ᠵᠦᠸᠧᠽᠢ ᠰᠢᠶᠠᠨ ᠤ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠲᠣ ᠦᠶ᠎ᠡ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ ᠨᠣᠣᠷᠠᠭ ᠪᠣᠶ ᠪᠣᠯᠤᠭᠰᠠᠨ ᠤ ᠳᠠᠷᠠᠭᠠᠬᠢ ᠰᠠᠨᠠᠯ ᠬᠤᠷᠢᠶᠠᠭᠰᠠᠨ ᠢᠯᠡ ᠮᠡᠳᠡᠭᠡ ᠵᠠᠩᠭᠢ
ᠨᠡᠶᠢᠲᠡᠯᠡᠭᠰᠡᠨ ᠴᠠᠭ᠄
2022/4/12
   ︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ᠪᠠ ︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠣᠯᠠᠨ ᠨᠡᠶᠢᠲᠡ ᠪᠠᠷ ᠢᠶᠠᠨ ᠣᠷᠤᠯᠴᠠᠬᠤ ᠠᠷᠭ᠎ᠠ︾ ︵ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠵᠠᠷᠯᠢᠭ᠂ ᠶᠠᠮᠤᠨ ᠤ ᠵᠠᠷᠯᠢᠭ 4 ᠳ᠋ᠦᠭᠡᠷ ᠲᠣᠭᠠᠲᠤ︶ ᠵᠡᠷᠭᠡ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠵᠦᠸᠧᠽᠢ ᠰᠢᠶᠠᠨ ᠤ ᠬᠠᠢ ᠭᠤᠸ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠵᠦᠸᠧᠽᠢ ᠰᠢᠶᠠᠨ ᠤ ᠰᠦ᠋ ᠮᠢᠬ᠎ᠠ ᠶᠢ ᠬᠠᠪᠰᠤᠷᠭᠠᠨ ᠬᠡᠷᠡᠭᠯᠡᠬᠦ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠲᠣ ᠦᠶ᠎ᠡ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠮᠢᠶ᠎ᠠ ᠪᠦᠬᠦᠢ ᠤᠴᠢᠷ ᠢ ᠡᠳᠦᠭᠡ ᠳᠣᠣᠷᠠᠬᠢ ᠮᠡᠲᠦ ᠵᠠᠷᠯᠠᠶ᠎ᠠ᠄  ᠨᠢᠭᠡ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ ᠨᠣᠣᠷᠠᠭ ᠤᠨ ᠪᠦᠬᠦ ᠠᠭᠤᠯᠭ᠎ᠠ ᠶᠢᠨ ᠲᠣᠣᠷ ᠰᠦᠯᠵᠢᠶᠡᠨ ᠤ ᠬᠤᠯᠪᠣᠭᠠᠰᠤ ᠵᠢᠴᠢ ᠴᠠᠭᠠᠰᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠ ᠠᠷᠭ᠎ᠠ ᠵᠠᠮᠰᠦᠯᠵᠢᠶᠡᠨ ᠤ ᠴᠥᠷᠬᠡᠯᠡᠭᠡ᠄  ᠴᠥᠷᠬᠡᠯᠡᠭᠡ᠄ https://pan.baidu.com/s/1d4LXvX_oV3kRFQErKCuvfA  ᠭᠠᠷᠭᠠᠨ ᠠᠪᠬᠤ ᠺᠣᠳ᠋᠄ giun  ᠴᠠᠭᠠᠰᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠬᠦ ᠠᠷᠭ᠎ᠠ ᠮᠠᠶ᠋ᠢᠭ ᠪᠠ ᠠᠷᠭ᠎ᠠ ᠵᠠᠮ᠄  ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠵᠦᠸᠧᠽᠢ ᠰᠢᠶᠠᠨ ᠤ ᠬᠠᠢ ᠭᠤᠸ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠨᠢ ᠲᠥᠷᠥᠯ ᠵᠦᠢᠯ ᠤᠨ ᠪᠠᠶᠢᠭ᠎ᠠ ᠭᠠᠵᠠᠷ ᠤᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠪᠠᠶᠠᠨᠰᠢᠯ ᠤᠨ ᠵᠡᠭᠦᠨ ᠪᠠᠶᠢᠰᠢᠩ ᠲᠣᠰᠬᠤᠨ ᠳᠤ ᠨᠡᠶᠢᠭᠡᠮ ᠨᠡᠶᠢᠲᠡ ᠶᠢᠨ ᠲᠣᠰ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠪᠠᠶᠢᠴᠠᠭᠠᠨ ᠦᠵᠡᠬᠦ ᠮᠡᠳᠡᠭᠦᠯᠦᠯᠲᠡ ᠶᠢᠨ ᠪᠢᠴᠢᠭ ᠢ ᠭᠥᠯᠢᠶᠡᠨ ᠠᠪᠬᠤ ᠰᠠᠨᠠᠯ ᠬᠤᠷᠢᠶᠠᠬᠤ ᠨᠣᠣᠷᠠᠭ ᠢ ᠲᠤᠰᠬᠠᠢ ᠬᠥᠮᠥᠨ ᠲᠣᠬᠢᠷᠠᠭᠤᠯᠪᠠ᠃   ᠬᠤᠶᠠᠷ᠂ ᠰᠠᠨᠠᠯ ᠬᠤᠷᠢᠶᠠᠬᠤ ᠣᠯᠠᠨ ᠨᠡᠶᠢᠲᠡ ᠶᠢᠨ ᠬᠦᠷᠢᠶ᠎ᠡ ᠬᠡᠪᠴᠢᠶ᠎ᠡᠲᠣᠰ ᠤᠳᠠᠭᠠᠨ ᠤ ᠰᠠᠨᠠᠯ ᠬᠤᠷᠢᠶᠠᠬᠤ ᠣᠯᠠᠨ ᠨᠡᠶᠢᠲᠡ ᠶᠢᠨ ᠬᠡᠪᠴᠢᠶ᠎ᠡ ᠪᠣᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠨᠡᠯᠡᠬᠦ ᠬᠡᠪᠴᠢᠶᠡᠨ ᠳᠠᠬᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ᠂ ᠠᠵᠤ ᠠᠬᠤᠶᠢᠯᠠᠯ ᠪᠣᠯᠣᠨ᠎ᠠ᠃  ᠭᠤᠷᠪᠠ᠂ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠲᠣᠣᠷ ᠰᠦᠯᠵᠢᠶ᠎ᠡ ᠶᠢᠨ ᠴᠥᠷᠬᠡᠯᠡᠭᠡHttp://www.mee.gov.cn/xxgk2018/xxgk/xxgk01/201810/t20181024_665329.html  ᠳᠥᠷᠪᠡ᠂ ᠣᠯᠠᠨ ᠨᠡᠶᠢᠲᠡ ᠶᠢᠨ ᠰᠠᠨᠠᠯ ᠳᠤᠷᠠᠳᠬᠤ ᠠᠷᠭ᠎ᠠ ᠬᠡᠯᠪᠡᠷᠢ ᠪᠠ ᠠᠷᠭ᠎ᠠ ᠵᠠᠮ  ᠣᠯᠠᠨ ᠨᠡᠢᠲᠡ ᠶᠢᠨ ᠰᠠᠨᠠᠯ ᠤᠨ ᠬᠦᠰᠦᠨᠦᠭᠲᠦ ᠶᠢ ᠪᠦᠲᠦᠭᠡᠨ ᠪᠠᠢᠭᠤᠯᠤᠯᠲᠠ ᠶᠢᠨ ᠨᠢᠭᠡᠴᠡ ᠳᠤ ᠲᠤᠰᠢᠶᠠᠬᠤ ᠪᠤᠶᠤ ᠰᠢᠤᠳᠠᠨ ᠤ ᠬᠠᠶᠢᠷᠴᠠᠭ ᠲᠤᠬᠠᠷᠢᠯᠴᠠᠬᠤ ᠬᠥᠮᠥᠨ᠄ ᠺᠠᠩ ᠶᠡᠷᠦᠩᠬᠡᠢ ᠰᠧᠯᠢᠩᠪᠦ᠋;ᠬᠠᠷᠢᠯᠴᠠᠬᠤ ᠤᠲᠠᠰᠤ᠄ 15048445430;ᠰᠢᠤᠳᠠᠨ ᠤ ᠬᠠᠶᠢᠷᠴᠠᠭ᠄ 943140911@qq.comᠲᠤᠰᠢᠶᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠪᠠᠶᠠᠨᠰᠢᠯ ᠤᠨ ᠵᠡᠭᠦᠨ ᠪᠠᠶᠢᠰᠢᠩ ᠲᠣᠰᠬᠤᠨ   ᠲᠠᠪᠤ᠂ ᠣᠯᠠᠨ ᠨᠡᠶᠢᠲᠡ ᠶᠢᠨ ᠳᠤᠷᠠᠳᠤᠭᠰᠠᠨ ᠰᠠᠨᠠᠯ ᠤᠨ ᠡᠬᠢᠯᠡᠵᠦ ᠳᠠᠭᠤᠰᠬᠤ ᠴᠠᠭ   ᠣᠯᠠᠨ ᠨᠡᠶᠢᠲᠡ ᠶᠢᠨ ᠰᠠᠨᠠᠯ ᠳᠤᠷᠠᠳᠬᠤ ᠴᠠᠭ ᠨᠢ 2022 ᠣᠨ ᠤ 3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 14 ᠤ ᠡᠳᠦᠷ ᠪᠣᠯᠲᠠᠯ᠎ᠠ᠂ ᠲᠣᠰ ᠬᠤᠭᠤᠴᠠᠭᠠᠨ ᠳᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠠᠬᠤᠢ ᠶᠢᠨ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ ᠨᠣᠣᠷᠠᠭ ᠢ ᠪᠠᠶᠢᠴᠠᠭᠠᠨ ᠦᠵᠡᠵᠦ ᠪᠣᠯᠣᠨ᠎ᠠ᠃  ᠪᠦᠲᠦᠭᠡᠨ ᠪᠠᠶᠢᠭᠤᠯᠬᠤ ᠨᠢᠭᠡᠴᠢ ᠶᠢᠨ ᠤᠯᠠᠨ ᠨᠡᠶᠢᠲᠡ ᠶᠢᠨ ᠰᠠᠨᠠᠯ ᠢ ᠬᠤᠷᠢᠶᠠᠬᠤ ᠬᠤᠭᠤᠴᠠᠭ᠎ᠠ ᠶᠢ 10 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃                         ᠵᠦᠸᠧᠽᠢ ᠰᠢᠶᠠᠨ ᠤ ᠬᠠᠢ ᠭᠤᠤ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ                         2022 ᠣᠨ ᠤ 3 ᠰᠠᠷ᠎ᠠ ᠶᠢᠨ 31
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2