ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠦᠯᠡᠳᠡᠭᠳᠡᠯ ᠠᠭᠤᠷᠬᠠᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/4/28
   ︽ᠪᠥᠬᠦ ᠤᠯᠤᠰ ᠤᠨ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠠᠯᠪᠠᠨ ᠵᠠᠬᠢᠳᠠᠯ ﹇2021﹈ 1283 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠬᠢᠨᠠᠨ ᠬᠠᠷᠭᠤᠭᠤᠯᠬᠤ ᠪᠠᠷ ᠳᠡᠮᠵᠢᠨ᠂ ᠮᠠᠨ ᠤ ᠰᠢᠶᠠᠨ ᠤ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠢᠷᠤᠭ ᠤᠨ ᠲᠣᠯᠪᠤ ᠨᠡᠶᠢᠲᠡ 66 ᠪᠠᠶᠢᠵᠤ᠂ ᠲᠠᠯᠠᠪᠠᠶ ᠨᠢ 2.13 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠴᠥᠮ ᠵᠠᠰᠠᠭ ᠤᠨ ᠣᠷᠳᠣᠨ ᠠᠴᠠ ᠰᠡᠷᠭᠦᠭᠡᠨ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠂ ᠪᠣᠳᠠᠲᠠᠢ ᠵᠢᠷᠤᠭ ᠤᠨ ᠲᠣᠯᠪᠤ ᠶᠢᠨ ᠮᠡᠳᠡᠭᠡ ᠵᠠᠩᠭᠢ ᠶᠢ ᠳᠠᠭᠠᠯᠳᠤᠭᠤᠯᠤᠯ ᠬᠦᠰᠦᠨᠦᠭᠲᠦ ᠳᠤ ᠦᠵᠡ᠃ ︽ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠦᠷᠢᠮ ᠢ ᠬᠡᠷᠡᠭᠵᠢᠭᠦᠯᠬᠦ ᠠᠷᠭ᠎ᠠ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ 56 ᠳ᠋ᠤᠭᠠᠷ ᠲᠣᠭᠠᠲᠤ ᠵᠠᠷᠯᠢᠭ︶ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵ᠳᠠᠷᠤᠢ 2022 ᠣᠨ ᠤ 4 ᠰᠠᠷ᠎ᠠ ᠶᠢᠨ 28 ᠤ ᠡᠳᠦᠷ ᠠᠴᠠ 2022 ᠣᠨ ᠤ 5 ᠰᠠᠷ᠎ᠠ ᠶᠢᠨ 27 ᠤ ᠡᠳᠦᠷ︶ ᠪᠣᠯᠣᠨ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠤᠲᠠᠰᠤ ᠢᠷᠡᠬᠦ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠲᠤᠰᠬᠠᠵᠤ ᠪᠣᠯᠣᠨ᠎ᠠ᠃     ᠬᠠᠷᠢᠯᠴᠠᠬᠤ ᠤᠲᠠᠰᠤ᠄ 0474 ︱ 4709802 13847470518                       13644743261     ᠬᠠᠶ᠋ᠢᠭ᠄  ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠠᠷᠠᠳ ᠤᠨ ᠡᠮᠦᠨ᠎ᠡ ᠵᠠᠮ ᠤᠨ ᠵᠦᠸᠧᠽᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ     ᠳᠠᠭᠠᠯᠳᠤᠭᠤᠯᠤᠯ᠄  ᠵᠦᠸᠧᠽᠢ ᠰᠢᠶᠠᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠮᠡᠳᠡᠭᠡ ᠵᠠᠩᠭᠢ ᠶᠢᠨ ᠬᠦᠰᠦᠨᠦᠭᠲᠦ                                                     ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ                                                     2022 ᠣᠨ ᠤ 4 ᠰᠠᠷ᠎ᠠ ᠶᠢᠨ 28
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2