ᠵᠦᠸᠧᠽᠢ ᠰᠢᠶᠠᠨ ᠤ ᠲᠡᠵᠢᠭᠡᠨ ᠦᠷᠡᠵᠢᠭᠦᠯᠬᠦ ᠦᠢᠯᠡᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠵᠠᠷᠯᠠᠨ ᠨᠡᠶᠢᠲᠡᠯᠡᠨ᠎ᠡ
ᠨᠡᠶᠢᠲᠡᠯᠡᠭᠰᠡᠨ ᠴᠠᠭ᠄
2022/6/15
ᠨᠢᠭᠡ᠂ ᠲᠥᠯᠦᠪᠵᠢᠭᠦᠯᠭᠡ ᠶᠢᠨ ᠲᠣᠶᠢᠮᠣ ᠪᠠᠶᠢᠳᠠᠯ1.ᠣᠷᠣᠨ ᠪᠦᠰᠡ ᠶᠢᠨ ᠬᠡᠪᠴᠢᠶ᠎ᠡᠲᠣᠰ ᠲᠥᠯᠦᠪᠵᠢᠭᠦᠯᠭᠡ ᠶᠢᠨ ᠦᠨᠡᠯᠡᠬᠦ ᠬᠡᠪᠴᠢᠶ᠎ᠡ ᠨᠢ ᠵᠦᠸᠧᠽᠢ ᠰᠢᠶᠠᠨ ᠤ ᠬᠠᠷᠢᠶ᠎ᠠ ᠣᠷᠣᠨ ᠪᠦᠰᠡ ᠶᠢᠨ ᠪᠥᠬᠦ ᠴᠠᠷᠠᠭ᠎ᠠ ᠳᠤ ᠪᠣᠶ᠂ ᠪᠣᠳᠠᠲᠠᠢ ᠪᠠᠷ ᠵᠦᠸᠧᠽᠢ ᠱᠠᠨ ᠪᠠᠯᠭᠠᠰᠤ᠂ ᠴᠢ ᠰᠢᠶᠠ ᠶᠢᠩ ᠪᠠᠯᠭᠠᠰᠤ᠂ ᠪᠠᠶᠠᠨᠰᠢᠯᠢ ᠪᠠᠯᠭᠠᠰᠤ᠂ ᠳ᠋ᠠ ᠢᠦᠢ ᠱᠣ ᠰᠢᠶᠠᠩ᠂ ᠬᠤᠩ ᠵᠣᠣ ᠰᠢᠶᠠᠩ᠂ ᠱᠢ ᠪᠠ ᠲᠠᠢ ᠪᠠᠯᠭᠠᠰᠤ᠂ ᠯᠢ ᠬᠤᠸᠠ ᠪᠠᠯᠭᠠᠰᠤ᠂ ᠹᠦ᠋ ᠰᠢᠩ ᠰᠢᠶᠠᠩ ᠵᠡᠷᠭᠡ ᠨᠠᠢᠮᠠᠨ ᠰᠢᠶᠠᠩ ᠪᠠᠯᠭᠠᠰᠤ ᠪᠠᠶᠢᠵᠤ᠂ ᠶᠡᠷᠦᠩᠬᠡᠢ ᠲᠠᠯᠠᠪᠠᠶ ᠨᠢ 3119 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃2. ᠠᠵᠤ ᠦᠢᠯᠡᠰ ᠤᠨ ᠬᠡᠪᠴᠢᠶ᠎ᠡᠡᠭᠦᠨ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠦᠢᠯᠡᠰ᠂ ᠭᠠᠭ᠋ᠠᠢ ᠲᠡᠵᠢᠭᠡᠨ ᠦᠷᠡᠵᠢᠭᠦᠯᠬᠦ ᠦᠢᠯᠡᠰ᠂ ᠵᠢᠭᠦᠷᠲᠡᠨ ᠤ ᠲᠥᠷᠥᠯ ᠤᠨ ᠲᠡᠵᠢᠭᠡᠨ ᠦᠷᠡᠵᠢᠭᠦᠯᠬᠦ ᠦᠢᠯᠡᠰ᠂ ᠡᠪᠡᠰᠦ ᠪᠣᠷᠳᠤᠭ᠎ᠠ ᠳᠠᠷᠢᠬᠤ ᠦᠢᠯᠡᠰ ᠪᠠᠭᠲᠠᠨ᠎ᠠ᠃3᠂ ᠲᠥᠯᠦᠪᠵᠢᠭᠦᠯᠭᠡ ᠶᠢᠨ ᠬᠤᠭᠤᠴᠠᠭ᠎ᠠᠲᠥᠯᠦᠪᠵᠢᠭᠦᠯᠭᠡ ᠶᠢᠨ ᠬᠤᠭᠤᠴᠠᠭ᠎ᠠ ᠨᠢ 2021 ~ 2025 ᠣᠨ ᠪᠣᠯᠣᠨ᠎ᠠ᠃ᠲᠥᠯᠦᠪᠵᠢᠭᠦᠯᠭᠡ ᠶᠢᠨ ᠰᠠᠭᠤᠷᠢ ᠪᠠᠷᠢᠮᠵᠢᠶ᠎ᠠ ᠶᠢᠨ ᠣᠨ᠄ 2020 ᠣᠨ᠃ᠲᠥᠯᠦᠪᠵᠢᠭᠦᠯᠭᠡ ᠶᠢᠨ ᠬᠢᠷᠢ ᠲᠦᠪᠰᠢᠨ ᠤ ᠣᠨ᠄ 2025 ᠣᠨ᠃4. ᠲᠥᠯᠦᠪᠵᠢᠭᠦᠯᠭᠡ ᠶᠢᠨ ᠬᠠᠷᠠᠯᠲᠠᠨᠡᠶᠢᠰᠯᠡᠯ᠂ ᠦᠢᠯᠡᠴᠢᠯᠡᠭᠡᠨ  ᠤ ᠣᠷᠣᠨ  ᠤ ᠲᠥᠪ ᠲᠤ ᠬᠠᠨᠳᠤᠭᠤᠯᠤᠭᠰᠠᠨ ᠪᠣᠬᠢᠷᠳᠤᠯ ᠦᠭᠡᠢ ᠮᠠᠯ ᠵᠢᠭᠦᠷᠲᠡᠨ  ᠤ ᠪᠦᠲᠦᠭᠡᠭᠳᠡᠬᠦᠨ  ᠢ ᠭᠠᠳᠠᠭᠰᠢ ᠭᠠᠷᠭᠠᠬᠤ ᠰᠠᠭᠤᠷᠢᠨ ᠭᠠᠵᠠᠷ ᠟ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠲᠤ᠂ ᠪᠦᠲᠦᠮᠵᠢᠲᠡᠶ ᠳᠠᠭᠠᠭᠠᠬᠤ ᠴᠢᠳᠠᠪᠤᠷᠢ ᠶᠢᠨ ᠰᠠᠭᠤᠷᠢᠨ ᠳᠡᠭᠡᠷ᠎ᠡ᠂ ᠮᠠᠯ ᠵᠢᠭᠦᠷᠲᠡᠨ ᠲᠡᠵᠢᠭᠡᠬᠦ ᠶᠢ ᠴᠠᠭᠠᠵᠠᠯᠠᠬᠤ ᠣᠷᠣᠨ ᠢ‌‍ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠬᠥᠭᠵᠢᠯᠲᠡ ᠶᠢᠨ ᠣᠷᠣᠨ ᠪᠦᠰᠡ ᠶᠢ ᠵᠦᠢ ᠵᠣᠬᠢᠰᠲᠠᠢ ᠬᠤᠪᠢᠶᠠᠷᠢᠯᠠᠨ᠂ ᠣᠷᠣᠨ ᠪᠦᠰᠡ ᠶᠢᠨ ᠪᠠᠶᠢᠷᠢᠰᠢᠭᠤᠯᠤᠯ ᠟ᠢ ᠰᠢᠨᠵᠢᠯᠡᠬᠦ ᠤᠬᠠᠭᠠᠨᠴᠢᠯᠠᠬᠤ᠂ ᠲᠡᠵᠢᠭᠡᠨ ᠦᠷᠡᠵᠢᠭᠦᠯᠬᠦ ᠮᠡᠷᠭᠡᠵᠢᠯ ᠟ᠢ ᠠᠮᠢ ᠠᠬᠤᠶᠢᠵᠢᠭᠤᠯᠬᠤ᠂ ᠪᠠᠭᠠᠰᠤᠨ  ᠤ ᠪᠣᠬᠢᠷᠳᠤᠯ ᠢ ᠡᠬᠢ ᠪᠠᠶᠠᠯᠢᠭᠵᠢᠭᠤᠯᠬᠤ ᠪᠠ ᠮᠠᠯ ᠵᠢᠭᠦᠷᠲᠡᠨ ‍ᠤ‌‍ᠪᠦ᠋ᠲᠦᠭᠡᠭᠳᠡᠬᠦᠨ  ᠤ ᠶᠠᠰᠤ ᠴᠢᠨᠠᠷ  ᠢ ᠴᠢᠨᠠᠷᠵᠢᠭᠤᠯᠬᠤ ᠶᠢ ᠪᠡᠶᠡᠯᠡᠭᠦᠯᠦᠨ᠎ᠡ᠃ᠦᠢᠯᠡᠳᠪᠦᠷᠢᠯᠡᠯ ᠤᠨ ᠠᠷᠭ᠎ᠠ ᠮᠠᠶ᠋ᠢᠭ ᠢ ᠨᠡᠩ ᠠᠷᠢᠭᠤᠨ ᠴᠡᠪᠡᠷ᠂ ᠪᠦᠲᠦᠭᠡᠭᠳᠡᠬᠦᠨ ᠤ ᠬᠠᠩᠭᠠᠯᠭ᠎ᠠ ᠶᠢ ᠨᠡᠩ ᠠᠮᠤᠷ ᠲᠦᠪᠰᠢᠨ᠂ ᠠᠵᠤ ᠦᠢᠯᠡᠰ ᠤᠨ ᠦᠷ᠎ᠡ ᠠᠰᠢᠭ ᠢ ᠨᠡᠩ ᠲᠣᠪᠣᠶᠢᠮ᠎ᠠ ᠪᠣᠯᠭᠠᠭᠰᠠᠨ᠂ ᠡᠩᠨᠡᠭᠡᠨ ᠤ ᠰᠢᠰᠲ᠋ᠧᠮ ᠢ ᠨᠡᠩ ᠪᠦᠷᠢᠨᠰᠢᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠨᠡᠩ ᠲᠡᠷᠢᠭᠦᠨ ᠤ ᠪᠣᠯᠭᠠᠭᠰᠠᠨ᠂ ᠮᠠᠯ ᠵᠢᠭᠦᠷᠲᠡᠨ ᠤ ᠪᠦᠲᠦᠭᠡᠭᠳᠡᠬᠦᠨ ᠢ ᠲᠣᠭᠲᠠᠭᠤᠨ ᠢᠶᠠᠷ ᠬᠠᠩᠭᠠᠭᠰᠠᠨ ᠠᠮᠢ ᠠᠬᠤᠢ ᠶᠢᠨ ᠥᠨᠳᠥᠷ ᠪᠦᠲᠦᠮᠵᠢᠲᠡᠶ ᠲᠡᠵᠢᠭᠡᠨ ᠦᠷᠡᠵᠢᠭᠦᠯᠬᠦ ᠦᠢᠯᠡᠰ ᠤᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ᠨᠢᠭᠡ ᠪᠦᠯᠦᠭ ᠨᠡᠷ᠎ᠡ ᠴᠤᠤ ᠲᠠᠢ᠂ ᠢᠷᠠᠭᠤ ᠠᠯᠳᠠᠷ ᠢᠶᠠᠷ ᠰᠠᠶᠢᠨ᠂ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ ᠪᠠᠷ ᠥᠨᠳᠥᠷ ᠮᠠᠯ ᠵᠢᠭᠦᠷᠲᠡᠨ ᠤ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠬᠥᠭᠵᠢᠭᠦᠯᠦᠨ᠎ᠡ᠃ᠮᠠᠯ ᠵᠢᠭᠦᠷᠲᠡᠨ ᠤ ᠠᠰᠢᠭ ᠰᠢᠮ᠎ᠡ ᠶᠢ ᠴᠢᠨᠠᠷ ᠰᠠᠶᠢᠲᠠᠢ ᠪᠥᠭᠡᠳ ᠭᠦᠢᠴᠡᠳ ᠬᠠᠩᠭᠠᠬᠤ᠂ ᠠᠮᠢᠲᠠᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠦᠲᠦᠮᠵᠢᠲᠡᠶ ᠪᠠᠷ ᠬᠢᠨᠠᠨ ᠬᠠᠮᠢᠶᠠᠷᠬᠤ᠂ ᠠᠮᠢᠲᠠᠨ ᠤ ᠬᠢᠵᠢᠭ ᠡᠪᠡᠳᠴᠢᠨ ᠢ ᠥᠨᠳᠥᠷ ᠪᠦᠲᠦᠮᠵᠢᠲᠡᠶ ᠪᠠᠷ ᠡᠮᠬᠢ ᠵᠢᠷᠤᠮ ᠲᠠᠢ ᠪᠠᠷ ᠰᠡᠷᠭᠡᠶᠢᠯᠡᠨ ᠬᠢᠵᠠᠭᠠᠷᠯᠠᠬᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠣᠬᠢᠴᠠᠯᠳᠤᠭᠰᠠᠨ ᠤᠳᠤ ᠦᠶ᠎ᠡ ᠶᠢᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠵᠤ ᠦᠢᠯᠡᠰ ᠢ ᠬᠦᠴᠦᠯᠡᠨ ᠪᠤᠢ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠳᠠᠪᠤᠷᠢ ᠶᠢ ᠳᠠᠰᠤᠷᠠᠯᠳᠠ ᠦᠭᠡᠢ ᠴᠢᠩᠭᠠᠷᠠᠭᠤᠯᠤᠨ᠎ᠠ᠃ᠬᠤᠶᠠᠷ᠂ ᠲᠥᠯᠦᠪᠵᠢᠭᠦᠯᠭᠡ ᠶᠢᠨ ᠨᠢᠭᠡᠴᠡ ᠶᠢᠨ ᠦᠨᠳᠦᠰᠦᠨ ᠮᠡᠳᠡᠭᠡ ᠵᠠᠩᠭᠢᠪᠦᠲᠦᠭᠡᠨ ᠪᠠᠶᠢᠭᠤᠯᠤᠯᠲᠠ ᠶᠢᠨ ᠨᠢᠭᠡᠴᠡ᠄ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠᠬᠠᠷᠢᠯᠴᠠᠬᠤ ᠬᠥᠮᠥᠨ᠄ ᠸᠠᠩ ᠡᠷᠬᠢᠯᠡᠭᠴᠢ ᠶᠢᠨ ᠬᠠᠷᠢᠯᠴᠠᠬᠤ ᠤᠲᠠᠰᠤ᠄ 15847425803ᠬᠠᠶ᠋ᠢᠭ᠄ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠰᠢᠶᠠᠩ ᠶᠠᠩ ᠭᠤᠳᠤᠮᠵᠢ ᠶᠢᠨ ᠵᠦᠸᠧᠽᠢ ᠬᠤᠶᠠᠷ ᠤᠨ ᠳᠤᠮᠳᠠ ᠵᠡᠭᠦᠨ ᠲᠠᠯ᠎ᠠᠭᠤᠷᠪᠠ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠨᠢᠭᠡᠴᠡ ᠶᠢᠨ ᠦᠨᠳᠦᠰᠦᠨ ᠮᠡᠳᠡᠭᠡ ᠵᠠᠩᠭᠢᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠡᠳ᠋ ᠬᠥᠷᠥᠩᠭᠡ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨᠬᠠᠷᠢᠯᠴᠠᠬᠤ ᠬᠥᠮᠥᠨ᠄ ᠦ᠋ ᠳᠠᠭᠠᠭᠠᠮᠠᠯ ᠤᠨ ᠬᠠᠷᠢᠯᠴᠠᠬᠤ ᠤᠲᠠᠰᠤ᠄ 15389710969ᠳᠥᠷᠪᠡ᠂ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠶᠢᠨ ᠪᠢᠴᠢᠭ ︵ᠪᠦᠷᠢᠨ ᠳᠡᠪᠲᠡᠷ︶ ᠢ ᠣᠯᠬᠤ ᠠᠷᠭ᠎ᠠ ᠵᠠᠮ1. ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠶᠢᠨ ᠪᠢᠴᠢᠭ ᠤᠨ ᠪᠦᠷᠢᠨ ᠳᠡᠪᠲᠡᠷᠰᠦᠯᠵᠢᠶᠡᠨ ᠤ ᠴᠥᠷᠬᠡᠯᠡᠭᠡ᠄ ᠴᠥᠷᠬᠡᠯᠡᠭᠡ᠄Https://pan.baidu.com/s/1moo2DOgssudJhhrl Nb48fg? Pwd=s0au ᠭᠠᠷᠭᠠᠨ ᠠᠪᠬᠤ ᠺᠣᠳ᠋᠄ s0au2᠂ ᠠᠯᠪᠠᠨ ᠣᠷᠬᠤᠳᠠᠢ ᠶᠢᠨ ᠲᠣᠳᠣᠷᠬᠠᠶᠢᠯᠠᠯᠲᠠᠰᠦᠯᠵᠢᠶᠡᠨ ᠤ ᠴᠥᠷᠬᠡᠯᠡᠭᠡ᠄Https://pan.baidu.com/s/1rt6hxZMXM4BiHy3NVvSLwwPwd=50pv ᠠᠴᠠ ᠭᠠᠷᠭᠠᠨ ᠠᠪᠬᠤ ᠺᠣᠳ᠋᠄ 50pvᠴᠠᠭᠠᠰᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠬᠦ ᠠᠷᠭ᠎ᠠ ᠵᠠᠮ᠄ ᠺᠣᠮᠫᠠᠨᠢ ᠪᠠᠶᠢᠴᠠᠭᠠᠨ ᠦᠵᠡᠬᠦᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳᠰᠠᠨᠠᠯ ᠬᠤᠷᠢᠶᠠᠬᠤ ᠣᠯᠠᠨ ᠨᠡᠶᠢᠲᠡ ᠶᠢᠨ ᠬᠦᠷᠢᠶ᠎ᠡ ᠬᠡᠪᠴᠢᠶ᠎ᠡ ᠳᠤ ᠭᠤᠣᠯᠳᠠᠭᠤ ᠲᠥᠯᠦᠪᠵᠢᠭᠦᠯᠭᠡ ᠶᠢᠨ ᠬᠦᠷᠢᠶ᠎ᠡ ᠬᠡᠪᠴᠢᠶᠡᠨ ᠳᠠᠬᠢ ᠰᠠᠭᠤᠭᠠᠯᠢ ᠠᠷᠠᠳ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ᠎ᠠ᠂ ᠡᠭᠦᠨ ᠳᠤ ᠲᠠᠨ ᠤ ᠲᠣᠰ ᠲᠥᠯᠦᠪᠵᠢᠭᠦᠯᠭᠡ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠶᠠᠮᠠᠷ ᠰᠠᠨᠠᠭᠤᠯᠭ᠎ᠠ ᠪᠠ ᠱᠠᠭᠠᠷᠳᠠᠯᠭ᠎ᠠ ᠲᠠᠢ ᠪᠠᠶᠢᠬᠤ ᠵᠡᠷᠭᠡ ᠭᠤᠣᠯ ᠵᠦᠢᠯ ᠤᠳ ᠪᠠᠭᠲᠠᠨ᠎ᠠ᠃ᠵᠢᠷᠭᠤᠭ᠎ᠠ᠂ ᠤᠯᠠᠨ ᠨᠡᠶᠢᠲᠡ ᠶᠢᠨ ᠰᠠᠨᠠᠯ ᠳᠤᠷᠠᠳᠬᠤ ᠭᠤᠣᠯ ᠠᠷᠭ᠎ᠠ ᠮᠠᠶ᠋ᠢᠭᠲᠠ ᠳᠣᠣᠷᠠᠬᠢ ᠠᠯᠢ ᠨᠢᠭᠡ ᠵᠦᠢᠯ ᠤᠨ ᠠᠷᠭ᠎ᠠ ᠪᠠᠷ ᠥᠪᠡᠷ ᠤᠨ ᠰᠠᠨᠠᠯ ᠢᠶᠠᠨ ᠪᠢᠳᠡᠨ ᠳᠤ ᠬᠠᠷᠢᠭᠤ ᠲᠤᠰᠬᠠᠵᠤ ᠪᠣᠯᠣᠨ᠎ᠠ᠄1. ᠬᠠᠷᠢᠯᠴᠠᠬᠤ ᠤᠲᠠᠰᠤ ᠠᠪᠤᠨ᠎ᠠ᠃2. ᠵᠠᠬᠢᠳᠠᠯ᠂ ᠹᠠᠺᠰ᠂ ᠡᠯᠧᠺᠲᠷᠣᠨ ᠰᠢᠤᠳᠠᠨ ᠤ ᠵᠦᠢᠯ ᠤᠨ ᠬᠡᠯᠪᠡᠷᠢ ᠶᠢ ᠬᠡᠷᠡᠭᠯᠡᠨ᠎ᠡ᠃3᠂ ᠣᠯᠠᠨ ᠨᠡᠶᠢᠲᠡ  ᠶᠢᠨ ᠰᠠᠨᠠᠯ  ᠤᠨ ᠬᠦᠰᠦᠨᠦᠭ  ᠢ ᠲᠠᠭᠯᠠᠨ᠎ᠠ᠃ᠳᠣᠯᠤᠭ᠎ᠠ᠂ ᠣᠯᠠᠨ ᠨᠡᠶᠢᠲᠡ ᠶᠢᠨ ᠳᠤᠷᠠᠳᠤᠭᠰᠠᠨ ᠰᠠᠨᠠᠯ ᠤᠨ ᠡᠬᠢᠯᠡᠵᠦ ᠳᠠᠭᠤᠰᠬᠤ ᠴᠠᠭᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠣᠨ᠎ᠠ᠂ 2022 ᠣᠨ ᠤ 6 ᠰᠠᠷ᠎ᠠ ᠶᠢᠨ 1 ᠤ ᠡᠳᠦᠷ ᠠᠴᠠ 2022 ᠣᠨ ᠤ 6 ᠰᠠᠷ᠎ᠠ ᠶᠢᠨ 8 ᠤ ᠡᠳᠦᠷ ᠪᠣᠯᠲᠠᠯ᠎ᠠ᠃ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠨᠳᠣᠣ ᠰᠠᠨᠠᠯ ᠲᠠᠢ᠂ ᠮᠠᠳᠠᠭ ᠲᠠᠢ ᠪᠤᠶᠤ ᠰᠠᠨᠠᠭᠤᠯᠭ᠎ᠠ ᠲᠠᠢ ᠣᠯᠠᠨ ᠨᠡᠶᠢᠲᠡ ᠪᠠᠷ ᠢᠶᠠᠨ ᠪᠦᠲᠦᠭᠡᠨ ᠪᠠᠶᠢᠭᠤᠯᠬᠤ ᠨᠢᠭᠡᠴᠡ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠢᠭᠡᠴᠡ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠷᠢᠯᠴᠠᠵᠤ ᠰᠠᠨᠠᠯ ᠪᠤᠶᠤ ᠰᠠᠨᠠᠭᠤᠯᠭ᠎ᠠ ᠪᠠᠨ ᠳᠤᠷᠠᠳᠴᠤ ᠪᠣᠯᠣᠨ᠎ᠠ᠃                                ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                                2022 ᠣᠨ ᠤ 6 ᠰᠠᠷ᠎ᠠ ᠶᠢᠨ 1 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2