ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠶᠢ ᠤᠷᠢᠳᠠᠪᠠᠷ ᠠᠷᠪᠢᠯᠠᠬᠤ | -- ᠵᠦᠸᠧᠽᠢ ᠰᠢᠶᠠᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ | ᠪᠥᠬᠦ ᠰᠢᠶᠠᠨ ᠤ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠳᠤ | ᠄ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠥᠷᠭᠡᠨ ᠢᠶᠠᠷ | ᠤᠬᠠᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠲᠥᠯᠥᠨ ᠳᠠᠭᠠᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ ᠪᠣᠬᠢᠷᠳᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ᠵᠦᠸᠧᠽᠢ ᠰᠢᠶᠠᠨ ᠤ ᠪᠠᠶᠢᠭᠤᠯᠤᠯᠭ᠎ᠠ ᠶᠢᠨ ᠶᠠᠪᠤᠳᠠᠯ ᠤᠨ | ᠦᠢᠯᠡᠴᠢᠯᠡᠭᠡᠨ ᠤ ᠲᠥᠪ ᠠᠴᠠ ᠪᠦᠬᠦ ᠰᠢᠶᠠᠨ ᠤ ᠡᠯ᠎ᠡ ᠱᠠᠲᠤᠨ ᠤ ᠤᠯᠠᠨ ᠨᠡᠶᠢᠲᠡ ᠶᠢᠨ ᠪᠠᠶᠢᠭᠤᠯᠤᠮᠵᠢ ᠵᠢᠴᠢ ᠪᠦᠬᠦ | ᠺᠠᠳ᠋ᠷ ᠠᠵᠢᠯᠲᠠᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | | ᠨᠢᠭᠡ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ ᠶᠢ | ᠤᠷᠢᠳᠠᠪᠠᠷ ᠬᠡᠷᠡᠭᠵᠢᠭᠦᠯᠦᠭᠰᠡᠨ ᠤᠬᠠᠭᠤᠯᠤᠭᠴᠢ ᠪᠣᠯᠬᠤ ᠪᠠᠷ ᠴᠢᠷᠮᠠᠶᠢᠨ᠎ᠠ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠪᠠ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠤᠶᠠᠯᠳᠤᠭᠤᠯᠵᠤ᠂ ᠳᠥᠭᠦᠮ | ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ | ᠮᠠᠶ᠋ᠢᠭ ᠪᠠ ᠠᠵᠢᠯᠯᠠᠬᠤ ᠣᠶᠢᠯᠠᠭᠠᠭᠳᠠᠬᠤᠨ ᠢ ᠰᠠᠨᠠᠭᠠᠴᠢᠯᠠᠵᠤ᠂ ︽ᠡᠨᠧᠷᠭᠢ ᠠᠷᠪᠢᠯᠠᠬᠤ ᠳᠤ ᠪᠢ ᠪᠠᠶᠢᠬᠤ︾ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠳᠡᠷᠭᠡᠳᠡᠬᠢ ᠬᠠᠮᠲᠤ ᠠᠵᠢᠯᠯᠠᠭᠴᠢ᠂ ᠨᠠᠶᠢᠵᠢ᠂ ᠭᠡᠷ ᠤᠨ ᠬᠥᠮᠥᠰ ᠢᠶᠠᠨ | ᠤᠬᠠᠮᠰᠠᠷ ᠠᠴᠠ ᠪᠠᠨ ᠡᠨᠧᠷᠭᠢ ᠡᠬᠢ ᠪᠠᠶᠠᠯᠢᠭ ᠢ ᠠᠷᠪᠢᠯᠠᠬᠤ ᠶᠢ ᠥᠷᠭᠡᠨ ᠢᠶᠠᠷ ᠲᠠᠶᠢᠴᠢᠯᠠᠵᠤ᠂ ᠪᠣᠬᠢᠷᠳᠤᠯ ᠦᠭᠡᠢ | ᠬᠥᠭᠵᠢᠯᠲᠡ᠂ ᠠᠷᠪᠢᠯᠠᠨ ᠭᠠᠮᠨᠠᠬᠤ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠨ᠎ᠠ᠃ | ᠬᠤᠶᠠᠷ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ ᠶᠢ ᠤᠷᠢᠳᠠᠪᠠᠷ | ᠬᠡᠷᠡᠭᠵᠢᠭᠦᠯᠦᠭᠰᠡᠨ ᠠᠵᠢᠯᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ | ︵ᠨᠢᠭᠡ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠲᠥᠯᠥᠨ ᠳᠠᠭᠠᠭᠤᠯᠬᠤ | ᠠᠵᠢᠯᠯᠠᠭ᠎ᠠ ᠳᠤ ᠤᠬᠠᠮᠰᠠᠷ ᠠᠴᠠ ᠪᠠᠨ ᠣᠷᠤᠯᠴᠠᠬᠤ ᠬᠡᠷᠡᠭᠲᠡᠢ᠃ᠣᠷᠴᠢᠯᠳᠤᠭᠤᠯᠤᠨ ᠠᠰᠢᠭᠯᠠᠬᠤ ᠦᠵᠡᠯ | ᠤᠬᠠᠮᠰᠠᠷ ᠢ ᠴᠢᠩᠭᠠᠷᠠᠭᠤᠯᠵᠤ᠂ ᠨᠢᠭᠡ ᠵᠦᠢᠯ ᠤᠨ ᠪᠣᠳᠠᠰ ᠢ ᠤᠯᠠᠨ ᠲᠠᠯ᠎ᠠ ᠪᠠᠷ ᠬᠡᠷᠡᠭᠯᠡᠬᠦ ᠶᠢ ᠴᠢᠷᠮᠠᠶᠢᠨ ᠪᠡᠶᠡᠯᠡᠭᠦᠯᠵᠦ᠂ | ᠨᠢᠭᠡ ᠯᠡ ᠤᠳᠠᠭ᠎ᠠ ᠶᠢᠨ ᠴᠢᠨᠠᠷᠲᠠᠢ ᠰᠦᠯᠢᠶᠥᠦ ᠪᠦᠲᠦᠭᠡᠭᠳᠡᠬᠦᠨ ᠬᠡᠷᠡᠭᠯᠡᠬᠦ ᠶᠢ ᠲᠦᠷᠦᠭᠦᠯᠡᠨ ᠪᠠᠭᠠᠰᠬᠠᠵᠤ᠂ ᠵᠠᠳᠠᠷᠠᠵᠤ | ᠪᠣᠯᠬᠤ ᠪᠦᠲᠦᠭᠡᠭᠳᠡᠬᠦᠨ ᠢ ᠢᠳᠡᠪᠬᠢᠲᠡᠢ ᠬᠡᠷᠡᠭᠯᠡᠵᠦ᠂ ᠴᠠᠭᠠᠨ ᠥᠩᠭᠡᠲᠦ ᠪᠣᠬᠢᠷᠳᠤᠯ ᠢ ᠬᠤᠷᠢᠭᠯᠠᠨ ᠵᠣᠭᠰᠣᠭᠠᠨ᠎ᠠ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠠᠳᠬᠠᠯ ᠢ ᠶᠡᠬᠡᠪᠡᠷ ᠬᠥᠮᠥᠵᠢᠭᠦᠯᠵᠦ᠂ ᠬᠠᠮᠢᠶ᠎ᠠ ᠪᠦᠬᠦᠢ | ᠮᠡᠳᠡᠯᠭᠡ ᠪᠠ ᠮᠡᠷᠭᠡᠵᠢᠯ ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠡᠵᠡᠮᠰᠢᠨ᠂ ᠰᠢᠨᠵᠢᠯᠡᠬᠦ ᠤᠬᠠᠭᠠᠨᠴᠢ ᠪᠠᠷ | ᠲᠥᠷᠥᠯ ᠬᠤᠪᠢᠶᠠᠵᠤ᠂ ᠵᠦᠢ ᠵᠣᠬᠢᠰᠲᠠᠢ ᠪᠠᠷ ᠬᠠᠶᠠᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ | ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠡᠶᠡᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ | ︵ᠬᠤᠶᠠᠷ︶ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠳᠤ ᠤᠬᠠᠮᠰᠠᠷ ᠠᠴᠠ ᠪᠠᠨ | ᠣᠷᠤᠯᠴᠠᠬᠤ ᠬᠡᠷᠡᠭᠲᠡᠢ᠃ᠡᠬᠢ ᠪᠠᠶᠠᠯᠢᠭ ᠢ ᠠᠷᠪᠢᠯᠠᠨ ᠭᠠᠮᠨᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠦᠶᠯᠡ ᠠᠵᠢᠯᠯᠠᠭ᠎ᠠ ᠶᠢᠨ ᠠᠷᠪᠢᠯᠠᠨ ᠭᠠᠮᠨᠠᠬᠤ ᠶᠢ ᠴᠢᠩᠭᠠᠷᠠᠭᠤᠯᠤᠨ᠂ ᠨᠢᠭᠡ ᠭᠷᠡᠳᠦ᠋ᠰ ᠴᠠᠬᠢᠯᠭᠠᠨ᠂ ᠳᠤᠰᠤᠯ ᠤᠰᠤ᠂ | ᠴᠠᠭᠠᠰᠤ ᠨᠢᠭᠡᠪᠦᠷᠢ ᠶᠢ ᠨᠠᠨᠳᠢᠩᠨᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠷᠠᠭᠤᠯᠤᠨ᠎ᠠ᠃ᠠᠶᠠᠨᠳᠠᠭᠠᠨ ᠬᠡᠷᠡᠯ ᠠᠪᠬᠤ ᠶᠢ ᠡᠷᠬᠢᠮᠯᠡᠵᠦ᠂ ︽ | ᠡᠳᠦᠷ ᠤᠨ ᠳ᠋ᠧᠩ︾ ︽ᠮᠥᠩᠬᠡ ᠬᠡᠷᠡᠯᠳᠦ ᠳ᠋ᠧᠩ︾ ᠢ ᠡᠷᠡᠰ ᠬᠤᠷᠢᠭᠯᠠᠬᠤ ᠬᠡᠷᠡᠭᠲᠡᠢ᠃ᠠᠭᠠᠷ ᠵᠤᠬᠢᠴᠠᠭᠤᠯᠤᠭᠤᠷ᠂ | ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠴᠠᠬᠢᠯᠭᠠᠨ ᠠᠷᠪᠢᠯᠠᠬᠤ | ᠵᠠᠭᠪᠤᠷ ᠢ ᠡᠬᠢᠯᠡᠨ ᠬᠡᠷᠡᠭᠯᠡᠵᠦ᠂ ᠬᠡᠷᠡᠭᠯᠡᠵᠦ ᠪᠠᠷᠠᠪᠠᠯ ᠴᠠᠬᠢᠯᠭᠠᠨ ᠡᠭᠦᠰᠬᠡᠭᠴᠢ ᠶᠢ ᠴᠠᠭ ᠲᠤᠬᠠᠢ ᠳᠤᠨᠢ ᠲᠠᠰᠤᠯᠬᠤ | ᠬᠡᠷᠡᠭᠲᠡᠢ᠃ᠴᠠᠭᠠᠰᠤ ᠬᠡᠷᠡᠭᠯᠡᠬᠦ ᠦᠭᠡᠢ ᠪᠠᠷ ᠠᠵᠢᠯᠯᠠᠬᠤ ᠶᠢ ᠢᠳᠡᠪᠬᠢᠲᠡᠢ ᠳᠡᠯᠭᠡᠷᠡᠭᠦᠯᠵᠦ᠂ ᠬᠤᠶᠠᠷ ᠲᠠᠯᠠᠲᠤ ᠴᠠᠭᠠᠰᠤ ᠶᠢ | ᠬᠡᠷᠡᠭᠯᠡᠬᠦ ᠬᠡᠷᠡᠭᠲᠡᠢ᠃︽135︾ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ ᠤᠨ ᠠᠷᠭ᠎ᠠ ᠮᠠᠶ᠋ᠢᠭ ᠢ | ᠦᠢᠯᠡᠳᠦᠯᠭᠡᠵᠢᠭᠦᠯᠵᠦ᠂ ᠪᠣᠬᠢᠷᠳᠤᠯ ᠦᠭᠡᠢ ᠠᠶᠠᠯᠠᠯ ᠢ ᠪᠡᠶᠡᠯᠡᠭᠦᠯᠦᠨ᠎ᠡ᠃ | ︵ᠭᠤᠷᠪᠠ︶ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯ ᠳᠤ ᠤᠬᠠᠮᠰᠠᠷ ᠠᠴᠠ ᠪᠠᠨ | ᠣᠷᠤᠯᠴᠠᠬᠤ ᠬᠡᠷᠡᠭᠲᠡᠢ᠃ᠠᠯᠢ ᠴᠢᠳᠠᠬᠤ ᠪᠠᠷ ᠠᠷᠪᠢᠯᠠᠨ ᠭᠠᠮᠨᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ | ᠣᠶᠢᠯᠠᠭᠠᠭᠳᠠᠬᠤᠨ ᠢ ᠪᠤᠢ ᠪᠣᠯᠭᠠᠵᠤ᠂ ᠤᠳᠤ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ | ᠬᠡᠷᠡᠭᠲᠡᠢ᠃ᠬᠤᠭᠤᠯᠠ ᠪᠤᠳᠠᠭ᠎ᠠ ᠪᠠᠨ ᠨᠠᠨᠳᠢᠩᠨᠠᠵᠤ᠂ ᠮᠥᠬᠦᠯᠢᠭ ᠠᠮᠤ ᠪᠤᠳᠠᠭ᠎ᠠ ᠪᠠᠨ ᠠᠷᠪᠢᠯᠠᠵᠤ᠂ ᠰᠢᠨᠵᠢᠯᠡᠬᠦ | ᠤᠬᠠᠭᠠᠨᠴᠢ ᠪᠠᠷ ᠬᠤᠭᠤᠯᠠ ᠵᠠᠬᠢᠶᠠᠯᠠᠵᠤ᠂ ᠪᠣᠯᠪᠠᠰᠤᠨ ᠢᠶᠠᠷ ᠬᠤᠭᠤᠯᠠ ᠢᠳᠡᠬᠦ ᠶᠢ ᠪᠡᠶᠡᠯᠡᠭᠦᠯᠵᠦ᠂ ︽ᠬᠤᠭᠤᠰᠤᠨ | ᠬᠤᠭᠤᠰᠤᠨ ᠠᠵᠢᠯᠯᠠᠭ᠎ᠠ︾ ᠶᠢ ᠡᠴᠦᠰ ᠲᠤᠨᠢ ᠲᠤᠯᠲᠠᠯ᠎ᠠ ᠶᠠᠪᠤᠭᠳᠠᠭᠤᠯᠤᠨ᠎ᠠ᠃ᠱᠠᠯᠢᠨ ᠪᠦᠷᠢᠯᠭᠡᠬᠦ ᠵᠡᠷᠭᠡ ᠮᠠᠭᠤ | ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠠᠷᠪᠢᠯᠠᠨ ᠭᠠᠮᠨᠠᠵᠤ ᠠᠷᠪᠢᠯᠠᠨ ᠭᠠᠮᠨᠠᠬᠤ ᠶᠢᠨ ᠦᠯᠢᠭᠡᠷ | ᠳᠠᠭᠤᠷᠢᠶᠠᠯ ᠪᠣᠯᠬᠤ ᠬᠡᠷᠡᠭᠲᠡᠢ᠃ | ᠭᠤᠷᠪᠠ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠬᠤ ᠶᠢ | ᠲᠡᠷᠢᠭᠦᠨ ᠳᠤ ᠲᠠᠯᠪᠢᠬᠤ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ | ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ᠠᠯᠤᠰ ᠤᠨ | ᠬᠠᠷᠠᠯᠲᠠ ᠶᠢ ᠪᠡᠶᠡᠯᠡᠭᠦᠯᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠲᠥᠯᠥᠨ | ᠳᠠᠭᠠᠭᠤᠯᠬᠤ ᠠᠵᠢᠯᠯᠠᠭ᠎ᠠ ᠶᠢ ᠬᠦᠴᠦᠲᠡᠢ ᠥᠷᠨᠢᠭᠦᠯᠬᠦ ᠳᠤ ᠡᠯ᠎ᠡ ᠱᠠᠲᠤᠨ ᠤ ᠤᠯᠠᠨ ᠨᠡᠶᠢᠲᠡ ᠶᠢᠨ ᠪᠠᠶᠢᠭᠤᠯᠤᠮᠵᠢ | ᠵᠢᠴᠢ ᠤᠯᠠᠨ ᠲᠦᠮᠡᠨ ᠤ ᠪᠣᠬᠢᠷᠳᠤᠯ ᠦᠭᠡᠢ ᠬᠥᠭᠵᠢᠯᠲᠡ ᠶᠢᠨ ᠤᠭ ᠰᠠᠨᠠᠭ᠎ᠠ ᠶᠢ ᠪᠠᠲᠤ ᠰᠠᠬᠢᠬᠤ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠡᠭᠦᠷᠭᠡ ᠶᠢ ᠡᠭᠦᠷᠭᠡᠯᠡᠬᠦ ᠠᠴᠠ ᠰᠠᠯᠵᠤ ᠴᠢᠳᠠᠬᠤ ᠦᠭᠡᠢ ᠶᠤᠮ᠃ | ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠦᠬᠦ ᠲᠠᠯ᠎ᠠ ᠪᠠᠷ ᠪᠣᠬᠢᠷᠳᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠵᠤ ᠪᠠᠶᠢᠭ᠎ᠠ ᠣᠳᠣᠬᠠᠨ ᠳᠤ᠂ ᠪᠢᠳᠠ ᠦᠳᠲᠡᠷ ᠲᠦᠷᠭᠡᠨ ᠬᠥᠳᠡᠯᠦᠯᠴᠡᠵᠦ᠂ ᠳᠡᠷᠭᠡᠳᠡᠬᠢ | ᠪᠦᠬᠦ ᠬᠥᠮᠥᠰ ᠲᠠᠢ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠠᠭ᠎ᠠ ᠶᠠᠪᠤᠳᠠᠯ ᠠᠴᠠ ᠬᠦᠴᠦᠯᠡᠵᠦ᠂ | ᠤᠯᠠᠨ ᠲᠠᠯ᠎ᠠ ᠠᠴᠠ ᠭᠠᠷᠳᠠᠵᠤ᠂ ᠤᠬᠠᠮᠰᠠᠷ ᠠᠴᠠ ᠪᠠᠨ ᠤᠯᠠᠮᠵᠢᠯᠠᠨ ᠳᠡᠯᠭᠡᠷᠡᠭᠦᠯᠵᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠣᠶᠢᠯᠠᠭᠠᠭᠳᠠᠬᠤᠨ ᠢ ᠴᠢᠷᠮᠠᠶᠢᠨ ᠦᠢᠯᠡᠳᠦᠯᠭᠡᠵᠢᠭᠦᠯᠵᠦ᠂ | ᠡᠨᠧᠷᠭᠢ ᠡᠬᠢ ᠪᠠᠶᠠᠯᠢᠭ ᠢ ᠠᠷᠪᠢᠯᠠᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠰᠢᠨ᠎ᠡ ᠪᠠᠶᠢᠳᠠᠯ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ | | ᠵᠦᠸᠧᠽᠢ ᠰᠢᠶᠠᠨ ᠤ ᠪᠠᠶᠢᠭᠤᠯᠭ᠎ᠠ ᠶᠢᠨ | ᠶᠠᠪᠤᠳᠠᠯ ᠤᠨᠤᠶᠢᠯᠡᠴᠢᠯᠡᠭᠡᠨ ᠤ ᠲᠦᠪ | 2022 ᠣᠨ ᠤ 6 ᠰᠠᠷ᠎ᠠ ᠶᠢᠨ 13 | | |