ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2022﹈ 20 ᠳ᠋ᠤᠭᠠᠷ ᠲᠣᠭᠠᠲᠤ᠂ ᠳᠣᠷᠣᠭᠰᠢ | ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ︽ᠬᠡᠷᠡᠭᠵᠢᠭᠦᠯᠬᠦ | ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ | ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ | ᠲᠤᠰᠠᠳᠠ᠂ ᠡᠳᠦᠭᠡ ᠳᠣᠣᠷᠠᠬᠢ ᠮᠡᠲᠦ ᠪᠠᠷ ᠲᠠᠶᠢᠯᠤᠮᠵᠢ ᠬᠢᠪᠡ᠃ | ᠨᠢᠭᠡ᠂ ︽ᠬᠡᠷᠡᠭᠵᠢᠭᠦᠯᠬᠦ ᠰᠠᠨᠠᠯ︾ ᠳᠤ ᠶᠠᠮᠠᠷ ᠬᠠᠷᠠᠯᠲᠠ ᠶᠢ ᠲᠣᠭᠲᠠᠭᠠᠭᠰᠠᠨ ᠪᠤᠢ︖ | ︽ᠬᠡᠷᠡᠭᠵᠢᠭᠦᠯᠬᠦ ᠰᠠᠨᠠᠯ︾ ᠳᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ | ᠱᠠᠭᠠᠷᠳᠠᠪᠠ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠣᠶᠢᠷ᠎ᠠ | ᠬᠠᠪᠢ ᠳᠤ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠲᠥᠬᠦᠮ ᠳᠥᠲᠡ ᠪᠥᠭᠡᠳ | ᠲᠦᠷᠭᠡᠨ ᠪᠣᠯᠭᠠᠨ᠎ᠠ᠃ | ᠬᠤᠶᠠᠷ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠡᠭᠦᠷᠭᠡ ᠶᠢ ᠲᠣᠬᠢᠷᠠᠭᠤᠯᠤᠭᠰᠠᠨ ᠪᠤᠢ︖ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ | ᠠᠬᠢᠭᠤᠯᠬᠤ ᠪᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ 4 ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ 18 ᠵᠦᠢᠯ ᠤᠨ ᠡᠭᠦᠷᠭᠡ ᠶᠢᠨ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ | ᠳᠤᠷᠠᠳᠤᠭᠰᠠᠨ ᠪᠥᠭᠡᠳ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠡᠯ᠎ᠡ ᠲᠠᠰ | ᠳᠠᠪᠬᠤᠷᠭ᠎ᠠ ᠶᠢᠨ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ | ᠲᠣᠳᠣᠷᠬᠠᠢ ᠬᠠᠭᠤᠳᠠᠰᠤ ᠶᠢ ᠨᠢᠭᠡᠳᠦᠯᠲᠡᠢ ᠪᠠᠶᠢᠯᠭᠠᠬᠤ ᠶᠢ ᠠᠬᠢᠭᠤᠯᠵᠤ᠂ ᠬᠥᠳᠡᠯᠮᠦᠷᠢ ᠠᠵᠢᠯ ᠣᠯᠭᠤᠯᠲᠠ᠂ | ᠨᠡᠶᠢᠭᠡᠮ ᠤᠨ ᠳᠠᠭᠠᠳᠬᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠲᠤ ᠨᠢᠭᠡᠳᠦᠯᠲᠡᠢ ᠣᠷᠣᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ᠂ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠬᠢᠨᠠᠨ | ᠬᠠᠷᠭᠤᠭᠤᠯᠵᠤ ᠨᠡᠶᠢᠲᠡᠯᠡᠬᠦ ᠪᠠ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠲᠣᠳᠣᠷᠬᠠᠢ | ᠬᠠᠭᠤᠳᠠᠰᠤ ᠶᠢ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠎ᠡ᠃ ᠤᠯᠤᠰ ᠪᠠ ᠣᠷᠣᠨ ᠨᠤᠲᠤᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠴᠢᠬᠤᠯᠠ ᠡᠯᠧᠮᠧᠨ᠋ᠲ ᠢ ᠨᠢᠭᠡᠳᠬᠡᠬᠦ ᠶᠢ | ᠠᠬᠢᠭᠤᠯᠤᠨ᠎ᠠ᠃ ᠭᠤᠷᠪᠠ ᠳᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠷᠢᠭᠤᠴᠠᠯᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠵᠣᠬᠢᠶᠠᠨ ᠪᠠᠶᠢᠭᠤᠯᠤᠨ ᠪᠦᠷᠢᠨᠰᠢᠭᠦᠯᠵᠦ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭᠲᠦ ᠶᠢᠨ ᠳᠦᠷᠢ ᠲᠥᠷᠬᠦ᠂ ᠦᠢᠯᠡᠴᠢᠯᠡᠭᠡᠨ ᠤ ᠪᠠᠷᠢᠮᠵᠢᠶ᠎ᠠ᠂ ᠰᠢᠯᠭᠠᠨ | ᠬᠢᠨᠠᠬᠤ ᠪᠠᠷᠢᠮᠵᠢᠶ᠎ᠠ ᠶᠢ ᠨᠢᠭᠡᠳᠬᠡᠨ᠎ᠡ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠬᠡᠷᠡᠭᠵᠢᠭᠦᠯᠦᠯᠲᠡ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠵᠢᠷᠤᠮᠠᠯᠵᠤ ᠪᠠᠶᠢᠭᠠᠳ ᠠᠵᠢᠯ ᠶᠠᠪᠤᠳᠠᠯ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ | ᠨᠡᠮᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠵᠦ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠰᠦᠯᠵᠢᠶᠡᠨ ᠳᠤ ᠨᠡᠪᠲᠡᠷᠡᠭᠦᠯᠬᠦ ᠶᠢ | ᠠᠬᠢᠭᠤᠯᠵᠤ᠂ ᠦᠢᠯᠡᠴᠢᠯᠡᠭᠡᠨ ᠤ ᠵᠦᠭᠯᠡᠭᠦᠷ ᠢ ᠢᠯᠡ ᠪᠣᠯᠭᠠᠨ᠂ ᠦᠢᠯᠡᠴᠢᠯᠡᠭᠡᠨ ᠤ ᠨᠥᠬᠦᠴᠡᠯ᠂ ᠴᠤᠪᠤᠷᠠᠯ᠂ ᠴᠠᠭ ᠤᠨ | ᠬᠢᠵᠠᠭᠠᠷ ᠪᠠ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠠᠵᠤ ᠠᠬᠤᠶᠢᠯᠠᠯ ᠢ | ᠠᠯᠪᠠᠳᠠᠵᠤ ᠪᠠᠶᠢᠭᠠᠳ ᠣᠨᠴᠠ ᠲᠣᠭᠲᠠᠭᠰᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠭᠤᠯᠵᠤ ᠪᠣᠯᠬᠤ | ᠦᠭᠡᠢ᠃ ᠬᠤᠶᠠᠷ ᠲᠤ᠂ ᠦᠢᠯᠡᠴᠢᠯᠡᠭᠡᠨ ᠤ ᠲᠠᠯᠠᠪᠤᠷ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ | ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ ᠤ ᠴᠣᠩᠬᠤᠪᠴᠢ ᠶᠢ ᠵᠣᠬᠢᠰᠲᠠᠢ ᠲᠣᠬᠢᠷᠠᠭᠤᠯᠤᠨ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ︽ᠶᠡᠷᠦᠩᠬᠡᠶᠢᠯᠡᠭᠰᠡᠨ | ᠨᠢᠭᠡ ᠴᠣᠩᠬᠤᠪᠴᠢ︾ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠰᠦᠯᠵᠢᠶᠡᠨ ᠳᠡᠭᠡᠷᠡᠬᠢ | ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠣᠷᠤᠴᠠ ᠶᠢ | ᠨᠢᠭᠡᠳᠦᠯᠲᠡᠢ ᠲᠥᠯᠥᠪᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠰᠦᠯᠵᠢᠶᠡᠨ | ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠳᠤ ︽ᠨᠢᠭᠡ ᠯᠡ ᠤᠳᠠᠭ᠎ᠠ ᠳᠤ ᠳᠠᠩᠰᠠᠯᠠᠭᠤᠯᠬᠤ᠂ ᠤᠯᠠᠨ ᠴᠡᠭ ᠲᠤ | ᠬᠠᠷᠢᠯᠴᠠᠨ ᠮᠡᠳᠡᠷᠡᠬᠦ᠂ ᠪᠦᠬᠦ ᠰᠦᠯᠵᠢᠶ᠎ᠡ ᠳᠤ ᠨᠡᠶᠢᠳᠡᠮ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠬᠥᠬᠡᠬᠤᠲᠠ᠂ ᠪᠤᠭᠤᠲᠤ᠂ | ᠣᠷᠳᠣᠰ᠂ ᠤᠯᠠᠭᠠᠨᠴᠠᠪ ᠲᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠶᠠᠪᠤᠳᠠᠯ︾ | ᠤᠨ ᠲᠤᠷᠰᠢᠯᠲᠠ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ | ᠨᠡᠮᠡᠭᠳᠡᠭᠦᠯᠦᠨ᠎ᠡ᠃ ᠳᠥᠷᠪᠡ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠶᠢ | ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠳᠤ ᠨᠢ ᠦᠢᠯᠡᠴᠢᠯᠡᠵᠦ᠂ | ᠭᠤᠶᠤᠴᠢᠯᠠᠭᠴᠢ ᠰᠦᠯᠵᠢᠶᠡᠨ ᠠᠴᠠ ᠭᠠᠳᠠᠨ᠎ᠠ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠪᠠᠨ᠂ ᠭᠤᠶᠤᠴᠢᠯᠠᠬᠤ | ᠮᠠᠲ᠋ᠧᠷᠢᠶᠠᠯ ᠢ ᠤᠷᠢᠳ ᠢᠶᠠᠷ ᠰᠦᠯᠵᠢᠶᠡᠨ ᠳᠡᠭᠡᠷ᠎ᠡ ᠠᠴᠠ ᠪᠣᠯᠵᠣᠬᠤ ᠪᠤᠶᠤ ᠰᠦᠯᠵᠢᠶᠡᠨ ᠳᠡᠭᠡᠷ᠎ᠡ ᠲᠤᠰᠢᠶᠠᠯᠭᠠᠬᠤ ᠪᠠᠷ | ᠠᠯᠪᠠᠳᠠᠵᠤ ᠪᠣᠯᠬᠤ ᠦᠭᠡᠢ᠂ ᠠᠵᠤ ᠠᠬᠤᠶᠢᠯᠠᠯ ᠪᠠ ᠣᠯᠠᠨ ᠲᠦᠮᠡᠨ ᠭᠦᠢᠴᠡᠳᠬᠡᠬᠦ ᠠᠷᠭ᠎ᠠ ᠵᠠᠮ ᠢᠶᠠᠨ ᠡᠵᠡᠨ ᠮᠡᠳᠡᠨ | ᠰᠣᠩᠭᠤᠵᠤ᠂ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ | ᠪᠡᠶᠡᠯᠡᠭᠦᠯᠬᠦ ᠬᠡᠷᠡᠭᠲᠡᠢ᠃ ᠲᠠᠪᠤ ᠳᠤ᠂ ᠦᠨᠡᠯᠡᠨ ᠵᠢᠱᠢᠯᠲᠡ ᠥᠷᠨᠢᠭᠦᠯᠬᠦ ᠶᠢ ᠵᠢᠷᠤᠮᠵᠢᠭᠤᠯᠤᠨ᠎ᠠ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠲᠠᠪᠴᠠᠩ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢ ᠭᠦᠢᠴᠡᠳ ᠠᠰᠢᠭᠯᠠᠨ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ | | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ ᠬᠦᠰᠦᠨᠦᠭᠲᠦ | ᠬᠠᠭᠤᠳᠠᠰᠤ︾ ᠪᠠᠷ ᠭᠤᠶᠤᠴᠢᠯᠠᠬᠤ᠂ ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠣᠷᠣᠨ ᠢ | ᠲᠠᠰ ᠳᠡᠪᠰᠢᠭᠦᠯᠦᠨ᠂ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠴᠣᠩᠬᠤᠪᠴᠢ ᠶᠢᠨ ᠠᠵᠢᠯᠲᠠᠨ ᠤ ᠭᠥᠯᠢᠶᠡᠨ | ᠠᠪᠴᠤ ᠰᠢᠢᠳᠪᠦᠷᠢᠯᠡᠬᠦ ᠴᠢᠳᠠᠮᠵᠢ ᠶᠢ ᠪᠡᠶᠡᠯᠡᠭᠦᠯᠦᠨ᠎ᠡ᠃ ᠬᠤᠶᠠᠷ ᠲᠤ᠂ ︽ᠦᠨᠡᠮᠯᠡᠯ ᠦᠭᠡᠢ ᠪᠠᠷ ᠭᠦᠢᠴᠡᠳᠬᠡᠬᠦ︾ | ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠶᠢ | ᠠᠬᠢᠭᠤᠯᠵᠤ᠂ ᠡᠯᠧᠺᠲᠷᠣᠨ ᠦᠨᠡᠮᠯᠡᠯ ᠪᠣᠯᠣᠨ ᠴᠠᠭᠠᠰᠤᠨ ᠦᠨᠡᠮᠯᠡᠯ ᠤᠨ ᠠᠳᠠᠯᠢᠬᠠᠨ ᠬᠦᠴᠦᠨ ᠲᠠᠢ ᠪᠠᠶᠢᠬᠤ ᠶᠢ | ᠲᠣᠳᠣᠷᠬᠠᠶᠢᠯᠠᠵᠤ᠂ ᠴᠤᠭᠯᠠᠭᠤᠯᠤᠭᠰᠠᠨ ᠡᠯᠧᠺᠲᠷᠣᠨ ᠦᠨᠡᠮᠯᠡᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠬᠡᠬᠦ ᠳᠤ ᠪᠣᠳᠠᠲᠠᠢ ᠦᠨᠡᠮᠯᠡᠯ ᠲᠤᠰᠢᠶᠠᠬᠤ ᠠᠴᠠ ᠬᠡᠯᠲᠦᠷᠢᠭᠦᠯᠬᠦ ᠶᠢ ᠳᠡᠮᠵᠢᠨ᠎ᠡ᠃ ᠭᠤᠷᠪᠠ ᠳᠤ᠂ | ︽ᠣᠶᠢᠷ᠎ᠠ ᠬᠠᠪᠢ ᠳᠤ ᠪᠠᠨ ᠭᠦᠢᠴᠡᠳᠬᠡᠬᠦ︾ ᠶᠢ ᠶᠡᠭᠡ ᠪᠠᠷ ᠬᠡᠷᠡᠭᠵᠢᠭᠦᠯᠦᠨ᠎ᠡ᠃ ᠥᠪᠡᠰᠦᠪᠡᠨ ᠦᠢᠯᠡᠴᠢᠯᠡᠬᠦ ᠲᠡᠭᠦᠰᠬᠡᠯ | ᠦᠵᠦᠭᠦᠷ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠠᠪᠤᠷ᠂ | ᠠᠰᠠᠷ ᠲᠠᠭᠲᠤ ᠵᠡᠷᠭᠡ ᠲᠠᠯᠠᠪᠤᠷ ᠲᠡᠶᠢᠰᠢ ᠳᠡᠯᠭᠡᠷᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ | ︽ᠣᠶᠢᠷ᠎ᠠ ᠬᠠᠪᠢ ᠳᠤ ᠪᠠᠨ ᠭᠦᠢᠴᠡᠳᠬᠡᠬᠦ᠂ ᠡᠭᠦᠳᠡᠨ ᠡᠮᠦᠨ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠮᠴᠢᠯᠡᠭᠡ | ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠵᠦᠢᠯᠡᠰ ᠢ ᠨᠠᠶᠢᠳᠠᠨ ᠭᠥᠯᠢᠶᠡᠨ ᠠᠪᠴᠤ | ᠰᠢᠢᠳᠪᠦᠷᠢᠯᠡᠬᠦ᠂ ᠡᠷᠬᠡ ᠣᠯᠭᠤᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ | ᠠᠷᠭ᠎ᠠ ᠪᠠᠷ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠲᠤ | ᠬᠦᠷᠴᠦ ᠭᠦᠢᠴᠡᠳᠬᠡᠬᠦ ᠶᠢ ᠠᠬᠢᠭᠤᠯᠤᠨ᠎ᠠ᠃ ᠳᠥᠷᠪᠡ ᠳᠤ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ | ᠳᠡᠭᠡᠷ᠎ᠡ ᠪᠠᠨ ᠭᠦᠢᠴᠡᠳᠬᠡᠬᠦ︾ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ | ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ | ᠬᠤᠷᠤᠭᠤ ᠪᠠᠷ ᠢᠶᠠᠨ ᠭᠦᠢᠴᠡᠳᠬᠡᠬᠦ︾ ᠶᠢ ᠠᠬᠢᠭᠤᠯᠤᠨ᠎ᠠ᠃ ᠲᠠᠪᠤ ᠳᠤ᠂ ᠮᠡᠳᠡᠭᠳᠡᠵᠦ ᠠᠮᠠᠯᠠᠬᠤ ᠳᠦᠷᠢᠮ ᠪᠣᠯᠣᠨ | ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠮᠡᠳᠡᠭᠳᠡᠵᠦ | ᠠᠮᠠᠯᠠᠬᠤ ᠳᠦᠷᠢᠮ ᠪᠠ ᠳᠤᠲᠠᠭᠤᠳᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠶᠢ ᠬᠡᠷᠡᠭᠯᠡᠵᠦ ᠪᠣᠯᠬᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠨᠡᠶᠢᠭᠡᠮ ᠳᠤ ᠨᠢᠭᠡᠳᠦᠯᠲᠡᠢ ᠨᠡᠶᠢᠲᠡᠯᠡᠨ᠎ᠡ᠃ | ᠵᠢᠷᠭᠤᠭ᠎ᠠ ᠳᠤ᠂ ᠣᠶᠤᠨᠴᠢᠯᠠᠭᠰᠠᠨ ᠣᠨᠣᠪᠴᠢᠲᠠᠢ ᠥᠪᠡᠷᠮᠢᠴᠡ ᠣᠨᠴᠠᠯᠢᠭ ᠪᠦᠬᠦᠢ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠪᠠᠶᠢᠭᠤᠯᠬᠤ︾ ︽ᠨᠢᠭᠡ ᠬᠥᠮᠥᠨ ᠳᠤ ᠨᠢᠭᠡ | ᠲᠠᠩᠰᠠ ᠪᠠᠶᠢᠭᠤᠯᠬᠤ︾ ᠶᠢ ᠲᠡᠭᠦᠯᠳᠡᠷᠵᠢᠭᠦᠯᠵᠦ᠂ ᠬᠤᠶᠠᠷ ᠬᠡᠮᠵᠢᠯᠲᠦ ᠺᠣᠳ᠋᠂ ᠲᠣᠭᠠᠴᠢᠯᠠᠭᠰᠠᠨ ᠨᠡᠷ᠎ᠡ ᠶᠢᠨ ᠬᠠᠭᠤᠳᠠᠰᠤ | ᠵᠡᠷᠭᠡ ᠠᠬᠤᠢ ᠲᠠᠯᠠᠪᠠᠶ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠭᠡᠳᠬᠡᠵᠦ᠂ ᠥᠪᠡᠷᠮᠢᠴᠡ ᠨᠠᠷᠢᠯᠢᠭ ᠣᠨᠣᠴᠠᠲᠠᠢ | ᠦᠢᠯᠡᠴᠢᠯᠡᠭᠡ ᠶᠢ ᠪᠡᠶᠡᠯᠡᠭᠦᠯᠦᠨ᠎ᠡ᠃ ᠳᠣᠯᠤᠭ᠎ᠠ ᠳᠤ᠂ ᠲᠥᠬᠦᠮ ᠦᠵᠡᠭᠦᠯᠬᠦ ᠨᠡᠩ ᠣᠯᠠᠨ ᠦᠢᠯᠡᠴᠢᠯᠡᠭᠡ ᠶᠢ ᠬᠠᠩᠭᠠᠨ᠎ᠠ᠃ | ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠬᠦᠷᠢᠶᠡᠨ ᠳᠤ᠂ ︽ᠡᠷᠲᠡ ᠣᠷᠣᠢ | ᠬᠠᠷᠢᠮᠠᠬᠠᠢ ᠴᠢᠨᠠᠷᠲᠠᠢ ᠪᠠᠷ ᠭᠦᠢᠴᠡᠳᠬᠡᠬᠦ︾ ︽ᠦᠳᠡ ᠳᠤ ᠲᠠᠰᠤᠯᠳᠠᠭᠤᠯᠬᠤ ᠦᠭᠡᠢ︾ ︽ᠭᠠᠷᠠᠭ ᠤᠨ ᠰᠡᠭᠦᠯᠴᠢ ᠳᠤ | ᠠᠮᠠᠷᠠᠬᠤ ᠦᠭᠡᠢ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ | ᠣᠨᠴᠠᠭᠠᠢ ᠬᠥᠮᠥᠰ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ | ︵ᠳᠥᠷᠪᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠪᠥᠬᠦ ᠣᠷᠣᠨ ᠤ | ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ 2.0 ᠲᠥᠷᠥᠯ ᠵᠦᠢᠯ ᠢ ᠬᠡᠷᠡᠭᠵᠢᠭᠦᠯᠵᠦ᠂ ︽ᠣᠶᠤᠨᠲᠤ ᠵᠠᠰᠠᠭ ᠤᠨ | ᠶᠠᠪᠤᠳᠠᠯ︾ ᠤᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠲᠠᠢ ᠪᠥᠬᠦ ᠲᠠᠯ᠎ᠠ ᠪᠠᠷ ᠵᠣᠯᠭᠠᠭᠤᠯᠤᠨ ᠠᠭᠤᠰᠤᠯᠴᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠲᠠᠪᠴᠠᠩ ᠤᠨ ᠤᠯᠠᠨ ᠨᠡᠶᠢᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠰᠦᠯᠵᠢᠶᠡᠨ | ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠠᠴᠠ ᠭᠠᠳᠠᠨ᠎ᠠ ᠭᠥᠯᠢᠶᠡᠨ ᠠᠪᠴᠤ ᠰᠢᠢᠳᠪᠦᠷᠢᠯᠡᠬᠦ | ᠦᠢᠯᠡᠴᠢᠯᠡᠭᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠲᠤᠯᠭᠠᠭᠤᠷᠢᠯᠠᠵᠤ᠂ ᠰᠢᠯᠵᠢᠮᠡᠯ ᠦᠵᠦᠭᠦᠷ ᠤᠨ ᠦᠢᠯᠡᠴᠢᠯᠡᠭᠡᠨ ᠤ | ᠬᠡᠪᠴᠢᠶ᠎ᠡ ᠶᠢ ᠥᠷᠭᠡᠳᠬᠡᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ | ᠰᠢᠰᠲ᠋ᠧᠮ ᠲᠠᠢ ᠵᠣᠯᠭᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨ᠎ᠠ ᠶᠢ ᠠᠭᠤᠰᠤᠯᠴᠠᠭᠤᠯᠤᠭᠰᠠᠨ | ᠦᠢᠯᠡᠴᠢᠯᠡᠭᠡᠨ ᠤ ᠵᠠᠭᠪᠤᠷ ᠢ ᠬᠠᠩᠭᠠᠨ᠎ᠠ᠃ ᠭᠤᠷᠪᠠ ᠳᠤ᠂ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠬᠢᠭᠡᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠭᠦᠨᠵᠡᠭᠡᠢ ᠵᠣᠯᠭᠠᠭᠤᠯᠬᠤ᠂ ᠳ᠋ᠠᠶᠢᠲ᠋ᠠ ᠶᠢ ᠬᠤᠣᠰ ᠴᠢᠭᠯᠡᠯ ᠢᠶᠠᠷ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | | ᠭᠤᠷᠪᠠ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠤᠢ︖ | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠲᠤᠯᠠᠭ᠎ᠠ᠂ | ᠬᠢᠨᠠᠨ ᠵᠢᠯᠤᠭᠤᠳᠴᠤ ᠰᠢᠯᠭᠠᠨ ᠦᠨᠡᠯᠡᠬᠦ᠂ ᠤᠬᠠᠭᠤᠯᠤᠨ ᠳᠡᠯᠭᠡᠷᠡᠭᠦᠯᠬᠦ ᠵᠡᠷᠭᠡ 5 ᠲᠠᠯ᠎ᠠ ᠠᠴᠠ ᠪᠣᠳᠠᠲᠠᠢ ᠠᠵᠢᠯ ᠤᠨ | ᠱᠠᠭᠠᠷᠳᠠᠯᠭ᠎ᠠ ᠳᠤᠷᠠᠳᠪᠠ᠃ ᠳᠡᠭᠡᠷ᠎ᠡ ᠳᠣᠣᠷ᠎ᠠ ᠱᠠᠲᠤ ᠶᠢ ᠬᠤᠯᠪᠣᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ | ᠬᠠᠮᠵᠢᠯᠴᠠᠨ ᠬᠤᠯᠪᠣᠭᠠᠯᠠᠵᠤ ᠬᠥᠳᠡᠯᠦᠯᠴᠡᠭᠰᠡᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠳᠤ ᠰᠠᠭᠤᠷᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠪᠠ ᠶᠡᠷᠦᠩᠬᠡᠶᠢᠯᠡᠭᠰᠡᠨ ᠴᠣᠩᠬᠤᠪᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠮᠠᠨ ᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠪᠠ᠃ | |