ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠵᠢᠨ‌ᠭᠠᠵᠠᠷ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2022/4/27
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ 47 ᠳ᠋ᠤᠭᠠᠷ ᠵᠦᠢᠯ᠂ 48 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠵᠦᠸᠧᠽᠢ ᠰᠢᠶᠠᠨ ᠤ ᠪᠠᠶᠠᠨᠰᠢᠯᠢ ᠪᠠᠯᠭᠠᠰᠤᠨ ᠤ ᠳ᠋ᠦᠩ ᠹᠠᠩ ᠹᠠᠩ ᠭᠠᠴᠠᠭᠠᠨ ᠤ 523.872 ᠮᠦ ᠭᠠᠵᠠᠷ ᠰᠢᠷᠣᠢ ᠶᠢ ᠲᠠᠲᠠᠪᠤᠷᠢᠯᠠᠬᠤ ᠪᠠᠷ ᠲᠥᠯᠥᠪᠯᠡᠵᠦ ᠪᠣᠶ᠃ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ᠨᠢᠭᠡ᠂ ᠲᠠᠲᠠᠪᠤᠷᠢᠯᠠᠬᠤ ᠭᠠᠵᠠᠷ ᠰᠢᠷᠣᠢ ᠶᠢᠨ ᠬᠡᠪᠴᠢᠶ᠎ᠡ᠂ ᠣᠷᠣᠨ ᠪᠠᠶᠢᠷᠢᠭᠠᠵᠠᠷ ᠰᠢᠷᠣᠢ ᠶᠢᠨ ᠬᠡᠪᠴᠢᠶ᠎ᠡ ᠵᠢᠴᠢ ᠣᠷᠣᠨ ᠪᠠᠶᠢᠷᠢ ᠶᠢᠨ ᠮᠡᠳᠡᠭᠡ ᠵᠠᠩᠭᠢ᠄ ᠲᠣᠰ ᠤᠭᠰᠠᠭ᠎ᠠ ᠨᠢ ᠪᠠᠶᠠᠨᠰᠢᠯᠢ ᠪᠠᠯᠭᠠᠰᠤᠨ ᠤ ᠵᠡᠭᠦᠨᠳᠡᠬᠢ ᠭᠡᠷ ᠪᠠᠶᠢᠰᠢᠩ ᠭᠠᠴᠠᠭᠠᠨ ᠤ ᠠᠷᠠᠳ ᠤᠨ ᠵᠥᠪᠯᠡᠯ ᠳᠤ ᠪᠠᠶᠢᠷᠢᠯᠠᠵᠤ᠂ ᠵᠡᠭᠦᠨᠰᠢ ᠪᠠᠨ ᠬᠤᠭᠤᠰᠤᠨ ᠭᠠᠵᠠᠷ᠂ ᠡᠮᠦᠨᠡᠰᠢ ᠪᠠᠨ ᠬᠤᠭᠤᠰᠤᠨ ᠭᠠᠵᠠᠷ᠂ ᠪᠠᠷᠠᠭᠤᠨᠰᠢ ᠪᠠᠨ ᠬᠤᠭᠤᠰᠤᠨ ᠭᠠᠵᠠᠷ᠂ ᠤᠮᠠᠷᠠᠰᠢ ᠪᠠᠨ ᠬᠤᠭᠤᠰᠤᠨ ᠭᠠᠵᠠᠷ ᠪᠣᠯᠣᠨ᠎ᠠ᠃ᠬᠤᠶᠠᠷ᠂ ᠭᠠᠵᠠᠷ ᠰᠢᠷᠣᠢ ᠶᠢᠨ ᠣᠳᠣᠬᠢ ᠪᠠᠶᠢᠳᠠᠯ᠂ ᠲᠠᠯᠠᠪᠠᠢ  ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠨᠢ ᠪᠠᠶᠠᠨᠰᠢᠯᠢ ᠪᠠᠯᠭᠠᠰᠤᠨ ᠤ ᠳ᠋ᠦᠩ ᠹᠠᠩ ᠹᠠᠩ ᠲᠣᠰᠬᠤᠨ ᠪᠣᠯᠣᠨ᠎ᠠ᠂ ᠭᠠᠵᠠᠷ ᠰᠢᠷᠣᠢ ᠶᠢᠨ ᠲᠥᠷᠥᠯ ᠨᠢ ᠪᠤᠲᠠ ᠮᠣᠳᠣᠨ ᠤ ᠣᠶᠢᠲᠤ ᠭᠠᠵᠠᠷ 34.6185 ᠮᠦ᠂ ᠪᠠᠶᠢᠭᠠᠯᠢ ᠶᠢᠨ ᠪᠡᠯᠴᠢᠭᠡᠷ ᠡᠪᠡᠰᠦ 483.5325 ᠮᠦ᠂ ᠬᠥᠳᠡᠭᠡ ᠲᠣᠰᠬᠤᠨ ᠤ ᠵᠠᠮ 5.721 ᠮᠦ ᠪᠣᠯᠣᠨ᠎ᠠ᠃ᠭᠤᠷᠪᠠ᠂ ᠭᠠᠵᠠᠷ ᠰᠢᠷᠣᠢ ᠶᠢ ᠲᠠᠲᠠᠪᠤᠷᠢᠯᠠᠬᠤ ᠵᠣᠷᠢᠯᠭ᠎ᠠ  ᠲᠣᠰ ᠤᠳᠠᠭ᠎ᠠ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠨᠢ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ 45 ᠳ᠋ᠤᠭᠠᠷ ᠵᠦᠢᠯ ᠤᠨ ︵ᠲᠠᠪᠤ︶ ᠳ᠋ᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠲᠣᠭᠠᠴᠠᠭᠳᠠᠨ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠶᠠᠳᠠᠭᠤ ᠶᠢ ᠲᠡᠳᠬᠦᠬᠦ ᠢᠨᠵᠧᠨᠧᠷᠢᠩ ᠤᠨ ᠬᠡᠷᠡᠭᠴᠡᠭᠡ ᠠᠴᠠ ᠪᠣᠯᠵᠤ᠂ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠦᠨᠡᠬᠡᠷ ᠲᠠᠲᠠᠪᠤᠷᠢᠯᠠᠬᠤ ᠴᠢᠬᠤᠯᠠᠲᠠᠢ ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃ᠳᠥᠷᠪᠡ᠂ ᠭᠠᠵᠠᠷ ᠰᠢᠷᠣᠢ ᠶᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ  ᠭᠠᠵᠠᠷ ᠰᠢᠷᠣᠢ ᠲᠠᠲᠠᠪᠤᠷᠢᠯᠠᠬᠤ ᠨᠥᠬᠦᠪᠦᠷᠢ ᠶᠢᠨ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2020 ᠣᠨ ᠳᠤ ᠵᠥᠪᠰᠢᠶᠡᠷᠡᠨ ᠨᠡᠶᠢᠲᠡᠯᠡᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠢ ᠲᠠᠲᠠᠪᠤᠷᠢᠯᠠᠬᠤ ᠨᠥᠬᠦᠪᠦᠷᠢ ᠶᠢᠨ ᠰᠦᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ︶᠃ᠨᠡᠶᠢᠲᠡ 1 ᠲᠠᠲᠠᠪᠤᠷᠢᠯᠠᠬᠤ ᠭᠠᠵᠠᠷ ᠣᠷᠣᠨ ᠤ ᠬᠡᠰᠡᠭ ᠭᠠᠵᠠᠷ ᠤᠨ ᠦᠨ᠎ᠡ ᠶᠢᠨ ᠬᠡᠰᠡᠭ ᠣᠷᠣᠨ ᠳᠤ ᠬᠤᠯᠪᠣᠭᠳᠠᠵᠤ᠂ ᠬᠤᠯᠪᠣᠭᠳᠠᠬᠤ ᠭᠠᠵᠠᠷ ᠰᠢᠷᠣᠢ ᠶᠢᠨ ᠲᠥᠷᠥᠯ ᠤᠨ ᠮᠦ ᠪᠦᠷᠢ ᠶᠢᠨ ᠨᠥᠬᠦᠪᠦᠷᠢ ᠨᠢ ᠲᠣᠰ ᠲᠣᠰ᠄ ᠪᠠᠶᠠᠨᠰᠢᠯᠢ ᠪᠠᠯᠭᠠᠰᠤᠨ ᠤ ᠳ᠋ᠦᠩ ᠹᠠᠩ ᠹᠠᠩ ᠲᠣᠰᠬᠤᠨ ᠨᠢ Ⅱ ᠲᠥᠷᠥᠯ ᠤᠨ ᠭᠠᠵᠠᠷ ᠰᠢᠷᠣᠢ ᠳᠤ ᠬᠠᠷᠢᠶᠠᠯᠠᠭᠳᠠᠨ᠎ᠠ᠃ᠣᠶᠢᠲᠤ ᠭᠠᠵᠠᠷ 8645 ᠲᠥᠭᠦᠷᠢᠭ/ᠮᠦ᠂ ᠡᠪᠡᠰᠦᠲᠦ ᠭᠠᠵᠠᠷ 6175 ᠲᠥᠭᠦᠷᠢᠭ/ᠮᠦ᠂ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ 8645 ᠲᠥᠭᠦᠷᠢᠭ/ᠮᠦ᠃ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ  ᠲᠥᠪᠬᠢᠨᠡᠭᠦᠯᠬᠦ ᠨᠥᠬᠦᠪᠦᠷᠢ ᠶᠢᠨ ᠰᠦᠢᠳᠬᠡᠯ ᠥᠭᠬᠦ ᠠᠷᠭ᠎ᠠ ᠮᠠᠶ᠋ᠢᠭ ᠢᠶᠠᠷ ᠲᠥᠪᠬᠢᠨᠡᠭᠦᠯᠬᠦ ᠪᠠᠷ ᠲᠥᠯᠥᠪᠯᠡᠵᠦ ᠪᠠᠶᠢᠨ᠎ᠠ᠃ᠵᠢᠷᠭᠤᠭ᠎ᠠ᠂ ᠨᠡᠶᠢᠭᠡᠮ  ᠤᠨ ᠪᠠᠲᠤᠯᠠᠭ᠎ᠠ  ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷ ᠬᠢᠨᠠᠨ ᠬᠠᠷᠭᠤᠭᠤᠯᠤᠭᠤᠯᠤᠭᠰᠠᠨ ᠤ ᠳᠠᠷᠠᠭ᠎ᠠ᠂ ︽ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠨ ᠤ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠥᠨ ᠨᠡᠶᠢᠭᠡᠮ ᠤᠨ ᠠᠯᠪᠠᠨ ᠲᠠᠷᠬᠠᠭᠠᠭᠰᠠᠨ ﹇2011﹈ 170 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠲᠣᠰ ᠲᠥᠷᠥᠯ ᠵᠦᠢᠯ ᠤᠨ ᠲᠠᠲᠠᠪᠤᠷᠢᠯᠠᠭᠰᠠᠨ ᠭᠠᠵᠠᠷ ᠰᠢᠷᠣᠢ ᠨᠢ ᠨᠡᠶᠢᠭᠡᠮ ᠤᠨ ᠪᠠᠲᠤᠯᠠᠭ᠎ᠠ ᠪᠠᠷ ᠲᠠᠷᠢᠶᠠᠯᠠᠩ ᠤᠨ ᠬᠥᠮᠥᠨ ᠠᠮᠠ ᠶᠢ ᠲᠥᠪᠬᠢᠨᠡᠭᠦᠯᠬᠦ ᠳᠤ ᠬᠤᠯᠪᠣᠭᠳᠠᠬᠤ ᠦᠭᠡᠢ᠃ᠲᠤᠯᠤᠭ᠎ᠠ᠂ ᠪᠤᠰᠤᠳ ᠵᠦᠢᠯ  ᠲᠣᠰ ᠤᠳᠠᠭᠠᠨ ᠤ ᠠᠯᠪᠠᠨ ᠵᠠᠷ ᠤᠨ ᠬᠤᠭᠤᠴᠠᠭ᠎ᠠ ᠨᠢ 2022 ᠣᠨ ᠤ 4 ᠰᠠᠷ᠎ᠠ ᠶᠢᠨ 26 ᠤ ᠡᠳᠦᠷ ︱ 2022 ᠣᠨ ᠤ 5 ᠰᠠᠷ᠎ᠠ ᠶᠢᠨ 26 ᠤ ᠡᠳᠦᠷ ᠪᠣᠯᠤᠨ᠎ᠠ ᠭᠠᠵᠠᠷ ᠰᠢᠷᠣᠢ ᠲᠠᠲᠠᠪᠤᠷᠢᠯᠠᠬᠤ ᠠᠵᠢᠯ ᠢ ᠪᠠᠶᠠᠨᠰᠢᠯᠢ ᠪᠠᠯᠭᠠᠰᠤᠨ ᠤ ᠵᠠᠰᠠᠭ ᠤᠨ ᠣᠷᠳᠣᠨ ᠠᠴᠠ ᠪᠣᠳᠠᠲᠠᠢ ᠬᠠᠷᠢᠭᠤᠴᠠᠨ᠎ᠠ᠂ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠠᠬᠢ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠬᠡᠷᠡᠭᠯᠡᠬᠦ ᠡᠷᠬᠡᠲᠦ ᠬᠥᠮᠥᠨ ᠠᠯᠪᠠᠨ ᠵᠠᠷ ᠳᠠᠭᠤᠰᠤᠭᠰᠠᠨ ᠤ ᠳᠠᠷᠠᠭ᠎ᠠ ᠲᠣᠭᠲᠠᠭᠰᠠᠨ ᠬᠤᠭᠤᠴᠠᠭᠠᠨ ᠤ ᠳᠣᠲᠣᠷ᠎ᠠ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠭᠡᠷᠡᠴᠢ ᠪᠤᠶᠤ ᠲᠡᠭᠦᠨ ᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ ᠬᠠᠷᠢᠶᠠᠯᠠᠭᠳᠠᠬᠤ ᠭᠠᠴᠠᠭᠠᠨ ᠤ ᠠᠷᠠᠳ ᠤᠨ ᠵᠥᠪᠯᠡᠯ ᠳᠤ ᠬᠦᠷᠴᠦ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠥᠭᠬᠦ ᠰᠠᠨᠳᠠᠯᠢ ᠶᠢᠨ ᠲᠡᠮᠳᠡᠭᠯᠡᠯ ᠤᠨ ᠲᠥᠯᠥᠪᠦᠷᠢ ᠥᠭᠬᠦ ᠳᠠᠩᠰᠠᠯᠠᠯᠲᠠ ᠶᠢᠨ ᠬᠤᠭᠤᠴᠠᠭ᠎ᠠ ᠨᠢ 2022 ᠣᠨ ᠤ 4 ᠰᠠᠷ᠎ᠠ ᠶᠢᠨ 26 ᠤ ᠡᠳᠦᠷ ᠠᠴᠠ 2022 ᠣᠨ ᠤ 5 ᠰᠠᠷ᠎ᠠ ᠶᠢᠨ 26 ᠤ ᠡᠳᠦᠷ ᠪᠣᠯᠣᠨ᠎ᠠ᠃                                                                           2022 ᠣᠨ ᠤ 4 ᠰᠠᠷ᠎ᠠ ᠶᠢᠨ 25
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2