ᠪᠠᠶᠢᠩᠭᠤᠵᠢᠭᠰᠠᠨ ᠰᠢᠨ᠎ᠡ ᠪᠠᠷ ᠢᠯᠡᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠢᠳᠡᠪᠬᠢᠲᠡᠢ ᠠᠷᠭᠠᠴᠠᠵᠤ᠂ ᠪᠥᠬᠦ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ | ᠲᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠶ ᠨᠠᠮᠳᠠᠭᠤᠯᠬᠤ ᠶᠢᠨ ᠲᠥᠯᠥᠭᠡ᠂ ᠵᠦᠸᠧᠽᠢ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠭᠡᠷᠡᠲᠦ ᠡᠮ ᠡᠮᠨᠡᠯᠭᠡ ᠡᠷᠡᠭᠦᠯ ᠬᠠᠮᠠᠭᠠᠯᠠᠯ ᠤᠨ | ᠮᠡᠷᠭᠡᠵᠢᠯ ᠤᠨ ᠠᠵᠢᠯᠲᠠᠨ ᠢ ᠢᠯᠡ ᠪᠠᠷ ᠡᠯᠰᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠤᠷᠢᠬᠤ ᠲᠥᠯᠥᠪᠯᠡᠭᠡ | ᠲᠣᠰ ᠤᠳᠠᠭ᠎ᠠ 70 ᠭᠡᠷᠡᠲᠦ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠢ ᠢᠯᠡ ᠪᠠᠷ | ᠤᠷᠢᠨ ᠬᠡᠷᠡᠭᠯᠡᠬᠦ ᠪᠠᠷ ᠲᠥᠯᠥᠪᠯᠡᠵᠦ᠂ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ | ᠠᠵᠢᠯ ᠢ ᠡᠷᠭᠢᠯᠡᠨ ᠬᠢᠨ᠎ᠡ᠃ | ᠬᠤᠶᠠᠷ᠂ ᠤᠷᠢᠬᠤ ᠨᠥᠬᠦᠴᠡᠯ | ︵ᠨᠢᠭᠡ︶ ᠨᠡᠷ᠎ᠡ ᠮᠡᠳᠡᠭᠦᠯᠬᠦ ᠨᠥᠬᠦᠴᠡᠯ᠄ | 1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ | ᠵᠢᠷᠤᠮᠯᠠᠨ ᠰᠠᠬᠢᠬᠤ; | 2. ᠡᠬᠡ ᠣᠷᠣᠨ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠬᠦᠷᠢᠶᠡᠯᠡᠵᠦ᠂ ᠰᠠᠬᠢᠯᠭ᠎ᠠ ᠪᠠᠲᠤ ᠶᠢ | ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠵᠠᠩ ᠰᠤᠷᠲᠠᠯ ᠲᠥᠪ ᠲᠥᠪ᠂ ᠠᠵᠢᠯ ᠦᠢᠯᠡᠰ ᠢᠶᠠᠨ ᠡᠷᠬᠢᠮᠯᠡᠨ᠂ ᠪᠡᠶ᠎ᠡ | ᠮᠠᠬᠠᠪᠤᠳ ᠡᠷᠡᠭᠦᠯ ᠴᠢᠭᠢᠷᠠᠭ ᠪᠠᠶᠢᠬᠤ; | 3. ᠲᠣᠰ ᠬᠥᠮᠥᠨ ︵ᠪᠤᠶᠤ ᠬᠤᠯᠪᠣᠰᠤ︶ ᠨᠢ ᠤᠯᠠᠭᠠᠨᠴᠠᠪ ᠬᠤᠲᠠ ᠶᠢᠨ ᠡᠷᠦᠬᠡ ᠠᠮᠠ ᠶᠢᠨ ᠲᠠᠩᠰᠠ ︵2022 | ᠣᠨ ᠤ 