ᠮᠠᠨ ᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠶᠢᠨ ᠲᠥᠯᠥᠭᠡ᠂ ᠨᠡᠩ ᠰᠠᠶᠢᠨ᠂ ᠨᠡᠩ ᠰᠢᠯᠢᠳᠡᠭ᠂ ᠨᠡᠩ ᠳᠥᠭᠦᠮ ᠳᠥᠲᠡ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠦᠸᠧᠽᠢ ᠰᠢᠶᠠᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠢ 2022 ᠣᠨ ᠤ 4 ᠰᠠᠷ᠎ᠠ ᠶᠢᠨ 1 ᠤ ᠡᠳᠦᠷ᠂ 4 | ᠰᠠᠷ᠎ᠠ ᠶᠢᠨ 2 ᠤᠨ ᠡᠳᠦᠷ ᠤᠭ ᠤᠨ ᠪᠠᠶᠢᠭᠰᠠᠨ ᠶᠢᠩᠪᠢᠨ ᠵᠡᠭᠦᠨ ᠵᠡᠭᠡᠯᠢ ᠶᠢᠨ ᠬᠤᠯᠪᠤᠭᠠᠯᠠᠨ ᠨᠡᠪᠲᠡᠷᠡᠯᠴᠡᠬᠦ ᠲᠣᠮᠣ | ᠠᠰᠠᠷ ︵ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠵᠦᠸᠧᠽᠢ ᠰᠠᠯᠪᠤᠷᠢ ᠪᠠᠩᠬᠢ ᠶᠢᠨ | ᠬᠤᠶᠠᠳᠤᠭᠠᠷ ᠠᠰᠠᠷ︶ ᠠᠴᠠ ᠪᠦᠬᠦᠯᠢ ᠴᠣᠭᠴᠠ ᠪᠠᠷ ᠨᠢ ᠲᠦᠩ ᠯᠧ ᠲᠠᠯᠠᠪᠠᠶ ᠶᠢᠨ ᠪᠠᠷᠠᠭᠤᠨ ᠲᠠᠯ᠎ᠠ ᠶᠢᠨ | ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠲᠣᠮᠣ ᠠᠰᠠᠷ ︵ᠬᠤᠶᠠᠳᠤᠭᠠᠷ ᠠᠰᠠᠷ ᠨᠢ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠭᠤᠷᠢᠭ᠂ ᠳᠠᠭᠠᠭᠠᠴᠢᠯᠠᠯᠲᠠ ᠨᠡᠶᠢᠲᠡᠯᠡᠬᠦ ᠲᠣᠭᠤᠷᠢᠭ ᠵᠡᠷᠭᠡ ᠲᠤᠬᠠᠶᠢᠯᠠᠭᠰᠠᠨ ᠠᠵᠢᠯ ᠢ | ᠭᠦᠢᠴᠡᠳᠬᠡᠬᠦ ᠲᠠᠯᠠᠪᠤᠷ ᠲᠤ ᠰᠢᠯᠵᠢᠭᠦᠯᠦᠨ᠎ᠡ᠃ ᠭᠤᠷᠪᠠᠳᠤᠭᠠᠷ ᠳᠠᠪᠬᠤᠷᠯᠢᠭ ᠨᠢ ᠳᠠᠭᠠᠭᠠᠴᠢᠯᠠᠯᠲᠠ ᠦᠨᠡᠯᠡᠬᠦ | ᠲᠣᠭᠤᠷᠢᠭ᠂ ᠠᠵᠢᠯᠯᠠᠬᠤ ᠲᠣᠭᠤᠷᠢᠭ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠠᠯᠠᠪᠤᠷ ᠭᠠᠵᠠᠷ ᠪᠣᠯᠣᠨ᠎ᠠ︶ | ᠠᠷᠠᠯᠵᠢᠶᠠᠨ ᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ | 2022 ᠣᠨ ᠤ 4 ᠰᠠᠷ᠎ᠠ ᠶᠢᠨ 6 ᠤ ᠡᠳᠦᠷ ᠠᠴᠠ ᠡᠬᠢᠯᠡᠨ᠂ ᠰᠢᠨ᠎ᠡ ᠪᠠᠷ ᠠᠵᠢᠯᠯᠠᠬᠤ ᠭᠠᠵᠠᠷ ᠢ ᠲᠤᠷᠰᠢᠨ | ᠠᠵᠢᠯᠯᠠᠭᠤᠯᠬᠤ ᠶᠢᠨ ᠬᠠᠮᠲᠤ ᠳᠠᠭᠠᠭᠠᠴᠢᠯᠠᠯᠲᠠ ᠦᠨᠡᠯᠡᠬᠦ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠡᠪ ᠤᠨ | ᠪᠠᠶᠢᠳᠠᠯ ᠢᠶᠠᠷ ᠶᠠᠪᠤᠭᠳᠠᠭᠤᠯᠤᠨ᠎ᠠ᠃ᠨᠡᠭᠦᠯᠭᠡᠬᠦ ᠬᠤᠭᠤᠴᠠᠭᠠᠨ ᠳᠤ ᠠᠷᠠᠯᠵᠢᠶᠠᠨ ᠤ ᠡᠯ᠎ᠡ ᠲᠠᠯ᠎ᠠ ᠳᠤ ᠤᠴᠠᠷᠠᠭᠤᠯᠤᠭᠰᠠᠨ | ᠶᠠᠷᠰᠢᠭ ᠲᠦᠪᠡᠭ ᠪᠠ ᠳᠥᠭᠦᠮ ᠦᠭᠡᠢ ᠪᠠᠶᠢᠳᠠᠯ ᠢ ᠠᠭᠤᠴᠢᠯᠠᠬᠤ ᠶᠢᠨ ᠬᠠᠮᠲᠤ ᠬᠠᠷᠢᠯᠴᠠᠨ ᠮᠡᠳᠡᠭᠳᠡᠬᠦ ᠪᠣᠯᠪᠠᠤ᠃ | ᠬᠠᠷᠢᠯᠴᠠᠬᠤ ᠤᠲᠠᠰᠤ᠄ 0474 ︱ 4700318 | ᠵᠦᠸᠧᠽᠢ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ | 2022 ᠣᠨ ᠤ 3 ᠰᠠᠷ᠎ᠠ ᠶᠢᠨ 31 | |