬᠦ ᠶᠢᠨ ᠬᠠᠮᠲᠤ ᠭᠠᠳᠠᠭᠰᠢ ᠭᠠᠷᠴᠤ ᠪᠠᠶᠢᠭ᠎ᠠ ᠬᠥᠮᠥᠰ ᠤᠨ ᠬᠥᠯᠥᠰᠦᠨ ᠠᠵᠢᠯ | ᠬᠢᠵᠦ ᠪᠠᠶᠢᠭ᠎ᠠ ᠭᠠᠵᠠᠷ ᠲᠤ ᠬᠦᠷᠲᠡᠯ᠎ᠡ ᠥᠷᠭᠡᠳᠬᠡᠵᠦ᠂ ᠭᠠᠳᠠᠭᠰᠢ ᠭᠠᠷᠴᠤ ᠬᠥᠯᠥᠰᠦᠨ ᠠᠵᠢᠯ ᠬᠢᠵᠦ ᠪᠠᠶᠢᠭ᠎ᠠ | ᠬᠥᠮᠥᠰ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠥᠮᠥᠨ | ᠪᠦᠷᠢ ᠤᠭ ᠨᠤᠲᠤᠭ ᠲᠠᠭᠠᠨ ᠣᠴᠢᠵᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠤᠳᠠᠭ᠎ᠠ ᠪᠦᠷᠢ ᠡᠯ᠎ᠡ | ᠲᠦᠷᠦᠯ ᠤᠨ ᠵᠠᠷᠤᠯᠭ᠎ᠠ ᠶᠢ ᠬᠠᠮᠤᠭ ᠪᠠᠭ᠎ᠠ ᠳᠠᠭᠠᠨ 800 ᠲᠥᠭᠦᠷᠢᠭ ᠵᠠᠷᠤᠴᠠᠭᠤᠯᠬᠤ ᠪᠠᠷ ᠪᠤᠳᠤᠵᠤ᠂ ᠤᠯᠠᠨ | ᠲᠦᠮᠡᠨ ᠳᠤ ᠨᠡᠶᠢᠳᠡ 11 ᠳ᠋ᠦᠩᠰᠢᠭᠤᠷ ᠰᠢᠬᠠᠮ ᠲᠥᠭᠦᠷᠢᠭ ᠤᠨ ᠵᠠᠷᠤᠯᠭ᠎ᠠ ᠶᠢ ᠠᠷᠪᠢᠯᠠᠵᠤ ᠥᠭᠴᠡᠢ︔ᠨᠡᠶᠢᠭᠡᠮ ᠤᠨ | ᠪᠠᠲᠤᠯᠠᠭ᠎ᠠ ᠶᠢᠨ ᠲᠠᠯ᠎ᠠ ᠪᠠᠷ᠂ ᠮᠡᠳᠡᠭᠡ ᠵᠠᠩᠭᠢ ᠬᠦᠷᠭᠡᠬᠦ ᠲᠠᠪᠴᠠᠩ ᠢ ᠪᠠᠶᠢᠭᠤᠯᠵᠤ᠂ ᠠᠵᠢᠯ ᠠᠴᠠ ᠪᠠᠨ | ᠠᠮᠠᠷᠠᠭᠰᠠᠳ ᠤᠨ ᠴᠠᠯᠢᠩ ᠥᠭᠬᠦ ᠮᠡᠳᠡᠭᠡ ᠵᠠᠩᠭᠢ ᠶᠢ ᠰᠠᠷ᠎ᠠ ᠪᠠᠷ ᠴᠠᠭ ᠲᠤᠬᠠᠢ ᠳᠤᠨᠢ ᠬᠦᠷᠭᠡᠬᠦ ᠶᠢ ᠪᠡᠶᠡᠯᠡᠭᠦᠯᠬᠦ ᠶᠢᠨ | ᠬᠠᠮᠲᠤ 6500 ᠭᠠᠷᠤᠢ ᠬᠤᠪᠢ ᠨᠡᠶᠢᠭᠡᠮ ᠤᠨ ᠪᠠᠲᠤᠯᠠᠭ᠎ᠠ ᠶᠢᠨ ᠠᠩᠬᠠᠨ ᠤ ᠬᠤᠭᠤᠴᠠᠭᠠᠨ ᠤ ᠠᠵᠢᠯᠯᠠᠭᠰᠠᠨ ᠣᠨ | ᠵᠢᠯ ᠢ ᠮᠠᠭᠠᠳᠯᠠᠨ ᠲᠣᠭᠲᠠᠭᠠᠭᠰᠠᠨ ᠴᠠᠭᠠᠰᠤᠨ ᠲᠠᠩᠰᠠ ᠡᠪᠬᠡᠮᠡᠯ ᠢ ᠡᠯᠧᠺᠲᠷᠣᠨ ᠲᠠᠩᠰᠠ ᠡᠪᠬᠡᠮᠡᠯ ᠪᠣᠯᠭᠠᠨ | ᠬᠤᠪᠢᠷᠠᠭᠤᠯᠵᠤ᠂ ᠣᠯᠠᠨ ᠲᠦᠮᠡᠨ ᠤ ᠪᠠᠶᠢᠴᠠᠭᠠᠨ ᠦᠵᠡᠬᠦ ᠳᠤ ᠲᠥᠬᠦᠮ ᠪᠣᠯᠭᠠᠪᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠢ | ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠲᠦᠯᠬᠢᠨ ᠠᠬᠢᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ | ᠰᠢᠢᠳᠪᠦᠷᠢᠯᠡᠨ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ᠣᠲᠣ ᠪᠣᠯᠲᠠᠯ᠎ᠠ᠂ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 16 ᠶᠡᠭᠡ ᠲᠥᠷᠥᠯ ᠵᠦᠢᠯ᠂ | 29 ᠪᠠᠭ᠎ᠠ ᠲᠥᠷᠥᠯ ᠵᠦᠢᠯ ᠨᠢ ᠨᠢᠭᠡᠨᠲᠡ 15 ᠶᠡᠭᠡ ᠲᠥᠷᠥᠯ ᠵᠦᠢᠯ᠂ 27 ᠪᠠᠭ᠎ᠠ ᠲᠥᠷᠥᠯ ᠵᠦᠢᠯ ᠢ | ᠪᠡᠶᠡᠯᠡᠭᠦᠯᠵᠦ᠂ ᠶᠡᠷᠦᠩᠬᠡᠢ ᠪᠡᠶᠡᠯᠡᠭᠦᠯᠦᠭᠰᠡᠨ ᠨᠣᠷᠮ᠎ᠠ ᠨᠢ 93% ᠪᠣᠯᠣᠨ᠎ᠠ᠃ᠡᠨᠡ ᠬᠤᠭᠤᠴᠠᠭᠠᠨ ᠳᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠸᠠᠺᠼᠢᠨ ᠤ ᠲᠠᠷᠢᠯᠭ᠎ᠠ ᠶᠢᠨ ᠴᠡᠭ ᠢ ᠪᠠᠷᠢᠯᠭ᠎ᠠ ᠶᠢᠨ | ᠭᠠᠵᠠᠷ ᠲᠤ ᠨᠡᠭᠦᠯᠭᠡᠨ ᠣᠷᠣᠭᠤᠯᠵᠤ᠂ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ | ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠪᠠ ᠬᠥᠯᠥᠰᠦᠨ ᠠᠵᠢᠯᠴᠢᠨ ᠳᠤ ᠰᠢᠨ᠎ᠡ ᠲᠠᠷᠢᠯᠭ᠎ᠠ ᠶᠢᠨ | ᠸᠠᠺᠼᠢᠨ ᠢ ᠳᠠᠷᠢᠵᠤ᠂ ᠨᠡᠶᠢᠲᠡ 865 ᠤᠳᠠᠭ᠎ᠠ ᠳᠠᠷᠢᠪᠠ︔ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠴᠣᠩᠬᠤ ᠭᠠᠷᠭᠠᠵᠤ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠦᠢᠴᠡᠳᠬᠡᠬᠦ ᠮᠡᠳᠡᠭᠡ ᠵᠠᠩᠭᠢ ᠶᠢᠨ | ᠪᠠᠬᠢᠯᠡᠯᠲᠡ ᠶᠢ ᠨᠠᠪᠲᠠᠷᠡᠭᠦᠯᠵᠦ᠂ ᠥᠯᠥ ᠬᠥᠳᠡᠯᠬᠦ ᠬᠥᠷᠥᠩᠭᠡ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ | ᠠᠬᠤᠶᠢᠯᠠᠯ ᠪᠠ ᠣᠯᠠᠨ ᠲᠦᠮᠡᠨ ᠤ ᠣᠯᠠᠨ ᠰᠠᠯᠠᠭ᠎ᠠ ᠮᠥᠴᠢᠷ ᠤᠨ ᠵᠠᠮ ᠬᠥᠭᠡᠭᠡᠬᠦ ᠳᠠᠷᠤᠭᠠᠰᠤ ᠶᠢ ᠪᠠᠭᠠᠰᠬᠠᠨ᠎ᠠ︔ | ᠠᠵᠤ ᠠᠬᠤᠶᠢᠯᠠᠯ ᠢᠶᠠᠷ ᠠᠷᠠᠳ ᠲᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠲᠣᠭᠠᠴᠢᠯᠠᠭᠰᠠᠨ | ᠵᠢᠷᠤᠭ ᠤᠨ ᠬᠢᠨᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠷᠢᠯᠭ᠎ᠠ ᠶᠢᠨ ᠵᠢᠷᠤᠭ ᠤᠨ ᠬᠢᠨᠠᠨ | ᠪᠠᠶᠢᠴᠠᠭᠠᠯᠲᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠵᠢᠷᠤᠭ ᠤᠨ ᠬᠢᠨᠠᠯᠲᠠ ᠶᠢᠨ ᠴᠠᠭ ᠢ | ᠤᠤᠯ ᠤᠨ 10 ︱ 15 ᠠᠵᠢᠯ ᠤᠨ ᠡᠳᠦᠷ ᠠᠴᠠ 8 ︱ 10 ᠠᠵᠢᠯ ᠤᠨ ᠡᠳᠦᠷ ᠣᠷᠴᠢᠮ ᠪᠣᠯᠭᠠᠨ | ᠪᠠᠭᠠᠰᠬᠠᠨ᠎ᠠ᠃ᠡᠭᠦᠨ ᠤ ᠬᠠᠮᠲᠤ᠂ ᠪᠠᠷᠢᠯᠭ᠎ᠠ ᠶᠢᠨ ᠵᠢᠷᠤᠭ ᠤᠨ ᠬᠦᠷᠭᠡᠨ ᠬᠢᠨᠠᠭᠤᠯᠬᠤ ᠮᠠᠲ᠋ᠧᠷᠢᠶᠠᠯ ᠢ ᠴᠣᠮᠬᠠᠳᠬᠠᠵᠤ᠂ | 6 ᠵᠦᠢᠯ ᠠᠴᠠ 3 ᠵᠦᠢᠯ ᠪᠣᠯᠭᠠᠨ ᠲᠣᠬᠢᠷᠠᠭᠤᠯᠵᠤ᠂ ᠮᠡᠳᠡᠭᠦᠯᠦᠨ ᠬᠢᠨᠠᠭᠤᠯᠬᠤ ᠮᠠᠲ᠋ᠧᠷᠢᠶᠠᠯ ᠤᠨ ᠶᠠᠷᠰᠢᠭ | ᠲᠦᠪᠡᠭᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠪᠡ︔︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠦᠢᠯᠡᠴᠢᠯᠡᠭᠡ ᠭᠠᠷᠭᠠᠵᠤ᠂ ᠣᠲᠣ ᠪᠣᠯᠲᠠᠯ᠎ᠠ᠂ QQ᠂ ᠸᠢᠴᠠᠲ᠂ ᠳ᠋ᠢᠶᠠᠩᠬᠤᠸᠠ ᠵᠡᠷᠭᠡ ᠠᠷᠭ᠎ᠠ ᠵᠠᠮ ᠤᠨ | ᠲᠤᠬᠠᠶᠢᠯᠠᠭᠰᠠᠨ ᠠᠵᠢᠯ ᠤᠨ ᠯᠠᠪᠯᠠᠯᠲᠠ ᠶᠢ ᠨᠡᠶᠢᠲᠡ 300 ᠭᠠᠷᠤᠢ ᠤᠳᠠᠭ᠎ᠠ ᠭᠥᠯᠢᠶᠡᠨ ᠠᠪᠴᠤ ᠰᠢᠢᠳᠪᠦᠷᠢᠯᠡᠵᠦ᠂ | ᠲᠣᠭᠠᠴᠢᠯᠠᠭᠰᠠᠨ ᠵᠢᠷᠤᠭ ᠤᠨ ᠬᠢᠨᠠᠯᠲᠠ ᠶᠢᠨ ᠲᠥᠷᠥᠯ ᠵᠦᠢᠯ ᠢ 38 ᠬᠠᠮᠵᠢᠨ ᠭᠦᠢᠴᠡᠳᠬᠡᠪᠡ︔ᠠᠳᠠᠯ ᠠᠬᠤᠢ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠰᠠᠭᠤᠭᠠᠯᠢ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ | ᠵᠠᠭᠠᠯᠳᠤᠯᠭ᠎ᠠ ᠤᠯᠠᠨ ᠪᠠᠶᠢᠬᠤ ᠠᠰᠠᠭᠤᠳᠠᠯ ᠢ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠲᠠᠢ ᠬᠠᠮᠲᠤᠷᠠᠨ ᠪᠦᠬᠦ ᠬᠤᠳᠠ ᠶᠢᠨ ᠬᠡᠪᠴᠢᠶᠡᠨ ᠳᠤ ᠠᠳᠠᠯ ᠠᠬᠤᠢ ᠶᠢᠨ ᠦᠢᠯᠡᠴᠢᠯᠡᠭᠡᠨ ᠤ ︽ᠬᠠᠮᠲᠤ ᠪᠠᠷ | ᠡᠭᠦᠳᠴᠦ ᠬᠠᠮᠲᠤ ᠪᠠᠷ ᠪᠠᠶᠢᠭᠤᠯᠬᠤ︾ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠣᠷᠣᠨ | ᠰᠠᠭᠤᠴᠠ ᠶᠢᠨ ᠣᠷᠴᠢᠨ ᠨᠥᠬᠦᠴᠡᠯ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠨᠡᠶᠢᠳᠡ 124 ᠬᠤᠪᠢ ᠠᠰᠠᠭᠤᠳᠠᠯ ᠢ ᠢᠯᠡᠷᠡᠭᠦᠯᠵᠦ᠂ ᠪᠤᠢ | ᠪᠦᠬᠦᠢ ᠠᠰᠠᠭᠤᠳᠠᠯ ᠳᠤ ᠴᠡᠭᠴᠡᠯᠡᠨ ᠥᠭᠡᠷᠡᠴᠢᠯᠡᠬᠦ ᠡᠬᠡ ᠲᠠᠩᠰᠠ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ | ᠲᠦᠯᠬᠢᠨ ᠠᠬᠢᠭᠤᠯᠵᠤ᠂ ᠰᠢᠢᠳᠪᠦᠷᠢᠯᠡᠭᠰᠡᠨ ᠨᠤᠷᠮ᠎ᠠ ᠶᠢ 100% ᠪᠠᠷ ᠨᠡᠮᠡᠭᠳᠡᠭᠦᠯᠪᠡ᠃ | ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠪᠦᠬᠦ ᠬᠤᠳᠠ ᠶᠢᠨ 68 ᠤᠰᠤᠨ ᠴᠥᠭᠦᠷᠥᠮ᠂ | 67 ᠨᠦᠯᠦᠮᠡᠯ ᠭᠠᠵᠠᠷ ᠤᠨ ᠬᠠᠰᠢᠯᠭ᠎ᠠ᠂ ᠲᠡᠦᠬᠡᠨ ᠠᠴᠠ ᠨᠠᠰᠢᠬᠢ 53 ᠵᠤᠷᠪᠤᠰ ᠠᠭᠤᠯᠠᠨ ᠦᠶᠡᠷ ᠤᠨ ᠭᠠᠮᠰᠢᠭ | ᠭᠠᠷᠴᠤ ᠥᠩᠭᠡᠷᠡᠭᠰᠡᠨ ᠭᠤᠣᠯᠳᠠᠯᠭ᠎ᠠ ᠲᠠᠢ ᠠᠭᠤᠯᠠᠨ ᠦᠶᠡᠷ ᠤᠨ ᠭᠤᠤ ᠵᠡᠷᠭᠡ ᠳᠤ ᠠᠮᠤᠷ ᠲᠦᠪᠰᠢᠨ ᠤ | ᠪᠠᠶᠢᠴᠠᠭᠠᠯᠲᠠ ᠬᠢᠵᠦ᠂ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠲᠦᠷᠦᠯ ᠤᠨ | ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ | ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠭᠤᠯᠠᠨ ᠦᠶᠡᠷ ᠤᠨ | ᠭᠠᠮᠰᠢᠭ ᠤᠨ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠬᠥᠮᠦᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠠᠭᠤᠯᠠᠨ | ᠦᠶᠡᠷ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠥᠪᠡᠷ ᠢ ᠪᠠᠨ ᠠᠪᠤᠷᠠᠬᠤ ᠪᠠ | ᠠᠶᠤᠯ ᠠᠴᠠ ᠵᠠᠶᠢᠯᠠᠵᠤ ᠠᠮᠢ ᠵᠢᠭᠤᠲᠠᠬᠤ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ;ᠤᠤᠭᠤᠬᠤ ᠤᠰᠤᠨ ᠤ | ᠠᠮᠤᠷ ᠲᠦᠪᠰᠢᠨ ᠤ ᠠᠵᠢᠯ ᠤᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠢᠨᠵᠧᠨᠧᠷᠢᠩ ᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠢᠭᠰᠠᠭᠠᠨ | ᠪᠠᠶᠢᠴᠠᠭᠠᠬᠤ ᠳᠤᠮᠳᠠ ᠢᠯᠡᠷᠡᠭᠦᠯᠦᠭᠰᠡᠨ 139 ᠭᠠᠵᠠᠷ ᠤᠰᠤ ᠬᠠᠩᠭᠠᠬᠤ ᠢᠨᠵᠧᠨᠧᠷᠢᠩ᠂ 244 ᠰᠠᠤᠷᠢ ᠭᠠᠭᠴᠠ | ᠡᠷᠦᠬᠡ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ | ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ 1.94 ᠲᠦᠮᠡᠨ ᠣᠯᠠᠨ ᠲᠦᠮᠡᠨ ᠤ ᠤᠰᠤ ᠬᠠᠩᠭᠠᠬᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ᠣᠳᠣᠬᠠᠨ ᠳᠤ᠂ ᠪᠥᠬᠦ ᠬᠤᠲᠠ ᠳᠤ ᠲᠥᠪᠯᠡᠷᠡᠩᠭᠦᠢ | ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 3998 ᠪᠠᠶᠢᠭᠤᠯᠵᠤ᠂ ᠲᠠᠷᠠᠬᠠᠢ ᠮᠠᠶ᠋ᠢᠭ ᠤᠨ ᠤᠰᠤ ᠬᠠᠩᠭᠠᠬᠤ | ᠢᠨᠵᠧᠨᠧᠷᠢᠩ ᠢ 1 ᠲᠦᠮᠡ ᠭᠠᠷᠤᠢ ᠪᠠᠶᠢᠭᠤᠯᠵᠤ᠂ ᠠᠰᠢᠭ ᠭᠥᠷᠳᠡᠭᠰᠡᠨ ᠬᠥᠮᠥᠨ ᠠᠮᠠ 182 ᠲᠦᠮᠡ ᠪᠠᠶᠢᠵᠤ᠂ | ᠡᠭᠦᠨ ᠳᠤ ᠶᠠᠳᠠᠭᠤ ᠬᠦᠴᠢᠷᠳᠡᠯᠲᠡᠢ ᠬᠥᠮᠥᠨ ᠠᠮᠠ 16.3 ᠲᠦᠮᠡ ᠪᠣᠶ︔ᠲᠦᠭᠡᠭᠡᠯ ᠤᠰᠤᠨ ᠤ ᠲᠦᠭᠡᠮᠡᠯᠵᠢᠭᠰᠡᠨ | ᠨᠣᠷᠮ᠎ᠠ 84% ᠳᠤ ᠬᠦᠷᠴᠦ᠂ ᠲᠥᠪᠯᠡᠷᠡᠭᠦᠯᠦᠨ ᠤᠰᠤ ᠬᠠᠩᠭᠠᠬᠤ ᠨᠣᠷᠮ᠎ᠠ 87% ᠳᠤ ᠬᠦᠷᠴᠦ᠂ ᠤᠰᠤ | ᠬᠠᠩᠭᠠᠬᠤ ᠪᠠᠲᠤᠯᠠᠭ᠎ᠠ ᠶᠢᠨ ᠨᠣᠷᠮ᠎ᠠ 90% ᠳᠤ ᠬᠥᠷᠪᠡ︔ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ 25 ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠪᠠᠯᠠᠯᠤᠨ ᠬᠠᠰᠤᠵᠤ᠂ 30 ᠭᠠᠷᠤᠢ ᠲᠣᠨ ᠭᠤᠣᠯ ᠤᠨ ᠵᠠᠮ ᠤᠨ ᠬᠤᠭ ᠨᠣᠪᠰᠢ ᠶᠢ ᠴᠡᠪᠡᠷᠯᠡᠪᠡ︔ | ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠣᠯᠠᠨ ᠰᠠᠯᠠᠭ᠎ᠠ ᠮᠥᠴᠢᠷ ᠯᠦᠭᠡ ᠬᠠᠤᠯᠢ | ᠬᠡᠷᠡᠭᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ | ᠵᠠᠪᠰᠠᠷ ᠦᠭᠡᠢ ᠵᠣᠯᠭᠠᠭᠤᠯᠬᠤ ᠶᠢ ᠠᠬᠢᠭᠤᠯᠤᠨ᠎ᠠ︔ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠭᠤᠣᠯ ᠤᠨ | ᠵᠠᠮ ᠠᠴᠠ ᠬᠠᠶᠢᠷ ᠮᠠᠯᠲᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ ᠵᠠᠮ ᠠᠴᠠ ᠬᠠᠤᠯᠢ | ᠪᠤᠰᠤ ᠪᠠᠷ ᠬᠠᠶᠢᠷ ᠮᠠᠯᠲᠠᠬᠤ ᠠᠵᠢᠯᠯᠠᠭ᠎ᠠ ᠶᠢ ᠲᠤᠬᠠᠢ ᠶᠢᠨ ᠲᠠᠯᠠᠪᠠᠢ ᠳᠤ 12 ᠤᠳᠠᠭ᠎ᠠ ᠬᠤᠷᠢᠭᠯᠠᠨ ᠵᠣᠭᠰᠣᠭᠠᠵᠤ᠂ | ᠬᠠᠶᠢᠷ ᠮᠠᠯᠲᠠᠬᠤ 3 ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ᠂ | ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠵᠦ᠂ ᠬᠠᠤᠯᠢ ᠪᠤᠰᠤ ᠪᠠᠷ ᠬᠠᠶᠢᠷ ᠮᠠᠯᠲᠠᠭᠰᠠᠨ 1 ᠠᠵᠤ | ᠠᠬᠤᠶᠢᠯᠠᠯ ᠳᠤ ᠵᠠᠰᠠᠭ ᠵᠠᠬᠢᠷᠭᠠᠨ ᠤ ᠰᠢᠳᠬᠡᠯ ᠥᠭᠴᠡᠢ︔ᠭᠤᠣᠯ ᠮᠥᠷᠡᠨ ᠨᠠᠭᠤᠷ ᠴᠥᠭᠦᠷᠥᠮ ᠤᠨ︽ᠠᠷᠢᠭᠤᠨ ᠴᠡᠪᠡᠷ᠂ | ᠲᠦᠷᠪᠡᠨ ᠰᠠᠮᠠᠭᠤᠷᠠᠯ︾︾᠋ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠪᠦᠬᠦ | ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ | ᠪᠠᠲᠤᠯᠠᠵᠤ᠂ ᠠᠷᠠᠳ ᠤᠯᠠᠨ ᠤ ᠰᠠᠶᠢᠨ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ | ᠣᠷᠴᠢᠨ ᠲᠣᠭᠤᠷᠢᠨ ᠢ ᠮᠡᠳᠡᠷᠡᠬᠦ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ | ᠴᠢᠨᠠᠭᠰᠢᠳᠠ ᠨᠡᠮᠡᠭᠳᠡᠭᠦᠯᠦᠨ᠎ᠡ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ ᠬᠤᠲᠠ ᠶᠢᠨ ᠰᠤᠷᠭᠠᠨ | ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ | ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠳᠤ ᠰᠠᠭᠤᠷᠢᠯᠠᠵᠤ᠂ ︽ᠲᠠᠪᠤᠨ ᠬᠦᠴᠦ ᠲᠠᠯᠪᠢᠬᠤ︾ ᠶᠢ | ᠪᠠᠷᠢᠮᠲᠠᠯᠠᠨ᠎ᠠ᠂ ᠲᠤᠬᠠᠶᠢᠯᠠᠪᠠᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠭᠤᠯᠭ᠎ᠠ ᠶᠢ | ᠬᠦᠴᠦᠯᠡᠨ ᠡᠵᠡᠮᠰᠢᠵᠦ᠂︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ᠠᠵᠢᠯᠯᠠᠭ᠎ᠠ ᠶᠢ ᠬᠦᠴᠦᠯᠡᠨ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠲᠤᠰᠬᠠᠢ ᠰᠡᠳᠦᠪᠲᠦ ᠬᠥᠮᠦᠵᠢᠯ ᠢ ᠬᠦᠴᠦᠯᠡᠨ ᠰᠠᠶᠢᠲᠤᠷ ᠠᠳᠬᠤᠵᠤ᠂ ᠵᠠᠯᠠᠭᠤ ᠪᠠᠭ᠎ᠠ ᠰᠤᠷᠤᠭᠴᠢᠳ ᠤᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠦᠴᠦᠯᠡᠨ ᠰᠠᠶᠢᠲᠤᠷ ᠥᠷᠨᠢᠭᠦᠯᠵᠦ᠂ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠴᠦ᠂ ᠪᠦᠬᠦ ᠰᠢᠰᠲ᠋ᠧᠮ ᠳᠤ ᠰᠤᠷᠤᠯᠴᠠᠯᠭ᠎ᠠ | ᠬᠥᠮᠦᠵᠢᠯ ᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠵᠠᠰᠠᠯᠲᠠ ᠶᠢᠨ ᠠᠵᠢᠯ ᠤᠨ ᠳᠤᠮᠳᠠ᠂ ᠲᠣᠪᠴᠢᠶ᠎ᠠ ᠶᠢᠨ ᠤᠳᠤᠷᠢᠳᠤᠯᠭ᠎ᠠ | ᠪᠠ ᠰᠤᠷᠭᠠᠭᠤᠯᠢ᠂ ᠰᠤᠷᠭᠠᠭᠤᠯᠢ ᠪᠠ ᠪᠠᠭᠰᠢ ᠨᠠᠷ ︽ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ | ᠬᠡᠯᠪᠡᠷᠢ ᠶᠢ ᠬᠡᠷᠡᠭᠵᠢᠭᠦᠯᠵᠦ᠂ ᠪᠠᠭᠰᠢ ᠶᠢᠨ ᠪᠠᠭᠰᠢᠯᠠᠬᠤ ᠠᠵᠢᠯᠯᠠᠭ᠎ᠠ ᠶᠢ ᠳᠦᠷᠢᠮ ᠤᠨ ᠲᠠᠯ᠎ᠠ ᠠᠴᠠ ᠵᠢᠷᠤᠮᠵᠢᠭᠤᠯᠤᠨ᠎ᠠ | ᠃2021 ᠣᠨ ᠳᠤ᠂ ᠪᠠᠭᠰᠢ ᠶᠢᠨ ᠶᠣᠰᠣ ᠮᠣᠷᠠᠯ ᠤᠨ ᠪᠠᠷᠢᠮᠵᠢᠶ᠎ᠠ ᠶᠢ ᠵᠥᠷᠢᠴᠡᠭᠰᠡᠨ ᠠᠰᠠᠭᠤᠳᠠᠯ ᠤᠨ | ᠰᠦᠪᠡᠭᠴᠢ ᠶᠢ ᠨᠡᠶᠢᠲᠡ 21 ᠣᠯᠵᠤ᠂ ᠲᠣᠭᠲᠠᠭᠠᠯ ᠠᠴᠠ ᠵᠥᠷᠢᠴᠡᠨ ᠵᠢᠭᠠᠨ ᠰᠤᠷᠭᠠᠯᠲᠠ ᠶᠢᠨ ᠬᠠᠪᠰᠤᠷᠤᠮᠵᠢ | ᠮᠠᠲ᠋ᠧᠷᠢᠶᠠᠯ ᠢ ᠵᠠᠬᠢᠶᠠᠯᠠᠨ ᠠᠪᠤᠭᠰᠠᠨ ᠠᠰᠠᠭᠤᠳᠠᠯ 1᠂ ᠠᠵᠢᠯ ᠳᠤ ᠪᠠᠶᠢᠭ᠎ᠠ ᠪᠠᠭᠰᠢ ᠶᠢᠨ ᠲᠣᠭᠲᠠᠭᠠᠯ ᠠᠴᠠ | ᠵᠥᠷᠢᠴᠡᠨ ᠲᠥᠯᠥᠪᠦᠷᠢ ᠲᠠᠢ ᠪᠠᠷ ᠬᠢᠴᠢᠶᠡᠯ ᠨᠥᠬᠦᠪᠦᠷᠢᠯᠡᠭᠰᠡᠨ ᠠᠰᠠᠭᠤᠳᠠᠯ 3᠂ ᠠᠵᠢᠯ ᠳᠤ ᠪᠠᠶᠢᠭ᠎ᠠ ᠪᠠᠭᠰᠢ ᠶᠢᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠤᠪᠢ ᠶᠢᠨ ᠪᠠᠶᠢᠭᠤᠯᠤᠭᠰᠠᠨ | ᠰᠤᠷᠭᠠᠭᠤᠯᠢ ᠶᠢᠨ ᠲᠣᠭᠲᠠᠭᠠᠯ ᠠᠴᠠ ᠵᠥᠷᠢᠴᠡᠨ ᠲᠤᠰᠢᠶᠠᠯ ᠬᠠᠪᠰᠤᠷᠭᠠᠨ ᠬᠥᠯᠥᠰᠦ ᠣᠯᠭᠤᠮᠵᠢ ᠠᠪᠤᠭᠰᠠᠨ | ᠠᠰᠠᠭᠤᠳᠠᠯ 2 ᠶᠢ ᠪᠠᠶᠢᠴᠠᠭᠠᠨ ᠰᠢᠢᠳᠪᠦᠷᠢᠯᠡᠪᠡ︔ᠰᠤᠷᠭᠠᠭᠤᠯᠢ ᠰᠣᠩᠭᠤᠬᠤ ᠠᠩᠭᠢ ᠰᠣᠩᠭᠤᠬᠤ ᠶᠢ ᠴᠡᠭᠴᠡᠯᠡᠨ | ᠵᠠᠰᠠᠬᠤ ᠲᠤᠰᠬᠠᠢ ᠵᠠᠰᠠᠯᠲᠠ ᠶᠢ ᠥᠷᠨᠢᠭᠦᠯᠵᠦ᠂ ︽ᠢᠯᠡ ᠪᠠᠷ ᠰᠣᠷᠣᠭᠴᠢ ᠡᠯᠰᠡᠬᠦ︾ ᠢᠯᠡ ᠪᠠᠷ ︽ᠠᠩᠭᠢ︾ | ᠬᠤᠪᠢᠶᠠᠬᠤ ᠪᠠᠷ ᠳᠠᠮᠵᠢᠭᠤᠯᠤᠨ ᠰᠣᠷᠣᠭᠴᠢ ᠡᠯᠰᠡᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ᠎ᠠ᠃︽ᠬᠤᠶᠠᠷ ᠢ ᠬᠥᠩᠭᠡᠷᠡᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠨᠢᠭᠡ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠵᠦ᠂ ᠢᠯᠡᠴᠢᠯᠡᠨ | ᠮᠡᠳᠡᠭᠦᠯᠬᠦ ᠲᠠᠪᠴᠠᠩ ᠪᠠᠶᠢᠭᠤᠯᠬᠤ᠂ ︽ᠬᠤᠶᠠᠷ ᠢ ᠬᠥᠩᠭᠡᠷᠡᠭᠦᠯᠬᠦ︾ ᠲᠤᠰᠬᠠᠢ ᠰᠢᠪᠠᠳᠠᠨ ᠵᠢᠯᠤᠭᠤᠳᠬᠤ ᠭᠠᠷᠠᠭ ᠤᠨ | ᠮᠡᠳᠡᠭᠡᠯᠡᠬᠦ ᠳᠦᠷᠢᠮ ᠪᠠᠶᠢᠭᠤᠯᠬᠤ᠂ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠠᠭᠠᠰᠬᠠᠬᠤ᠂ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠵᠠᠷ ᠢ ᠪᠠᠶᠢᠴᠠᠭᠠᠨ | ᠰᠢᠢᠳᠪᠦᠷᠢᠯᠡᠬᠦ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠠᠰᠠᠭᠤᠳᠠᠯ ᠢ ᠬᠠᠷᠭᠤᠭᠤᠯᠤᠨ | ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠲᠠᠪᠤᠨ ᠲᠠᠯ᠎ᠠ ᠪᠠᠷ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠨ᠎ᠠ᠃ | ᠪᠥᠬᠦ ᠬᠤᠲᠠ ᠶᠢᠨ ᠤᠤᠯ ᠤᠨ ᠬᠢᠨᠠᠨ ᠵᠥᠪᠰᠢᠶᠡᠷᠡᠭᠰᠡᠨ ︵ᠳᠠᠩᠰᠠᠯᠠᠭᠤᠯᠤᠭᠰᠠᠨ︶ ᠰᠢᠨᠵᠢᠯᠡᠭᠡᠨ ᠤ ᠰᠠᠯᠠᠭ᠎ᠠ ᠶᠢᠨ | ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ 139 ᠪᠠᠶᠢᠵᠤ᠂ ᠣᠲᠣ ᠪᠣᠯᠬᠤ ᠳᠤ 27 ᠬᠢᠴᠢᠶᠡᠯ ᠵᠣᠭᠰᠣᠵᠤ | ᠂ 112 ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠪᠠ︔ | ᠰᠤᠷᠤᠯᠭ᠎ᠠ ᠪᠠᠨ ᠵᠣᠭᠰᠣᠭᠰᠠᠨ 27 ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠨᠢᠭᠡᠨᠲᠡ 14 ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠪᠠᠶᠢᠭᠤᠯᠤᠮᠵᠢ ᠪᠠᠷ ᠳᠡᠩᠰᠡᠯᠡᠵᠦ᠂ ᠪᠤᠰᠤᠳ 13 | ᠪᠠᠶᠢᠭᠤᠯᠤᠮᠵᠢ ᠶᠢ ᠣᠲᠣ ᠶᠠᠭ ᠬᠠᠤᠯᠢ ᠲᠣᠭᠲᠠᠭᠠᠯ ᠶᠣᠰᠣᠭᠠᠷ ᠬᠤᠪᠢᠷᠠᠭᠤᠯᠬᠤ ᠭᠠᠷ ᠭᠦᠢᠴᠡᠳᠬᠡᠯ ᠬᠢᠵᠦ ᠪᠠᠶᠢᠨ᠎ᠠ᠂ | ᠬᠠᠰᠤᠭᠰᠠᠨ ᠨᠣᠷᠮ᠎ᠠ ᠨᠢ 90.65% ᠳᠤ ᠬᠦᠷᠴᠡᠢ᠃ᠪᠦᠷᠢᠨ ᠪᠤᠰᠤ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ 55᠂ ᠦᠨᠡᠮᠯᠡᠯ ᠦᠭᠡᠢ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ 53 ᠶᠢ ᠨᠢᠭᠡᠨᠲᠡ ᠵᠢᠭᠰᠠᠭᠠᠨ ᠪᠠᠶᠢᠴᠠᠭᠠᠵᠤ᠂ ᠨᠢᠭᠡᠨᠲᠡ ᠪᠦᠬᠦᠨ ᠢ ᠬᠠᠭᠠᠵᠤ | ᠵᠣᠭᠰᠣᠭᠠᠪᠠ᠃ᠬᠤᠶᠠᠷ ᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ᠂ ᠤᠨᠲᠠᠬᠤ᠂ ᠭᠠᠷ | ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠤᠳ ᠤᠨ ᠬᠠᠮᠢᠶᠠᠷᠤᠯᠲᠠ ᠶᠢ ᠵᠢᠷᠤᠮᠵᠢᠭᠤᠯᠬᠤ ᠲᠤᠰᠬᠠᠢ ᠵᠠᠰᠠᠯᠲᠠ ᠶᠢ | ᠥᠷᠨᠢᠭᠦᠯᠦᠨ᠎ᠡ᠃ᠡᠭᠦᠨ ᠳᠤ ᠳᠠᠰᠬᠠᠯ ᠤᠨ ᠬᠠᠮᠢᠶᠠᠷᠤᠯᠲᠠ ᠶᠢᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠂ | ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭ᠎ᠠ ᠰᠤᠷᠭᠠᠭᠤᠯᠢ ᠶᠢᠨ ᠨᠢᠭᠡ | ᠬᠤᠶᠠᠳᠤᠭᠠᠷ ᠣᠨ ᠳᠤ ᠪᠢᠴᠢᠭ ᠤᠨ ᠬᠡᠯᠪᠡᠷᠢ ᠶᠢᠨ ᠭᠡᠷ ᠤᠨ ᠳᠠᠰᠬᠠᠯ ᠳᠠᠭᠠᠭᠠᠯᠭᠠᠬᠤ ᠦᠭᠡᠢ᠂ ᠪᠠᠭ᠎ᠠ | ᠰᠤᠷᠭᠠᠭᠤᠯᠢ ᠶᠢᠨ ᠪᠤᠰᠤᠳ ᠣᠨ ᠤ ᠡᠳᠦᠷ ᠪᠦᠷᠢ ᠶᠢᠨ ᠪᠢᠴᠢᠭ ᠤᠨ ᠬᠡᠯᠪᠡᠷᠢ ᠶᠢᠨ ᠳᠠᠰᠬᠠᠯ ᠢ ᠪᠡᠶᠡᠯᠡᠭᠦᠯᠬᠦ ᠴᠠᠭ ᠨᠢ | ᠳᠤᠮᠳᠠᠴᠢ ᠪᠠᠷ 60 ᠮᠢᠨᠦ᠋ᠲ ᠠᠴᠠ ᠬᠡᠲᠦᠷᠡᠬᠦ ᠦᠭᠡᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠳᠦᠷ | ᠪᠦᠷᠢ ᠶᠢᠨ ᠪᠢᠴᠢᠭ ᠤᠨ ᠬᠡᠯᠪᠡᠷᠢ ᠶᠢᠨ ᠳᠠᠰᠬᠠᠯ ᠢ ᠪᠡᠶᠡᠯᠡᠭᠦᠯᠬᠦ ᠴᠠᠭ ᠨᠢ ᠳᠤᠮᠳᠠᠴᠢ ᠪᠠᠷ 90 ᠮᠢᠨᠦ᠋ᠲ ᠠᠴᠠ | ᠬᠡᠲᠦᠷᠡᠬᠦ ᠦᠭᠡᠢ᠃ᠭᠤᠷᠪᠠ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | 5+2 ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ ᠰᠤᠷᠭᠠᠭᠤᠯᠢ ᠨᠤᠭᠤᠳ ᠭᠠᠷᠠᠭ ᠪᠦᠷᠢ ᠲᠠᠪᠤᠨ ᠡᠳᠦᠷ ᠲᠤ | ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠵᠦ᠂ ᠡᠳᠦᠷ ᠪᠦᠷᠢ ᠨᠠᠭᠠᠲᠤ ᠵᠠᠬ᠎ᠠ ᠳᠠᠭᠠᠨ 2 ᠴᠠᠭ ᠬᠢᠵᠦ᠂ | ᠲᠡᠭᠦᠰᠬᠦ ᠴᠠᠭ ᠢ ᠲᠤᠬᠠᠢ ᠶᠢᠨ ᠭᠠᠵᠠᠷ ᠤᠨ ᠬᠡᠪ ᠤᠨ ᠠᠵᠢᠯ ᠠᠴᠠ ᠪᠠᠭᠤᠬᠤ ᠴᠠᠭ ᠲᠠᠢ ᠵᠣᠯᠭᠠᠭᠤᠯᠬᠤ ᠬᠡᠷᠡᠭᠲᠡᠢ᠃ | ᠣᠲᠣ ᠪᠣᠯᠲᠠᠯ᠎ᠠ᠂ ᠪᠥᠬᠦ ᠬᠤᠲᠠ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠦᠭᠰᠡᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ 136 ᠪᠠᠶᠢᠵᠤ᠂ ᠬᠢᠴᠢᠶᠡᠯ ᠤᠨ ᠳᠠᠷᠠᠭᠠᠬᠢ | ᠦᠢᠯᠡᠴᠢᠯᠡᠭᠡ ᠳᠤ ᠣᠷᠣᠯᠴᠠᠭᠰᠠᠨ ᠰᠣᠷᠣᠭᠴᠢ 111119 ᠬᠥᠮᠥᠨ᠂ ᠣᠷᠣᠯᠴᠠᠭᠰᠠᠨ ᠪᠠᠭᠰᠢ 9413 ᠬᠥᠮᠥᠨ | ᠪᠠᠶᠢᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠠᠢ ᠠᠵᠢᠯ | ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠳᠠᠭᠠᠨ ᠰᠠᠭᠤᠷᠢᠯᠠᠨ᠂ ᠠᠵᠢᠯ ᠲᠥᠷᠥᠯ ᠤᠨ ᠬᠦᠷᠢᠶᠡᠨ ᠤ ᠣᠨᠴᠠᠯᠢᠭ ᠲᠠᠢ ᠤᠶᠠᠯᠳᠤᠭᠤᠯᠵᠤ᠂ | ᠮᠠᠯᠴᠢᠨ ᠲᠠᠷᠢᠶᠠᠴᠢᠨ ᠤ ᠪᠠᠴᠢᠮ ᠶᠠᠪᠤᠳᠠᠯ᠂ ᠬᠦᠴᠢᠷ ᠶᠠᠪᠤᠳᠠᠯ᠂ ᠪᠤᠬᠢᠨᠢᠳᠤᠯ ᠲᠠᠢ ᠶᠠᠪᠤᠳᠠᠯ ᠢ ᠰᠢᠢᠳᠪᠦᠷᠢᠯᠡᠬᠦ ᠠᠴᠠ | ᠭᠠᠷᠳᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ | ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠶᠢ ᠦᠨᠡᠨ ᠬᠦ ᠪᠠᠲᠤᠯᠠᠪᠠ᠃ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠮᠡᠷᠭᠡᠵᠢᠯ ᠤᠨ ᠦᠢᠯᠡᠴᠢᠯᠡᠭᠡᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ᠂ ᠠᠵᠤ ᠠᠬᠤᠶᠢᠯᠠᠯ ᠤᠨ | ᠰᠠᠭᠤᠷᠢᠨ ᠭᠠᠵᠠᠷ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠳᠤ ᠭᠦᠨᠵᠡᠭᠡᠶᠢᠷᠡᠭᠦᠯᠦᠨ᠂ | ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ︽ᠬᠥᠳᠡᠭᠡ ᠬᠦᠷᠭᠡᠬᠦ︾ | ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠪᠠᠷ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠢ ᠬᠠᠮᠠᠭᠠᠯᠠᠬᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠴᠦ ᠠᠮᠤᠷ ᠲᠦᠪᠰᠢᠨ ᠢ | ᠪᠠᠲᠤᠯᠠᠬᠤ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠤᠨ ᠯᠠᠪᠯᠠᠯᠲᠠ ᠶᠢ 300 ᠭᠠᠷᠤᠢ ᠬᠥᠮᠥᠨ ᠤᠳᠠᠭ᠎ᠠ ᠭᠥᠯᠢᠶᠡᠨ | ᠠᠪᠴᠤ᠂ ᠲᠠᠷᠢᠶᠠᠨ ᠭᠠᠵᠠᠷ ᠤᠨ ᠦᠢᠯᠡᠳᠪᠦᠷᠢᠯᠡᠯ᠂ ᠭᠠᠢ ᠭᠠᠮᠰᠢᠭ ᠤᠨ ᠮᠡᠷᠭᠡᠵᠢᠯ ᠤᠨ ᠵᠢᠯᠣᠭᠤᠳᠤᠯᠭ᠎ᠠ ᠶᠢ 200 | ᠭᠠᠷᠤᠢ ᠤᠳᠠᠭ᠎ᠠ ᠥᠷᠨᠢᠭᠦᠯᠪᠡ︔ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ | ᠡᠯ᠎ᠡ ᠬᠤᠰᠢᠭᠤ ᠰᠢᠶᠠᠨ ᠳᠤ ᠭᠦᠨᠵᠡᠭᠡᠶᠢᠷᠡᠭᠦᠯᠦᠨ᠂ ᠠᠵᠢᠯᠯᠠᠬᠤ ᠮᠠᠰᠢᠨ ᠪᠠᠭᠠᠵᠢ ᠶᠢ ᠪᠠᠶᠢᠴᠠᠭᠠᠨ ᠵᠠᠰᠠᠬᠤ᠂ | ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠤ 69435 | ᠢᠵᠢ ᠢᠵᠢ ᠶᠢ ᠪᠠᠶᠢᠴᠠᠭᠠᠨ ᠵᠠᠰᠠᠪᠠ︔ᠤᠷᠢᠳᠠᠪᠠᠷ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠵᠦ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠠᠭᠤᠯᠭ᠎ᠠ ᠶᠢ | ᠠᠵᠤ ᠠᠬᠤᠶᠢᠯᠠᠯ ᠪᠠ ᠣᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠵᠦ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠲᠥᠬᠦᠮ | ᠦᠵᠡᠭᠦᠯᠦᠨ᠎ᠡ︔ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ | ᠰᠢᠢᠳᠪᠦᠷᠢᠯᠡᠬᠦ ᠲᠠᠯ᠎ᠠ ᠪᠠᠷ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠷᠭᠡᠵᠢᠯᠲᠡᠨ ᠠᠴᠠ | ᠮᠠᠯᠴᠢᠳ ᠲᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠲᠥᠯ ᠲᠤᠰᠴᠦ ᠪᠣᠶᠢᠵᠢᠭᠤᠯᠬᠤ ᠲᠠᠯ᠎ᠠ ᠶᠢᠨ | ᠮᠡᠷᠭᠡᠵᠢᠯ ᠤᠨ ᠠᠷᠭ᠎ᠠ ᠶᠢ ᠤᠯᠠᠮᠵᠢᠯᠠᠵᠤ᠂ ᠳᠤᠯᠠᠭᠠᠨ ᠰᠠᠷᠠᠪᠴᠢ ᠳᠤᠯᠠᠭᠠᠨ ᠬᠦᠷᠢᠶ᠎ᠡ ᠵᠡᠷᠭᠡ ᠰᠠᠭᠤᠷᠢ | ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠ ᠰᠡᠯᠪᠢᠨ ᠵᠠᠰᠠᠬᠤ ᠶᠢ ᠵᠢᠯᠣᠭᠤᠳᠪᠠ︔ᠦᠢᠯᠡᠳᠪᠦᠷᠢᠯᠡᠯ | ᠡᠵᠡᠩᠨᠡᠯᠲᠡ ᠶᠢᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠰᠠᠨᠠᠭ᠎ᠠ ᠠᠮᠤᠷ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠬᠤᠳᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠭᠤᠷᠮᠠᠭ ᠮᠠᠭᠤ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠦᠢᠯᠡᠳᠦᠨ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ | ᠵᠦᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠶᠠᠰᠤ ᠴᠢᠨᠠᠷ ᠤᠨ ᠠᠮᠤᠷ ᠲᠦᠪᠰᠢᠨ ᠨᠠᠶᠢᠳᠠᠪᠤᠷᠢᠲᠠᠢᠡᠭᠦᠨ ᠤ ᠵᠡᠷᠭᠡᠴᠡᠭᠡᠪᠡᠷ᠂ ᠤᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ | ᠪᠠ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠤᠨ᠎ᠠ᠃ᠣᠲᠣ ᠪᠣᠯᠲᠠᠯ᠎ᠠ᠂ ᠬᠠᠤᠯᠢ | ᠬᠡᠷᠡᠭᠵᠢᠭᠦᠯᠬᠦ ᠠᠵᠢᠯᠲᠠᠨ ᠢ 1286 ᠬᠥᠮᠥᠨ ᠤᠳᠠᠭ᠎ᠠ ᠬᠥᠳᠡᠯᠭᠡᠨ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠡᠵᠡᠩᠨᠡᠯᠲᠡ ᠶᠢᠨ ᠭᠤᠣᠯ ᠴᠣᠭᠴᠠ ᠶᠢ 1398 ᠤᠳᠠᠭ᠎ᠠ ᠪᠠᠶᠢᠴᠠᠭᠠᠵᠤ᠂ ᠲᠠᠷᠢᠶᠠᠯᠠᠩ ᠮᠠᠯ ᠠᠵᠤ | ᠠᠬᠤᠢ ᠶᠢᠨ ᠡᠩ ᠤᠨ ᠬᠠᠤᠯᠢ ᠠᠴᠠ ᠵᠥᠷᠢᠴᠡᠭᠰᠡᠨ 5 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠤᠰᠢᠭᠤ | ᠰᠢᠶᠠᠨ ᠢ ᠵᠢᠯᠣᠭᠤᠳᠤᠨ 11 ᠬᠡᠷᠡᠭ ᠢ ᠰᠢᠢᠳᠪᠦᠷᠢᠯᠡᠵᠦ᠂ ᠨᠢᠳᠤᠨᠤᠨ ᠤ ᠰᠢᠢᠳᠪᠦᠷᠢᠯᠡᠵᠦ ᠳᠠᠭᠤᠰᠬᠠᠭᠠᠳᠤᠢ 8 | ᠬᠡᠷᠡᠭ ᠢ ᠰᠢᠢᠳᠪᠦᠷᠢᠯᠡᠵᠦ᠂ ᠨᠢᠭᠡᠨᠲᠡ 6 ᠬᠡᠷᠡᠭ ᠢ ᠳᠠᠭᠤᠰᠬᠠᠵᠤ᠂ ᠨᠡᠶᠢᠲᠡ 1.93 ᠲᠦᠮᠡᠨ ᠲᠥᠭᠦᠷᠢᠭ ᠤᠨ | ᠲᠣᠷᠭᠠᠵᠤ ᠬᠤᠷᠢᠶᠠᠨ ᠠᠪᠤᠭᠰᠠᠨ ᠪᠠᠶᠢᠨ᠎ᠠ᠃ | | |