4 ᠳ᠋ᠦᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠤᠯᠠᠭᠠᠨᠴᠠᠪ ᠬᠤᠲᠠ ᠶᠢᠨ ᠡᠷᠦᠬᠡ ᠠᠮᠠ ᠶᠢᠨ ᠲᠠᠩᠰᠠ | ᠪᠤᠶᠤ ᠰᠤᠷᠭᠠᠭᠤᠯᠢ ᠳᠤ ᠣᠷᠣᠬᠤ ᠠᠴᠠ ᠡᠮᠦᠨ᠎ᠡ ᠤᠯᠠᠭᠠᠨᠴᠠᠪ ᠬᠤᠲᠠ ᠶᠢᠨ ᠡᠷᠦᠬᠡ ᠠᠮᠠ ᠶᠢᠨ ᠲᠠᠩᠰᠠ︶︔ | ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠢ ᠡᠷᠦᠬᠡ | 4. ᠪᠦᠬᠦᠯᠢ 40 ᠨᠠᠰᠤᠨ ᠠᠴᠠ ᠳᠣᠭᠤᠭᠰᠢ ︵1982 ᠣᠨ ᠤ 4 ᠰᠠᠷ᠎ᠠ ᠶᠢᠨ 1 ᠤ ᠡᠳᠦᠷ ᠠᠴᠠ ᠬᠤᠶᠢᠰᠢ | ᠲᠦᠷᠤᠪᠡ︶; | 5. ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ ᠠᠨᠠᠭᠠᠬᠤ ᠤᠬᠠᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠴᠥᠮ ᠨᠡᠷ᠎ᠡ ᠮᠡᠳᠡᠭᠦᠯᠦᠨ | ᠰᠢᠯᠭᠠᠭᠤᠯᠵᠤ᠂ ᠬᠠᠮᠢᠶ᠎ᠠ ᠪᠦᠬᠦᠢ ᠮᠡᠷᠭᠡᠵᠢᠯ ᠤᠨ ᠴᠣᠯᠠ ᠶᠢᠨ ᠦᠨᠡᠮᠯᠡᠯ ᠪᠤᠶᠤ ᠠᠵᠢᠯ ᠡᠷᠭᠢᠯᠡᠬᠦ ᠬᠢᠷᠢ ᠬᠡᠮ | ᠣᠯᠣᠭᠰᠠᠨ ᠪᠠᠶᠢᠪᠠᠯ ᠤᠷᠢᠳᠠᠪᠠᠷ ᠡᠯᠰᠡᠨ ᠬᠡᠷᠡᠭᠯᠡᠵᠦ ᠪᠣᠯᠣᠨ᠎ᠠ᠃ | ︵ᠬᠤᠶᠠᠷ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠯᠭᠠᠯᠲᠠ ᠳᠤ ᠮᠡᠳᠡᠭᠦᠯᠵᠦ ᠪᠣᠯᠬᠤ ᠦᠭᠡᠢ᠄ | 1. ᠵᠢᠩᠬᠢᠨᠢ ᠠᠯᠪᠠᠨ ᠤ ᠴᠡᠷᠢᠭ ᠪᠠ ᠰᠤᠷᠤᠯᠴᠠᠵᠤ ᠪᠠᠶᠢᠭ᠎ᠠ ᠰᠤᠷᠤᠭᠴᠢ; | 2. ᠰᠢᠶᠠᠨ ᠤ ᠳᠣᠲᠣᠷᠠᠬᠢ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠲᠦᠷ ᠴᠠᠭ ᠤᠷᠢᠨ | ᠬᠡᠷᠡᠭᠯᠡᠭᠰᠡᠨ ᠠᠵᠢᠯ ᠳᠤ ᠪᠠᠶᠢᠭ᠎ᠠ ᠭᠡᠷ᠎ᠡ ᠶᠢᠨ ᠠᠵᠢᠯᠲᠠᠨ ︵ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠳᠠᠯ ᠢᠶᠠᠷ | ᠪᠠᠷᠢᠮᠵᠢᠶ᠎ᠠ ᠪᠣᠯᠭᠠᠨ᠎ᠠ︶ ᠵᠢᠴᠢ ᠠᠵᠢᠯ ᠤᠨ ᠪᠠᠶᠢᠷᠢᠨ ᠳᠤ ᠪᠠᠶᠢᠭ᠎ᠠ ᠬᠥᠳᠡᠭᠡ ᠲᠣᠰᠬᠤᠨ ᠤ ᠡᠮᠴᠢ︔ | 3. ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠨᠢ | ᠳᠦᠭᠦᠷᠦᠭᠡᠳᠦᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠵᠢᠴᠢ ᠠᠵᠢᠯ ᠠᠴᠠ ᠪᠠᠨ | ᠵᠣᠭᠰᠣᠭᠠᠭᠳᠠᠭᠠᠳ ᠪᠦᠬᠦᠯᠢ 5 ᠵᠢᠯ ᠪᠣᠯᠣᠭᠠᠳᠤᠢ ᠠᠯᠪᠠᠳᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ; | 4. ᠰᠠᠬᠢᠯᠭ᠎ᠠ ᠪᠠᠲᠤ ᠶᠢ ᠵᠥᠷᠢᠴᠡᠭᠰᠡᠨ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠲᠠᠢ ᠪᠤᠶᠤ ᠬᠠᠤᠯᠢ ᠶᠢ | ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ ᠰᠡᠵᠢᠭᠯᠡᠭᠳᠡᠭᠡᠳ ᠶᠠᠭ ᠬᠢᠨᠠᠨ ᠪᠠᠶᠢᠴᠠᠭᠠᠯᠲᠠ ᠶᠢ ᠬᠦᠯᠢᠶᠡᠵᠦ | ᠪᠠᠶᠢᠬᠤ ᠪᠣᠯᠪᠠᠴᠤ ᠬᠠᠷᠠᠬᠠᠨ ᠳ᠋ᠦᠩᠨᠡᠯᠲᠡ ᠭᠠᠷᠭᠠᠭᠠᠳᠤᠢ ᠬᠥᠮᠥᠨ; | 5. ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠤᠷᠢᠭᠳᠠᠵᠤ ᠪᠣᠯᠬᠤ ᠦᠭᠡᠢ ᠭᠡᠵᠦ ᠲᠣᠭᠲᠠᠭᠠᠭᠰᠠᠨ | ᠬᠥᠮᠥᠰ᠃ | ᠭᠤᠷᠪᠠ᠂ ᠨᠡᠷ᠎ᠡ ᠮᠡᠳᠡᠭᠦᠯᠬᠦ | 1. ᠨᠡᠷ᠎ᠡ ᠮᠡᠳᠡᠭᠦᠯᠬᠦ ᠠᠷᠭ᠎ᠠ ᠮᠠᠶ᠋ᠢᠭ ᠪᠠ ᠭᠠᠵᠠᠷ᠄ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠦᠨ᠎ᠡ᠃ᠭᠠᠵᠠᠷ᠄ | ᠵᠦᠸᠧᠽᠢ ᠰᠢᠶᠠᠨ ᠤ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠨᠢᠭᠡᠳᠦᠭᠡᠷ | ᠳᠠᠪᠬᠤᠷᠯᠢᠭ ᠤᠨ ᠶᠡᠭᠡ ᠲᠢᠩᠬᠢᠮ᠃ | 2. ᠠᠵᠢᠯᠲᠠᠨ ᠡᠯᠰᠡᠬᠦ ᠮᠡᠳᠡᠭᠡ ᠵᠠᠩᠭᠢ ᠶᠢ ︽ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ︾ ᠳᠤ ᠨᠡᠶᠢᠲᠡᠯᠡᠪᠡ ︵ᠰᠦᠯᠵᠢᠶᠡᠨ ᠤ ᠬᠠᠶ᠋ᠢᠭ᠄ http://www.zhuozi.gov.cn/︶᠃ | 3. ᠨᠡᠷ᠎ᠡ ᠮᠡᠳᠡᠭᠦᠯᠬᠦ ᠴᠠᠭ᠄ 2022 ᠣᠨ ᠤ 4 ᠰᠠᠷ᠎ᠠ ᠶᠢᠨ 25 ᠤ ᠡᠳᠦᠷ ︱ 4 ᠰᠠᠷ᠎ᠠ ᠶᠢᠨ 29 ᠤ ᠡᠳᠦᠷ᠂ | ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 11᠄ 30᠂ ᠦᠳᠡ ᠶᠢᠨ ᠬᠤᠶᠢᠨᠠᠬᠢ 2᠄ 30 ︱ | 5᠄ 30᠃ | 4. ᠮᠠᠲ᠋ᠧᠷᠢᠶᠠᠯ ᠬᠠᠩᠭᠠᠬᠤ᠄ | ︵1︶ ᠬᠦᠴᠦᠨ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠤᠷᠭᠠᠭᠤᠯᠢ | ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠪᠠ ᠬᠤᠯᠪᠣᠭᠳᠠᠯ ᠪᠦᠬᠦᠢ ᠬᠢᠷᠢ ᠬᠡᠮ ᠤᠨ | ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ; | ︵2︶ ᠬᠦᠴᠦᠨ ᠲᠠᠢ ᠬᠤᠭᠤᠴᠠᠭᠠᠨ ᠳᠤ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ | ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ 1 ᠬᠤᠪᠢ᠂ ᠣᠶᠢᠷ᠎ᠠ ᠶᠢᠨ ᠬᠤᠭᠤᠴᠠᠭᠠᠨ ᠳᠤ 2 | ᠢᠮᠠᠬᠤ ᠶᠢᠨ ᠬᠥᠬᠡ ᠳᠡᠪᠢᠰᠬᠡᠷ ᠲᠠᠢ ᠮᠠᠯᠠᠭᠠᠢ ᠦᠭᠡᠢ ᠪᠤᠳᠤᠭᠲᠤ ᠬᠡᠷᠡᠯ ᠵᠢᠷᠤᠭ 4 ᠬᠤᠪᠢ︔ᠳᠤᠮᠳᠠᠳᠤ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤ ᠡᠯᠧᠺᠲᠷᠣᠨ ᠢᠶᠠᠷ ᠪᠦᠷᠢᠳᠬᠡᠨ ᠳᠠᠩᠰᠠᠯᠠᠭᠤᠯᠤᠭᠰᠠᠨ | ᠦᠭᠡᠢ ᠪᠣᠯ ᠰᠤᠷᠭᠠᠭᠤᠯᠢ ᠶᠢᠨ ᠬᠠᠷᠢᠶ᠎ᠠ ᠶᠢᠨ ᠲᠠᠩᠰᠠ ᠡᠪᠬᠡᠮᠡᠯ ᠬᠠᠩᠭᠠᠬᠤ ᠬᠡᠷᠡᠭᠲᠡᠢ᠃ | ︵3︶ ᠰᠢᠯᠭᠠᠯᠲᠠ ᠳᠤ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠳᠡᠭᠡᠨ ︽ᠵᠦᠸᠧᠽᠢ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶ᠎ᠡ︾ ᠳᠡᠭᠡᠷ᠎ᠡ ᠠᠴᠠ ︽ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ | ᠠᠮᠠᠯᠠᠯᠲᠠ ᠶᠢᠨ ᠪᠢᠴᠢᠭ︾ ᠪᠠ ︽ᠰᠢᠨ᠎ᠡ ᠲᠢᠲᠢᠮ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠮᠠᠯᠠᠯᠲᠠ ᠶᠢᠨ ᠪᠢᠴᠢᠭ︾ ᠢ ᠪᠠᠭᠤᠯᠭᠠᠵᠤ ᠭᠠᠷ ᠤᠨ ᠥᠰᠥᠭ ᠵᠢᠷᠤᠬᠤ ᠬᠡᠷᠡᠭᠲᠡᠢ᠂ ᠡᠰᠡ | ᠲᠡᠭᠡᠪᠡᠯ ᠨᠡᠷ᠎ᠡ ᠮᠡᠳᠡᠭᠦᠯᠬᠦ ᠦᠭᠡᠢ᠃ᠰᠢᠯᠭᠠᠯᠲᠠ ᠳᠤ ᠨᠡᠷ᠎ᠡ ᠮᠡᠳᠡᠭᠦᠯᠦᠭᠰᠡᠳ ᠠᠴᠠ ︽ᠵᠦᠸᠧᠽᠢ ᠰᠢᠶᠠᠨ ᠤ 2022 | ᠣᠨ ᠳᠤ ᠢᠯᠡ ᠪᠠᠷ ᠤᠷᠢᠵᠤ ᠬᠡᠷᠡᠭᠯᠡᠬᠦ ᠭᠡᠷ᠎ᠡ ᠶᠢᠨ ᠳᠦᠷᠢᠮᠲᠦ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠠᠵᠢᠯᠲᠠᠨ ᠤ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾ ︵ᠨᠢᠭᠡ ᠬᠡᠯᠪᠡᠷᠢ ᠶᠢᠨ ᠭᠤᠷᠪᠠᠨ ᠬᠤᠪᠢ︶ ᠶᠢ | ᠨᠠᠷᠢᠨ ᠣᠨᠣᠪᠴᠢᠲᠠᠶ ᠦᠨᠡᠨ ᠪᠣᠳᠠᠲᠠᠢ ᠪᠠᠷ ᠲᠠᠭᠯᠠᠨ ᠪᠢᠴᠢᠬᠦ ᠬᠡᠷᠡᠭᠲᠡᠢ᠃ᠠᠮᠠᠯᠠᠯᠲᠠ ᠶᠢᠨ ᠪᠢᠴᠢᠭ᠂ | ᠳᠠᠩᠰᠠᠯᠠᠯᠲᠠ ᠶᠢᠨ ᠬᠦᠰᠦᠨᠦᠭᠲᠦ ᠶᠢ ︽ᠵᠦᠸᠧᠽᠢ ᠰᠢᠶᠠᠨ ᠤ 2022 ᠣᠨ ᠳᠤ ᠢᠯᠡ ᠪᠠᠷ ᠤᠷᠢᠵᠤ ᠬᠡᠷᠡᠭᠯᠡᠬᠦ | ᠭᠡᠷ᠎ᠡ ᠶᠢᠨ ᠳᠦᠷᠢᠮᠲᠦ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ ᠲᠣᠪᠴᠢ ᠳᠦᠷᠢᠮ︾ ᠳᠤ | ᠨᠠᠷᠢᠪᠴᠢᠯᠠᠨ ᠦᠵᠡᠭᠡᠷᠡᠢ᠃ | ᠳᠥᠷᠪᠡ᠂ ᠨᠡᠷ᠎ᠡ ᠮᠡᠳᠡᠭᠦᠯᠬᠦ ᠠᠰᠠᠭᠤᠨ ᠯᠠᠪᠯᠠᠬᠤ ᠤᠲᠠᠰᠤ | ᠨᠡᠷ᠎ᠡ ᠮᠡᠳᠡᠭᠦᠯᠬᠦ ᠯᠠᠪᠯᠠᠯᠲᠠ ᠶᠢᠨ ᠤᠲᠠᠰᠤ 0474-4705254᠂ 13614745595 | ᠯᠠᠪᠯᠠᠯᠲᠠ ᠶᠢᠨ ᠤᠲᠠᠰᠤᠨ ᠤ ᠨᠡᠪᠲᠡᠷᠡᠬᠦ ᠴᠠᠭ ᠨᠢ ᠦᠳᠡ ᠶᠢᠨ ᠡᠮᠦᠨ᠎ᠡ ᠶᠢᠨ 9᠄ 00 ︱ 12᠄ 00᠂ | ᠦᠳᠡ ᠶᠢᠨ ᠬᠤᠶᠢᠨ᠎ᠠ ᠶᠢᠨ 14᠄ 30 ︱ 18᠄ 00 ᠪᠣᠯᠣᠨ᠎ᠠ᠃ | ᠲᠣᠰ ᠠᠯᠪᠠᠨ ᠵᠠᠷ ᠢ ᠵᠦᠸᠧᠽᠢ ᠰᠢᠶᠠᠨ ᠤ 2022 ᠣᠨ ᠳᠤ ᠢᠯᠡ ᠪᠠᠷ ᠤᠷᠢᠵᠤ ᠬᠡᠷᠡᠭᠯᠡᠬᠦ ᠭᠡᠷ᠎ᠡ ᠶᠢᠨ ᠳᠦᠷᠢᠮᠲᠦ | ᠡᠮᠨᠡᠯᠭᠡ ᠶᠢᠨ ᠮᠡᠷᠭᠡᠵᠢᠯ ᠤᠨ ᠠᠵᠢᠯᠲᠠᠨ ᠤ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃ | ᠵᠦᠸᠧᠽᠢ ᠰᠢᠶᠠᠨ ᠤ 2022 ᠣᠨ ᠳᠤ ᠢᠯᠡ ᠪᠠᠷ | ᠤᠷᠢᠵᠤ ᠬᠡᠷᠡᠭᠯᠡᠬᠦ ᠭᠡᠷ᠎ᠡ ᠶᠢᠨ ᠳᠦᠷᠢᠮᠲᠦ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ ᠤᠳᠤᠷᠢᠳᠬᠤ ᠳᠤᠭᠤᠶᠢᠯᠠᠩ | 2022 ᠣᠨ ᠤ 4 ᠰᠠᠷ᠎ᠠ ᠶᠢᠨ 24 ᠤ | | |