ᠸᠠᠩ ᠳ᠋ᠠ ᠾᠧ ᠨᠠᠷ ᠴᠢ ᠰᠢᠶᠠ ᠶᠢᠩ ᠪᠠᠯᠭᠠᠰᠤᠨ ᠳᠤ ᠭᠦᠨᠵᠡᠭᠡᠶᠢᠷᠡᠨ ᠭᠠᠯ ᠰᠡᠷᠭᠡᠶᠢᠯᠡᠬᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/12/17
    11 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠠ ᠾᠧ ᠨᠠᠷ ᠴᠢ ᠰᠢᠶᠠ ᠶᠢᠩ ᠪᠠᠯᠭᠠᠰᠤᠨ ᠤ ᠬᠡᠰᠡᠭ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠭᠦᠸᠧ ᠬᠤᠩ ᠭᠤᠸᠠᠩ ᠵᠢᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃      ᠸᠠᠩ ᠳ᠋ᠠ ᠾᠧ ᠨᠠᠷ ᠡᠩ ᠲᠡᠷᠢᠭᠦᠨ ᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ᠳᠠᠷᠠᠭ᠎ᠠ ᠨᠢ ᠰᠢᠩ ᠹᠥ᠋ᠩ ᠰᠢᠨ᠎ᠡ ᠡᠨᠧᠷᠭᠢ ᠶᠢᠨ ᠯᠢᠲ᠋ᠢ ᠴᠠᠬᠢᠯᠭᠠᠨ ᠴᠡᠨᠡᠭ ᠤᠨ ᠦᠢᠯᠡᠳᠪᠦᠷᠢ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠥᠬᠦᠭᠡᠷᠦᠮᠵᠢ ᠪᠦᠷᠢᠨ ᠪᠦᠲᠦᠨ ᠪᠥᠭᠡᠳ ᠪᠦᠲᠦᠮᠵᠢᠲᠡᠢ ᠪᠠᠶᠢᠬᠤ ᠡᠰᠡᠬᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠡᠢ︔ᠬᠠᠮᠤᠭ ᠰᠡᠭᠦᠯ ᠳᠤ ᠪᠠᠷᠠᠭᠠᠨ ᠤ ᠲᠡᠭᠡᠭᠡᠪᠦᠷᠢ ᠶᠢᠨ ᠮᠣᠷᠢᠨ ᠲᠡᠷᠭᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ ᠵᠢᠴᠢ ᠡᠯ᠎ᠡ ᠵᠠᠩᠭᠢᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃     ᠸᠠᠩ ᠳ᠋ᠠ ᠾᠧ᠂ ᠡᠯ᠎ᠡ ᠭᠤᠣᠯᠳᠠᠯᠭ᠎ᠠ ᠲᠠᠢ ᠲᠠᠯᠠᠪᠤᠷ ᠤᠨ ᠬᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠰᠠᠶᠢᠲᠤᠷ ᠬᠠᠮᠠᠭᠠᠯᠠᠨ ᠠᠷᠠᠴᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨᠬᠦ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠵᠦ᠂︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ᠶᠡᠷᠦᠩᠬᠡᠢ ᠠᠷᠭ᠎ᠠ ᠪᠣᠳᠣᠯᠭ᠎ᠠ ᠪᠣᠯᠣᠨ︽ᠬᠥᠳᠡᠯᠦᠩᠭᠦᠢ ᠪᠠᠷ ᠲᠡᠭ ᠪᠣᠯᠭᠠᠬᠤ︾ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠦᠷᠭᠦᠯᠵᠢᠯᠡᠨ ᠥᠴᠥᠬᠡᠨ ᠴᠦ ᠰᠤᠯᠠᠷᠠᠭᠤᠯᠤᠯ ᠦᠭᠡᠢ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃     ᠸᠠᠩ ᠳ᠋ᠠ ᠾᠧ ᠴᠢᠬᠤᠯᠠᠴᠢᠯᠠᠭᠰᠠᠨ ᠨᠢ᠂ ᠰᠢᠶᠠᠩ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠬᠤ ᠬᠡᠷᠡᠭᠲᠡᠢ︔ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠵᠢᠯᠲᠠᠨ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠮᠠᠨ ᠤ ᠰᠢᠶᠠᠨ ᠳᠤ ᠣᠷᠣᠬᠤ ᠶᠢ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠤ ᠰᠢᠶᠠᠨ ᠳᠤ ᠣᠷᠣᠬᠤ ᠶᠢ ᠣᠯᠵᠤ ᠮᠡᠳᠡᠪᠡᠯ᠂ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠤᠳᠠᠭ᠎ᠠ ᠶᠢ ᠴᠢᠩᠭᠠᠳᠬᠠᠵᠤ᠂ ᠪᠦᠷᠬᠦᠴᠡ ᠶᠢᠨ ᠨᠤᠷᠮ᠎ᠠ ᠶᠢ ᠥᠷᠭᠡᠳᠬᠡᠨ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠪᠠ ᠬᠥᠮᠥᠰ ᠲᠤ ᠪᠠᠶᠢᠴᠠᠭᠠᠬᠤ ᠶᠣᠰᠣᠲᠠᠢ ᠶᠢ ᠨᠢ ᠪᠦᠷ ᠪᠠᠶᠢᠴᠠᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ;︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠴᠢᠩᠭ᠎ᠠ ᠨᠠᠶᠢᠳᠠᠪᠤᠷᠢᠵᠢᠭᠤᠯᠵᠤ᠂ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ᠲᠦᠷᠪᠡᠨ ᠡᠷᠲᠡ ᠶᠢᠨ ᠴᠢᠭᠯᠡᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ︽ᠳᠤᠲᠠᠭᠤᠳᠠᠯ ᠢ ᠨᠥᠬᠦᠪᠦᠷᠢᠯᠡᠬᠦ︾ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾︾᠋ ᠢ ᠪᠠᠬᠢᠵᠢᠭᠦᠯᠬᠦ ᠬᠡᠷᠡᠭᠲᠡᠢ᠃         ᠡᠬᠡ ᠪᠢᠴᠢᠭ ᠬᠠᠩᠭᠠᠬᠤ ᠨᠢ᠄ ᠴᠢ ᠰᠢᠶᠠ ᠶᠢᠩ ᠪᠠᠯᠭᠠᠰᠤᠨ ᠤ ᠵᠠᠰᠠᠭ ᠤᠨ ᠣᠷᠳᠣᠨ        ᠤᠷᠴᠢᠭᠤᠯᠤᠭᠴᠢ᠄ ᠪᠠᠶᠠᠨᠪᠠᠲᠤ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2